ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/30
    6 ᠰᠠᠷ᠎ᠠ ᠶᠢᠨ 27 ᠤ ᠡᠳᠦᠷ᠂ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠬᠢᠩᠭᠠᠨ ᠠᠶᠢᠮᠠᠭ ᠤᠨ 2022 ᠣᠨ ᠤ ᠪᠡᠭᠡᠵᠢᠩ ᠦᠪᠦᠷ ᠮᠣᠩᠭᠤᠯ ᠤᠨ ᠬᠠᠮᠵᠢᠯᠴᠠᠭ᠎ᠠ ᠶᠢᠨ ᠠᠵᠢᠯ ᠤᠨ ᠭᠤᠤᠯᠳᠠᠯᠭ᠎ᠠ ︾ ︽ᠬᠢᠩᠭᠠᠨ ᠠᠶᠢᠮᠠᠭ ᠤᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠥᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠦᠯ ︵2021 — 2025 ᠣᠨ ︶ ︾ ︽ᠬᠢᠩᠭᠠᠨ ᠠᠶᠢᠮᠠᠭ ᠤᠨ ︿ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠳᠤ ᠤᠯᠤᠰ ﹀ ᠤᠨ ᠲᠤᠷᠰᠢᠯᠲᠠ ᠶᠢᠨ ᠴᠡᠭ ᠤᠨ ᠠᠶᠢᠮᠠᠭ ᠢ ᠡᠭᠦᠳᠦᠨ ᠪᠠᠶᠢᠭᠤᠯᠬᠤ ᠲᠥᠰᠦᠯ ︾ ︽ᠬᠢᠩᠭᠠᠨ ᠠᠶᠢᠮᠠᠭ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠲᠥᠰᠦᠯ ︾ ᠢ ᠬᠢᠨᠠᠨ ᠵᠥᠪᠯᠡᠵᠦ᠂ ᠬᠢᠩᠭᠠᠨ ᠠᠶᠢᠮᠠᠭ ᠤᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠵᠡᠷᠭᠡ ᠶᠠᠪᠤᠳᠠᠯ ᠢ ᠰᠤᠳᠤᠯᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠵᠢᠭᠠᠵᠦ ᠭᠠᠷᠭᠠᠭᠰᠠᠨ ᠨᠢ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠪᠣᠯ ᠨᠠᠮ ᠤᠨ ᠲᠥᠪ ᠬᠤᠷᠢᠶ᠎ᠠ ᠠᠴᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠭᠤᠣᠯᠳᠠᠭᠤᠯᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠶᠢᠲᠡᠯᠢᠭ ᠵᠢᠱᠢᠶ᠎ᠡ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠣᠨ ᠤ ᠲᠥᠰᠦᠯ ᠢᠶᠠᠨ ᠨᠠᠷᠢᠯᠢᠬᠵᠢᠭᠤᠯᠵᠤ᠂ ᠪᠡᠭᠡᠵᠢᠩ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠯᠤᠭ᠎ᠠ ᠶᠢᠨ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠭᠦᠨᠵᠡᠭᠡᠢ ᠬᠠᠮᠲᠤᠷᠠᠯᠴᠠᠭ᠎ᠠ ᠪᠠᠨ ᠲᠠᠰᠤᠷᠠᠯᠳᠡ ᠦᠭᠡᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠨᠡᠩ ᠤᠯᠠᠨ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠶᠢ ᠠᠬᠢᠭᠤᠯᠬᠤ ᠬᠡᠷᠡᠭᠲᠡᠢ ᠭᠡᠪᠠ᠃    ᠬᠤᠷᠠᠯ ᠠᠴᠠ ᠴᠢᠩᠭᠠᠳᠬᠠᠭᠰᠠᠨ ᠨᠢ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠬᠦᠷᠢᠶᠡᠨ ᠤ ᠥᠭᠡᠷᠡᠴᠢᠯᠡᠯᠲᠡ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠣᠯᠳᠠᠯᠭ᠎ᠠ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠲᠤᠬᠢᠷᠠᠭᠤᠯᠤᠯᠳᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠯᠡᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠥᠭᠡᠷᠡᠴᠢᠯᠡᠯᠲᠡ ᠶᠢᠨ ᠠᠰᠢᠭ ᠲᠤᠰᠠ ᠬᠦᠷᠳᠡᠬᠦ ᠶᠢ ᠪᠠᠳᠤᠯᠠᠬᠤ ᠬᠡᠷᠡᠭᠲᠡᠢ ᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号