ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ‌‍ᠬᠢᠪᠡ
ᠨᠡᠶᠢᠲᠡᠯᠡᠭᠰᠡᠨ ᠴᠠᠭ᠄
2022/6/30
       6 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠣᠷᠴᠢᠨ ᠲᠣᠭᠤᠷᠢᠨ ᠡᠬᠢ ᠪᠠᠶᠠᠯᠢᠭ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠯᠢᠦ ᠶᠦᠩ ᡁᠢ ᠨᠠᠷ ᠲᠦᠴᠢᠦᠸᠠᠨ ᠰᠢᠶᠠᠨ ᠳᠤ ᠬᠦᠷᠴᠦ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ᠂ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ ᠤᠨ ᠬᠠᠤᠯᠢ ᠲᠣᠭᠲᠠᠭᠠᠬᠤ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ ᠲᠦᠩ ᠪᠦ᠋ ᠯᠢᠨ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠭᠤᠸᠠᠨ ᠯᠢ ᠴᠦᠨ᠂ ᠴᠢᠦᠢ ᠲᠦᠩ ᠨᠢᠶᠠᠨ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃  ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠦᠴᠢᠦᠸᠠᠨ ᠰᠢᠶᠠᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠠ ᠲᠠᠷᠢᠶᠠᠯᠠᠩ ᠤᠨ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠪᠠᠰᠠ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠦᠴᠢᠦᠸᠠᠨ ᠰᠢᠶᠠᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠠ ᠲᠠᠷᠢᠶᠠᠯᠠᠩ ᠤᠨ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠦᠢᠴᠡᠳ ᠨᠤᠲᠠᠯᠠᠵᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠪᠠ ᠪᠣᠬᠢᠷ ᠤᠰᠤ ᠶᠢ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠲᠠᠯ᠎ᠠ ᠪᠠᠷ ᠪᠣᠭᠤᠮᠲᠠ ᠶᠢ ᠤᠷᠤᠭᠰᠢ ᠰᠢᠯᠵᠢᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠤᠯᠠᠨ ᠲᠦᠮᠡᠨᠴᠢ ᠦᠵᠡᠯᠲᠡ ᠶᠢ ᠬᠤᠪᠢᠷᠠᠭᠤᠯᠵᠤ᠂ ᠵᠤᠯᠤᠮ᠎ᠠ ᠪᠦᠷᠬᠦᠪᠴᠢ ᠶᠢᠨ ᠲᠠᠷᠢᠶᠠᠨ ᠭᠠᠵᠠᠷ ᠢ ᠪᠣᠬᠢᠷᠲᠤᠭᠤᠯᠬᠤ ᠶᠢ ᠦᠨᠡᠨ ᠬᠦ ᠪᠠᠭᠠᠰᠬᠠᠵᠤ᠂ ᠥᠷᠭᠡᠨ ᠤᠯᠠᠨ ᠲᠦᠮᠡᠨ ᠤ ᠣᠷᠴᠢᠨ ᠠᠬᠤᠢ ᠶᠢ ᠬᠠᠮᠠᠭᠠᠯᠠᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠪᠡ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠲᠦᠴᠢᠦᠸᠠᠨ ᠪᠠᠯᠭᠠᠰᠤ ᠶᠢᠨ ᠫᠢᠩ ᠴᠤᠸᠠᠨ ᠲᠣᠰᠬᠤᠨ᠂  ᠱᠤ᠋ ᠭᠤᠸᠠᠩ ᠬᠦᠷᠢᠶᠡᠯᠡᠩ ᠲᠣᠭᠤᠷᠢᠭ᠂ ᠵᠢᠦᠢ ᠮᠧᠢ ᠾᠧᠩ ᠭᠦᠸᠧ ᠲᠦᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ᠂ ᠲᠠᠢ ᠫᠢᠩ ᠰᠢᠶᠠᠩ ᠤᠨ ᠦ᠋ ᠰᠢᠩ ᠲᠣᠰᠬᠤᠨ᠂ ᠱᠦᠢ ᠴᠢᠤᠸᠠᠨ ᠪᠠᠯᠭᠠᠰᠤ ᠶᠢᠨ ᠾᠧ ᠹᠠ ᠲᠣᠰᠬᠤᠨ ᠳᠤ ᠭᠦᠨᠵᠡᠭᠡᠶᠢᠷᠡᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠠ ᠲᠠᠷᠢᠶᠠᠯᠠᠩ ᠤᠨ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号