ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠸᠠᠩ ᠵᠢᠩ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/30
      6 ᠰᠠᠷ᠎ᠠ ᠶᠢᠨ 29 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠸᠠᠩ ᠵᠢᠩ ᠲᠦᠴᠢᠦᠸᠠᠨ ᠰᠢᠶᠠᠨ ᠳᠤ ᠬᠦᠷᠴᠦ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠬᠢᠭᠡᠳ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠸᠠᠩ ᠶᠠᠨ ᠪᠥᠸᠧ᠂ ᠪᠦᠦ ᠬᠤᠩ ᠶᠢᠩ᠂ ᠴᠧᠨ ᠭᠦᠸᠧ ᠴᠢᠩ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠥᠸᠧ ᠵᠠᠨ ᠨᠡᠷᠡᠲᠦ ᠮᠠᠰᠢᠨ ᠲᠡᠷᠭᠡ ᠰᠡᠯᠪᠢᠨ ᠵᠠᠰᠠᠬᠤ ᠲᠥᠪ᠂ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠦ᠂ ᠮᠠᠨ ᠤ ᠰᠢᠶᠠᠨ ᠤ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠦᠴᠢᠦᠸᠠᠨ ᠰᠢᠶᠠᠨ ᠤ ᠰᠤᠷᠭᠠᠭᠤᠯᠢ ᠠᠵᠤ ᠠᠬᠤᠶᠢᠯᠠᠯ ᠤᠨ ᠰᠤᠷᠭᠠᠭᠤᠯᠢ ᠡᠷᠬᠢᠯᠡᠬᠦ᠂ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠭᠰᠠᠨ ᠤ ᠬᠠᠮᠲᠤ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠦᠷᠭᠡᠨ ᠬᠥᠭᠵᠢᠭᠦᠯᠵᠦ᠂ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠠᠬᠢᠭᠤᠯᠵᠤ᠂ ᠨᠢᠭᠡ ᠪᠦᠯᠦᠭ ᠤᠷᠠᠨ ᠲᠠᠷᠬᠠᠨ ᠤ ᠵᠣᠷᠢᠭ ᠰᠠᠨᠠᠭ᠎ᠠ ᠲᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠴᠡᠭᠡ ᠮᠥᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠭᠦᠨᠵᠡᠭᠡᠢ ᠰᠤᠳᠤᠯᠵᠤ᠂ ᠰᠤᠷᠭᠠᠭᠤᠯᠢ ᠡᠷᠬᠢᠯᠡᠬᠦ ᠠᠷᠭ᠎ᠠ ᠪᠣᠳᠣᠯᠭ᠎ᠠ ᠪᠠᠨ ᠢᠳᠡᠪᠬᠢᠲᠡᠢ ᠲᠣᠬᠢᠷᠠᠭᠤᠯᠵᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ ᠰᠢᠨ᠎ᠡ ᠵᠠᠭᠪᠤᠷ ᠢ ᠰᠦᠪᠡᠭᠴᠢᠯᠡᠵᠦ᠂ ᠰᠤᠷᠤᠭᠴᠢᠳ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠬᠥᠮᠥᠵᠢᠭᠦᠯᠬᠦ ᠶᠢ ᠴᠢᠩᠭᠠᠳᠬᠠᠵᠤ᠂ ᠴᠢᠳᠠᠪᠤᠷᠢᠲᠠᠨ ᠢ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠩ ᠣᠶᠢᠷᠠᠲᠤᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠪᠦᠬᠦᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号