ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ﹀ ᠴᠢᠳᠠᠪᠤᠷᠢ ᠶᠢ ᠳᠡᠭᠡᠭᠰᠢᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/7/1
     ᠲᠦᠴᠢᠣᠸᠠᠨ ᠵᠠᠰᠠᠭ ᠠᠯᠪᠠᠨ ᠲᠠᠷᠬᠠᠭᠠᠭᠰᠠᠨ ﹇2022﹈ 46 ᠳ᠋ᠤᠭᠠᠷ ᠲᠣᠭᠠᠲᠤ    ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ﹀ ᠴᠢᠳᠠᠪᠤᠷᠢ ᠶᠢ ᠳᠡᠭᠡᠭᠰᠢᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ     ︽ᠲᠦᠴᠢᠦᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ﹀ ᠴᠢᠳᠠᠪᠤᠷᠢ ᠶᠢ ᠳᠡᠭᠡᠭᠰᠢᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                 2022 ᠣᠨ ᠤ 5 ᠰᠠᠷ᠎ᠠ ᠶᠢᠨ 27  ᠤ ᠡᠳᠦᠷ      ᠲᠦᠴᠢᠦᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ᠴᠢᠳᠠᠪᠤᠷᠢ ᠶᠢ ᠳᠡᠭᠡᠭᠰᠢᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠲᠥᠰᠥᠯ     ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠴᠢᠳᠠᠪᠤᠷᠢ ᠶᠢ ᠪᠦᠬᠦ ᠲᠠᠯ᠎ᠠ  ᠪᠠᠷ ᠳᠡᠭᠡᠭᠰᠢᠯᠡᠭᠦᠯᠬᠦ ᠶᠢᠨ ᠲᠥᠯᠥᠭᠡ᠂ ᠰᠢᠰᠲ᠋ᠧᠮ ᠢ ᠵᠣᠯᠭᠠᠭᠤᠯᠬᠤ ᠳᠤ ᠬᠦᠴᠢᠷ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠳᠤ ᠬᠦᠴᠢᠷ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠳᠤ ᠬᠦᠴᠢᠷ᠂ ᠳᠡᠯᠭᠡᠷᠡᠭᠦᠯᠦᠨ ᠬᠡᠷᠡᠭᠯᠡᠬᠦ ᠳᠤ ᠬᠦᠴᠢᠷ᠂ ᠰᠦᠯᠵᠢᠶᠡᠨ ᠤ ᠠᠯᠪᠠᠨ ᠭᠡᠷ ᠤᠨ ᠬᠢᠷᠢ ᠬᠡᠮᠵᠢᠶ᠎ᠡ ᠳᠣᠣᠷ᠎ᠠ ᠵᠡᠷᠭᠡ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠪᠣᠯᠣᠨ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2022﹈ 5 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠢᠶᠠᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 4 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃         ᠨᠢᠭᠡ᠂ ᠠᠵᠢᠯ ᠤᠨ ᠬᠠᠷᠠᠯᠲᠠ     ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠵᠢᠷᠭᠤᠭ᠎ᠠ ᠶᠢ ᠨᠢᠭᠡᠳᠦᠯᠲᠡᠢ ᠪᠠᠶᠢᠯᠭᠠᠬᠤ︾ ᠲᠠᠪᠴᠠᠩ ᠢᠶᠠᠷ ᠲᠤᠯᠭᠠᠭᠤᠷᠢᠯᠠᠯ ᠪᠣᠯᠭᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢ ᠠᠬᠢᠭᠤᠯᠵᠤ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ ᠭᠦᠢᠴᠡᠳᠬᠡᠬᠦ᠂ ᠶᠡᠷᠦᠩᠬᠡᠶᠢᠯᠡᠨ ᠬᠠᠮᠢᠶᠠᠷᠬᠤ ᠶᠢ ᠨᠢᠭᠡ ᠴᠣᠭᠴᠠᠵᠢᠭᠤᠯᠤᠭᠰᠠᠨ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠵᠢᠷᠤᠮᠵᠢᠭᠤᠯᠬᠤ ᠪᠠᠷ ᠳᠠᠮᠵᠢᠭᠤᠯᠤᠨ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ ᠳᠠᠬᠢᠨ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ︾ ᠶᠢ ᠪᠡᠶᠡᠯᠡᠭᠦᠯᠦᠨ᠎ᠡ᠃ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠵᠣᠯᠭᠠᠯᠴᠠᠭ᠎ᠠ ᠶᠢ ᠠᠬᠢᠭᠤᠯᠬᠤ ᠪᠠᠷ ᠳᠠᠮᠵᠢᠭᠤᠯᠤᠨ᠂ ︽ᠮᠡᠳᠡᠭᠡ ᠵᠠᠩᠭᠢ ᠶᠢᠨ ᠥᠨᠥᠴᠢᠨ ᠠᠷᠠᠯ︾ ᠢ ᠪᠦᠲᠦᠮᠵᠢᠲᠡᠶ ᠠᠷᠢᠯᠭᠠᠵᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠨ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠬᠠᠷᠢᠴᠠᠯ ᠢ 100% ᠳᠤ ᠬᠦᠷᠦᠭᠦᠯᠵᠦ ᠂ ︽ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ︾ ᠶᠢᠨ ᠬᠠᠷᠢᠴᠠᠯ ᠢ 80%   ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃       ᠬᠤᠶᠠᠷ᠂ ᠬᠡᠷᠡᠭᠵᠢᠭᠦᠯᠬᠦ ᠠᠯᠬᠤᠮ ᠳᠠᠷᠠᠭ᠎ᠠ   ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2022 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ︶᠃ ︽ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ ︽ᠴᠢᠳᠠᠪᠤᠷᠢ ᠶᠢ ᠳᠡᠭᠡᠭᠰᠢᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠲᠥᠰᠥᠯ︾ ᠢ ᠲᠣᠭᠲᠠᠭᠠᠵᠤ᠂ ᠳᠠᠶᠢᠴᠢᠯᠠᠯᠲᠠ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠡᠯ᠎ᠡ ᠨᠢᠭᠡᠴᠡ ᠲᠣᠰ ᠲᠥᠰᠥᠯ ᠲᠠᠢ ᠬᠠᠷᠢᠴᠠᠭᠤᠯᠤᠨ᠂ ᠠᠵᠢᠯ ᠤᠨ ᠲᠤᠰᠬᠠᠢ ᠠᠩᠭᠢ ᠶᠢ ᠲᠦᠷᠭᠡᠳᠬᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠡᠮᠬᠢᠯᠡᠨ ᠳᠢᠭᠯᠡᠵᠦ᠂ ᠦᠢᠯᠡᠴᠢᠯᠡᠭᠡᠨ ᠤ ᠴᠤᠪᠤᠷᠠᠯ ᠢ ᠵᠦᠢᠯ ᠳᠠᠷᠠᠭᠠᠯᠠᠨ ᠰᠢᠯᠢᠳᠡᠭᠵᠢᠭᠦᠯᠦᠨ ᠳᠠᠬᠢᠨ ᠪᠣᠶ ᠪᠣᠯᠭᠠᠬᠤ ᠶᠢᠨ ᠬᠠᠮᠲᠤ ᠬᠡᠷᠡᠭᠵᠢᠭᠦᠯᠵᠦ ᠪᠣᠯᠬᠤᠶᠢᠴᠠ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃    ︵ᠬᠤᠶᠠᠷ︶ ᠭᠤᠣᠯᠳᠠᠯᠭ᠎ᠠ ᠲᠠᠢ ᠰᠢᠪᠲᠤᠯᠬᠤ ᠱᠠᠲᠤ ᠦᠶ᠎ᠡ ︵2022 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ 9  ᠳ᠋ᠦ᠋ᠭᠡᠷ ᠰᠠᠷ᠎ᠠ ᠶᠢᠨ 30 ᠤ ᠡᠳᠦᠷ︶᠃ ᠬᠠᠷᠠᠯᠲᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠭᠠᠵᠠᠷ ᠣᠷᠣᠨ ᠢᠶᠠᠷ ᠪᠠᠷᠢᠮᠵᠢᠶᠠᠯᠠᠨ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ︽ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ + ᠰᠠᠯᠠᠭ᠎ᠠ ᠮᠥᠴᠢᠷ ᠢ ᠵᠣᠯᠭᠠᠭᠤᠯᠬᠤ + ᠲᠥᠪᠯᠡᠷᠡᠭᠦᠯᠦᠨ ᠠᠯᠪᠠᠯᠠᠬᠤ︾ ᠵᠡᠷᠭᠡ ᠠᠷᠭ᠎ᠠ ᠮᠠᠶ᠋ᠢᠭ ᠢ ᠬᠡᠷᠡᠭᠯᠡᠨ ᠪᠡᠷᠬᠡ ᠰᠡᠳᠦᠪ ᠢ ᠲᠥᠪᠯᠡᠷᠡᠭᠦᠯᠦᠨ ᠰᠢᠢᠳᠪᠦᠷᠢᠯᠡᠵᠦ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠦᠷ᠎ᠡ ᠪᠦᠲᠦᠮᠵᠢ ᠶᠢᠨ ᠬᠡᠮᠵᠢᠶ᠎ᠡ᠂ ᠰᠦᠯᠵᠢᠶᠡᠨ ᠳᠡᠭᠡᠷᠡᠬᠢ ᠭᠦᠢᠴᠡᠳᠬᠡᠯ ᠤᠨ ᠪᠣᠯᠪᠠᠰᠤᠷᠠᠩᠭᠤᠢ ᠪᠣᠯᠤᠭᠰᠠᠨ ᠬᠡᠮᠵᠢᠶ᠎ᠡ ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠡᠭᠦᠯᠳᠡᠷᠵᠢᠭᠰᠡᠨ ᠬᠡᠮᠵᠢᠶ᠎ᠡ᠂ ᠦᠢᠯᠡᠴᠢᠯᠡᠭᠡᠨ ᠤ ᠵᠦᠢᠯᠡᠰ ᠤᠨ ᠬᠠᠮᠤᠷᠬᠤ ᠬᠡᠮᠵᠢᠶ᠎ᠡ ᠪᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠣᠨᠣᠪᠴᠢ ᠶᠢᠨ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃    ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵ᠦᠷᠭᠦᠯᠵᠢᠯᠡᠨ ᠠᠬᠢᠭᠤᠯᠤᠨ᠎ᠠ︶᠃ ᠤᠯᠤᠰ᠂ ᠣᠷᠣᠨ᠂ ᠠᠶᠢᠮᠠᠭ ᠤᠨ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠢ ᠰᠢᠢᠳᠪᠦᠷᠢᠯᠡᠬᠦ᠂ ᠲᠠᠪᠴᠠᠩ ᠪᠠᠶᠢᠭᠤᠯᠬᠤ᠂ ᠨᠢᠭᠡ ᠰᠦᠯᠵᠢᠶ᠎ᠡ ᠳᠤ ᠣᠷᠣᠭᠤᠯᠬᠤ᠂ ᠲᠤᠭ᠎ᠠ ᠪᠠᠷᠢᠮᠲᠠ ᠶᠢ ᠨᠡᠪᠲᠡᠷᠡᠭᠦᠯᠬᠦ᠂ ᠦᠨᠡᠮᠯᠡᠯ ᠣᠯᠭᠤᠬᠤ᠂ ᠬᠡᠷᠡᠭᠯᠡᠭᠡ ᠶᠢ ᠠᠬᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ︽ᠬᠤᠷᠳᠤᠴᠠ ᠪᠠᠨ ᠨᠡᠮᠡᠭᠳᠡᠭᠦᠯᠬᠦ︾ ᠶᠢ ᠠᠬᠢᠭᠤᠯᠤᠨ᠎ᠠ᠃       ᠭᠤᠷᠪᠠ᠂ ᠠᠵᠢᠯ ᠤᠨ ᠡᠭᠦᠷᠭᠡ    ︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠤᠯᠤᠯᠲᠠ ᠶᠢ ᠨᠢᠭᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠬᠥᠳᠡᠯᠦᠩᠭᠦᠢ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠦᠨ‌ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠦᠢᠯᠡᠰ ᠤᠨ ᠬᠥᠮᠥᠷᠭᠡ ᠶᠢᠨ ᠵᠢᠯᠤᠭᠤᠳᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠰᠢᠶᠠᠨ᠂ ᠰᠢᠶᠠᠩ ︵ᠪᠠᠯᠭᠠᠰᠤ︶ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠳᠡᠭᠡᠭᠰᠢᠯᠡᠪᠡᠰᠦ ᠵᠣᠬᠢᠬᠤ ᠶᠢ ᠨᠢ ᠴᠥᠮ ᠳᠡᠭᠡᠭᠰᠢᠯᠡᠭᠦᠯᠬᠦ︾ ᠶᠢ ᠴᠥᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠠᠨ ᠪᠠ ᠬᠠᠮᠢᠶᠠᠷᠤᠯᠲᠠ ᠳᠤ ᠣᠷᠣᠭᠤᠯᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠤᠨ ᠠᠳᠠᠯᠢ ᠲᠥᠷᠥᠯ ᠤᠨ ᠵᠦᠢᠯᠡᠰ ᠤᠨ ᠨᠡᠷᠡᠶᠢᠳᠦᠯ᠂ ᠲᠥᠷᠥᠯ ᠬᠡᠯᠪᠡᠷᠢ ᠵᠡᠷᠭᠡ ᠬᠦᠴᠦᠨ ᠵᠦᠢᠯ ᠤᠨ ᠨᠢᠭᠡᠳᠦᠯᠲᠡᠢ ᠪᠠᠶᠢᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠤᠭ᠎ᠠ ᠪᠠᠷᠢᠮᠲᠠ ᠶᠢ ᠠᠳᠠᠯᠢ ᠢᠷᠡᠯᠲᠡ ᠲᠠᠢ ᠪᠠᠶᠢᠯᠭᠠᠬᠤ᠂ ᠬᠥᠳᠡᠯᠦᠩᠭᠦᠢ ᠪᠠᠷ ᠰᠢᠨᠡᠳᠬᠡᠬᠦ᠂ ᠬᠤᠯᠪᠤᠭᠠᠯᠠᠨ ᠬᠠᠮᠢᠶᠠᠷᠬᠤ ᠶᠢ ᠪᠡᠶᠡᠯᠡᠭᠦᠯᠦᠨ᠎ᠡ᠃ ᠬᠤᠶᠠᠷ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠦᠯᠲᠡ ᠶᠢᠨ ᠲᠣᠳᠣᠷᠬᠠᠢ ︽ᠳᠥᠷᠪᠡᠨ ᠱᠠᠲᠤ ᠳᠥᠷᠪᠡᠨ ᠠᠳᠠᠯᠢ︾ ᠶᠢᠨ ᠰᠠᠭᠤᠷᠢᠨ ᠳᠡᠭᠡᠷ᠎ᠡ᠂ ᠭᠦᠢᠴᠡᠳᠬᠡᠬᠦ ᠵᠦᠢᠯ ᠪᠠ ᠪᠠᠶᠢᠳᠠᠯ ᠤᠨ ᠵᠦᠢᠯ ᠢ ᠨᠠᠷᠢᠯᠢᠭᠵᠢᠭᠤᠯᠤᠨ᠂ ᠬᠡᠷᠡᠭᠵᠢᠭᠦᠯᠬᠦ ᠨᠠᠷᠢᠨ ᠬᠠᠭᠤᠳᠠᠰᠤ ᠶᠢᠨ ᠵᠦᠢᠯᠡᠰ ᠤᠨ ᠨᠡᠷᠡᠶᠢᠳᠦᠯ᠂ ᠭᠦᠢᠴᠡᠳᠬᠡᠬᠦ ᠴᠠᠭ ᠤᠨ ᠬᠢᠵᠠᠭᠠᠷ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠬᠠᠶ᠋ᠢᠭ᠂ ᠭᠦᠢᠴᠡᠳᠬᠡᠭᠰᠡᠨ ᠦᠷ᠎ᠡ ᠳ᠋ᠦᠩ ᠵᠡᠷᠭᠡ ᠬᠦᠴᠦᠨ ᠵᠦᠢᠯ ᠢ ᠨᠢᠭᠡ ᠨᠢᠭᠡ ᠪᠠᠷ ᠵᠢᠷᠤᠮᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠨᠢᠭᠡᠳᠦᠯᠲᠡᠢ ᠪᠠᠶᠢᠬᠤ ᠶᠢ ᠠᠬᠢᠭᠤᠯᠤᠨ᠂ ᠬᠡᠷᠡᠭᠵᠢᠭᠦᠯᠬᠦ ᠨᠠᠷᠢᠨ ᠬᠠᠭᠤᠳᠠᠰᠤ ᠶᠢᠨ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠪᠥᠬᠦ ᠣᠷᠣᠨ ᠤ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠬᠡᠷᠡᠭᠵᠢᠭᠦᠯᠬᠦ ᠨᠠᠷᠢᠨ ᠬᠠᠭᠤᠳᠠᠰᠤ ᠶᠢ ᠳᠠᠬᠢᠨ ᠬᠡᠷᠡᠭᠯᠡᠬᠦ ᠠᠷᠭ᠎ᠠ ᠮᠠᠶ᠋ᠢᠭ ᠢ ᠠᠪᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠢᠯᠭᠠᠭ᠎ᠠ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ᠲᠦᠷᠦᠭᠦᠯᠡᠬᠦ ᠰᠠᠯᠠᠭ᠎ᠠ ᠮᠥᠴᠢᠷ᠄ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ    ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠠᠨ ᠤ ᠰᠠᠭᠤᠷᠢ ᠲᠣᠬᠢᠷᠠᠭᠤᠯᠤᠯᠲᠠ ᠶᠢ ᠵᠢᠷᠤᠮᠵᠢᠭᠤᠯᠬᠤ ᠬᠡᠷᠡᠭᠲᠡᠢ᠃ ᠨᠢᠭᠡ ᠳᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠵᠣᠯᠭᠠᠯᠴᠠᠭ᠎ᠠ ᠠᠭᠤᠰᠤᠯᠴᠠᠯ ᠢ ᠪᠦᠬᠦ ᠬᠦᠴᠦᠨ ᠢᠶᠠᠷ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠨᠲᠡ ᠨᠡᠪᠲᠡᠷᠡᠭᠦᠯᠦᠭᠰᠡᠨ ᠪᠠᠶᠢᠭᠤᠯᠬᠤ ᠲᠤᠬᠠᠶᠢᠯᠠᠭᠰᠠᠨ ᠠᠵᠢᠯ ᠤᠨ ᠰᠢᠰᠲ᠋ᠧᠮ ᠳᠤ᠂ ᠵᠦᠢᠯᠡᠰ ᠢ ᠪᠥᠬᠦ ᠲᠠᠯ᠎ᠠ ᠪᠠᠷ ᠡᠮᠬᠢᠯᠡᠬᠦ ᠪᠠ ᠵᠠᠯᠭᠠᠭᠤᠯᠵᠤ ᠲᠤᠷᠰᠢᠨ ᠠᠵᠢᠯᠯᠠᠭᠤᠯᠬᠤ ᠰᠦᠯᠵᠢᠶᠡᠨ ᠤ ᠠᠯᠪᠠᠨ ᠭᠡᠷ ᠤᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠡᠮᠬᠢᠯᠡᠬᠦ ᠬᠡᠷᠡᠭᠲᠡᠢ᠃ ᠨᠡᠪᠲᠡᠷᠡᠭᠦᠯᠦᠭᠡᠳᠦᠢ ᠪᠠᠷ ᠪᠠᠶᠢᠭᠤᠯᠤᠭᠰᠠᠨ ᠰᠢᠰᠲ᠋ᠧᠮ ᠪᠠ ᠰᠢᠰᠲ᠋ᠧᠮ ᠤᠨ ᠲᠤᠯᠭᠠᠭᠤᠷᠢᠯᠠᠯ ᠦᠭᠡᠢ ᠵᠦᠢᠯᠡᠰ ᠲᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠨᠢᠭᠡᠳᠦᠯᠲᠡᠢ ᠪᠠᠶᠢᠯᠭᠠᠬᠤ ᠵᠠᠷᠴᠢᠮ ᠶᠣᠰᠣᠭᠠᠷ᠂ ᠪᠦᠬᠦᠨ ᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠬᠡᠷᠡᠭᠯᠡᠵᠦ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠶᠡᠷᠦᠩᠬᠡᠢ ᠣᠷᠣᠬᠤ ᠡᠭᠦᠳᠡ ᠪᠠ ᠰᠦᠯᠵᠢᠶᠡᠨ ᠭᠠᠳᠠᠨᠠᠬᠢ ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢ ᠭᠦᠨᠵᠡᠭᠡᠢ ᠠᠭᠤᠰᠤᠯᠴᠠᠭᠤᠯᠬᠤ ᠪᠠᠷ ᠳᠠᠮᠵᠢᠭᠤᠯᠤᠨ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠬᠤᠶᠠᠷ ᠲᠤ ᠰᠠᠭᠤᠷᠢ ᠲᠠᠪᠴᠠᠩ ᠤᠨ ᠲᠡᠭᠡᠭᠡᠪᠦᠷᠢ ᠪᠠ ᠡᠩᠬᠡ ᠲᠠᠶᠢᠪᠤᠩ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠤᠴᠢᠷ ᠶᠠᠪᠤᠳᠠᠯ ᠢ ᠭᠦᠢᠴᠡᠳᠬᠡᠬᠦ ᠭᠤᠭᠴᠤᠭ᠎ᠠ ᠪᠠ ᠴᠤᠪᠤᠷᠠᠯ ᠢ ᠪᠥᠬᠦ ᠲᠠᠯ᠎ᠠ ᠪᠠᠷ ᠵᠢᠷᠤᠮᠵᠢᠭᠤᠯᠤᠨ ᠰᠢᠯᠢᠳᠡᠭᠵᠢᠭᠦᠯᠵᠦ᠂ ᠭᠥᠯᠢᠶᠡᠨ ᠠᠪᠬᠤ᠂ ᠬᠢᠨᠠᠨ ᠪᠠᠶᠢᠴᠠᠭᠠᠬᠤ᠂ ᠬᠢᠨᠠᠨ ᠵᠥᠪᠰᠢᠶᠡᠷᠡᠬᠦ᠂ ᠲᠣᠭᠲᠠᠭᠠᠬᠤ ᠪᠠ ᠰᠢᠢᠳᠪᠦᠷᠢᠯᠡᠵᠦ ᠳᠠᠭᠤᠰᠬᠠᠬᠤ ᠭᠤᠭᠴᠤᠭ᠎ᠠ ᠶᠢ ᠵᠦᠢ ᠵᠣᠬᠢᠰᠲᠠᠢ ᠲᠣᠭᠲᠠᠭᠠᠨ᠂  ᠣᠨᠴᠠᠭᠠᠢ ᠭᠤᠭᠴᠤᠭ᠎ᠠ ᠶᠢᠨ ᠲᠠᠰ ᠳᠠᠷᠠᠭᠠᠯᠠᠯ ᠪᠠ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠰᠢᠶᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠬᠤᠶᠠᠷ ᠱᠠᠲᠤᠨ ᠤ ᠲᠠᠩᠰᠠᠨ ᠨᠣᠮᠧᠷ ᠳᠠᠩᠰᠠᠯᠠᠬᠤ᠂ ᠦᠨᠡᠨ ᠨᠡᠷ᠎ᠡ ᠪᠠᠷ ᠭᠡᠷᠡᠴᠢᠯᠡᠬᠦ᠂ ᠳᠦᠷᠢ ᠶᠢᠨ ᠡᠷᠬᠡ ᠮᠡᠳᠡᠯ ᠤᠨ ᠲᠣᠬᠢᠷᠠᠭᠤᠯᠤᠯᠲᠠ ᠵᠡᠷᠭᠡ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠡᠭᠦᠨ ᠤ ᠬᠠᠮᠲᠤ ᠪᠡᠶ᠎ᠡ ᠪᠠᠷ ᠢᠶᠠᠨ ᠣᠶᠢᠯᠠᠭᠠᠬᠤ ᠪᠦᠯᠬᠦᠮ ᠵᠣᠬᠢᠶᠠᠨ ᠪᠠᠶᠢᠭᠤᠯᠵᠤ ᠂ ᠲᠣᠭᠲᠠᠮᠠᠯ ᠬᠤᠭᠤᠴᠠᠭ᠎ᠠ ᠲᠠᠢ ᠪᠠᠷ ᠰᠦᠯᠵᠢᠶᠡᠨ ᠤ ᠠᠯᠪᠠᠨ ᠭᠡᠷ ᠤᠨ ᠪᠠᠶᠢᠳᠠᠯ ᠢ ᠪᠡᠶ᠎ᠡ ᠪᠠᠷ ᠢᠶᠠᠨ ᠣᠶᠢᠯᠠᠭᠠᠵᠤ᠂ ᠠᠰᠠᠭᠤᠳᠠᠯ ᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠬᠦ ᠬᠡᠷᠡᠭᠲᠡᠢ᠃ᠲᠦᠷᠦᠭᠦᠯᠡᠬᠦ ᠰᠠᠯᠠᠭ᠎ᠠ ᠮᠥᠴᠢᠷ᠄ ᠰᠢᠶᠠᠨ ᠤ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠲᠣᠪᠴᠢᠶ᠎ᠠᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ     ︵ᠭᠤᠷᠪᠠ︶ ᠰᠠᠭᠤᠷᠢ ᠪᠦᠲᠦᠭᠡᠨ ᠪᠠᠶᠢᠭᠤᠯᠤᠯᠲᠠ ᠪᠠ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠠᠬᠢᠭᠤᠯᠤᠨ᠎ᠠ᠃ ᠨᠢᠭᠡ ᠳᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠬᠠᠮᠤᠷᠬᠤ ᠬᠡᠪᠴᠢᠶ᠎ᠡ ᠶᠢ ᠰᠢᠶᠠᠨ᠂ ᠰᠢᠶᠠᠩ ︵ᠪᠠᠯᠭᠠᠰᠤ︶ ᠬᠤᠶᠠᠷ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠮᠡᠳᠡᠭᠡ ᠵᠠᠩᠭᠢᠵᠢᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠨᠥᠬᠦᠴᠡᠯ ᠪᠦᠷᠢᠯᠳᠦᠭᠰᠡᠨ ᠤ ᠳᠠᠷᠠᠭ᠎ᠠ᠂ ᠰᠢᠶᠠᠨ᠂ ᠰᠢᠶᠠᠩ ︵ᠪᠠᠯᠭᠠᠰᠤ ︶ ᠬᠤᠶᠠᠷ ᠱᠠᠲᠤᠨ ᠤ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠠᠵᠤ ᠠᠬᠤᠶᠢᠯᠠᠯ ᠤᠨ ᠣᠯᠠᠨ ᠲᠦᠮᠡᠨ ᠳᠤ ᠥᠨᠳᠥᠷ ᠳᠠᠪᠲᠠᠮᠵᠢᠲᠤ ᠦᠢᠯᠡᠴᠢᠯᠡᠭᠡ ᠬᠠᠩᠭᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠨᠡᠪᠲᠡᠷᠡᠭᠦᠯᠬᠦ ᠶᠢ ᠰᠦᠪᠡᠭᠴᠢᠯᠡᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ ︽ᠨᠢᠭᠡ ᠰᠦᠯᠵᠢᠶ᠎ᠡ ᠪᠠᠷ ᠪᠦᠬᠦᠨ ᠢ ᠡᠷᠭᠢᠯᠡᠬᠦ︾ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠰᠠᠭᠤᠷᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠡᠳ᠋ᠯᠡᠬᠦ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠠᠬᠢᠭᠤᠯᠤᠨ᠎ᠠ᠃ ᠨᠢᠭᠡᠳᠦᠯᠲᠡᠢ ᠲᠥᠯᠥᠪᠯᠡᠨ ᠬᠠᠮᠢᠶᠠᠷᠬᠤ᠂ ᠬᠡᠷᠡᠭᠴᠡᠭᠡ ᠶᠣᠰᠣᠭᠠᠷ ᠬᠤᠷᠠᠮᠳᠤᠭᠤᠯᠬᠤ ᠂ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ᠂ ᠬᠤᠯᠪᠣᠭᠳᠠᠭᠤᠯᠤᠨ ᠬᠡᠷᠡᠭᠯᠡᠬᠦ ᠪᠠᠷ ᠳᠠᠮᠵᠢᠭᠤᠯᠤᠨ᠂ ᠪᠠᠷᠢᠮᠵᠢᠶ᠎ᠠ ᠨᠢ ᠨᠢᠭᠡᠳᠦᠯᠲᠡᠢ᠂ ᠪᠠᠶᠢᠷᠢᠰᠢᠯ ᠨᠢ ᠵᠦᠢ ᠵᠣᠬᠢᠰᠲᠠᠢ᠂ ᠬᠠᠮᠢᠶᠠᠷᠤᠯᠲᠠ ᠨᠢ ᠬᠠᠮᠵᠢᠯᠴᠠᠭᠰᠠᠨ᠂ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠰᠢᠰᠲ᠋ᠧᠮ ᠪᠠ ᠬᠠᠮᠲᠤ ᠪᠠᠷ ᠡᠳ᠋ᠯᠡᠬᠦ ᠲᠣᠳᠣᠷᠬᠠᠢ ᠬᠠᠭᠤᠳᠠᠰᠤ ᠶᠢ ᠪᠠᠶᠢᠭᠤᠯᠤᠨ ᠪᠦᠷᠢᠯᠳᠦᠭᠦᠯᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ  ︽ᠭᠤᠷᠪᠠᠨ ᠬᠠᠭᠤᠳᠠᠰᠤ ᠲᠣᠳᠣᠷᠬᠠᠢ ᠬᠠᠭᠤᠳᠠᠰᠤ︾ ᠶᠢ ᠲᠠᠨᠢᠵᠤ ᠠᠪᠬᠤ ᠪᠠ ᠡᠯᠭᠦᠬᠦ ᠶᠢ ᠬᠠᠮᠵᠢᠯᠴᠠᠨ ᠠᠬᠢᠭᠤᠯᠵᠤ᠂ ᠲᠤᠭ᠎ᠠ ᠪᠠᠷᠢᠮᠲᠠ ᠶᠢᠨ ᠬᠠᠩᠭᠠᠯᠭ᠎ᠠ ᠶᠢᠨ ᠦᠵᠦᠭᠦᠷ ᠤᠨ ᠬᠡᠷᠡᠭᠯᠡᠵᠦ ᠪᠣᠯᠬᠤᠶᠢᠴᠠ ᠴᠢᠨᠠᠷ᠂ ᠬᠤᠭᠤᠴᠠᠭᠠᠲᠤ ᠴᠢᠨᠠᠷ ᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠡᠷᠡᠭᠴᠡᠭᠡ ᠪᠠ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠨ᠎ᠠ᠃    ᠲᠦᠷᠦᠭᠦᠯᠡᠬᠦ ᠰᠠᠯᠠᠭ᠎ᠠ ᠮᠥᠴᠢᠷ᠄ ᠰᠢᠶᠠᠨ ᠤ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ      ︵ᠳᠥᠷᠪᠡ︶ ᠡᠯᠧᠺᠲᠷᠣᠨ ᠭᠡᠷᠡᠴᠢ ᠦᠨᠡᠮᠯᠡᠯ ᠪᠠ ᠡᠯᠧᠺᠲᠷᠣᠨ ᠲᠠᠮᠠᠭ᠎ᠠ ᠶᠢᠨ ᠬᠡᠷᠡᠭᠯᠡᠯᠲᠡ ᠶᠢ ᠠᠬᠢᠭᠤᠯᠤᠨ᠎ᠠ᠃ ᠨᠢᠭᠡ ᠳᠤ ᠡᠯᠧᠺᠲᠷᠣᠨ ᠦᠨᠡᠮᠯᠡᠯ ᠪᠠ ᠡᠯᠧᠺᠲᠷᠣᠨ ᠲᠠᠮᠠᠭ᠎ᠠ ᠶᠢ ᠦᠢᠯᠡᠳᠦᠨ ᠲᠠᠷᠬᠠᠭᠠᠬᠤ ᠶᠢ ᠲᠦᠯᠬᠢᠨ ᠠᠬᠢᠭᠤᠯᠤᠨ᠎ᠠ᠃ ᠬᠢᠨᠠᠨ ᠣᠯᠭᠤᠬᠤ ᠦᠨᠡᠮᠯᠡᠯ ᠤᠨ ᠭᠠᠷᠴᠠᠭ ᠤᠨ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ ᠪᠠᠶᠢᠭᠤᠯᠵᠤ᠂ ᠡᠯᠧᠺᠲᠷᠣᠨ ᠭᠠᠷ ᠤᠨ ᠥᠰᠥᠭ ᠪᠠ ᠡᠯᠧᠺᠲᠷᠣᠨ ᠲᠠᠮᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠪᠠᠷᠢᠮᠵᠢᠶ᠎ᠠ ᠶᠣᠰᠣᠭᠠᠷ᠂ ᠦᠯᠡᠳᠡᠭᠡᠯ ᠦᠨᠡᠮᠯᠡᠯ᠂ ᠰᠢᠨ᠎ᠡ ᠪᠠᠷ ᠨᠡᠮᠡᠭᠳᠡᠭᠰᠡᠨ ᠦᠨᠡᠮᠯᠡᠯ ᠢ ᠡᠯᠧᠺᠲᠷᠣᠨ ᠦᠨᠡᠮᠯᠡᠯ ᠤᠨ ᠬᠥᠮᠥᠷᠭᠡ ᠳᠤ ᠣᠷᠣᠭᠤᠯᠤᠨ ᠵᠡᠷᠭᠡ ᠳᠤᠨᠢ ᠦᠶᠯᠡᠳᠬᠦ᠂ ᠬᠤᠷᠠᠮᠳᠤᠭᠤᠯᠬᠤ ᠪᠠ ᠣᠯᠭᠤᠵᠤ᠂ ᠲᠡᠦᠬᠡ ᠶᠢᠨ ᠲᠤᠭ᠎ᠠ ᠪᠠᠷᠢᠮᠲᠠ ᠶᠢᠨ ᠪᠦᠷᠢᠨ ᠪᠦᠲᠦᠨ ᠬᠡᠮᠵᠢᠶ᠎ᠡ᠂ ᠣᠨᠣᠪᠴᠢ ᠶᠢᠨ ᠬᠡᠮᠵᠢᠶ᠎ᠡ ᠵᠢᠴᠢ ᠨᠡᠮᠡᠭᠳᠡᠭᠰᠡᠨ ᠦᠨᠡᠮᠯᠡᠯ ᠤᠨ ᠪᠣᠳᠠᠲᠤ ᠴᠠᠭ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠭᠦᠢᠴᠡᠳᠬᠡᠵᠦ ᠳᠠᠭᠤᠰᠬᠠᠪᠠᠯ ᠳᠠᠷᠤᠢ ᠲᠠᠩᠰᠠ ᠡᠪᠬᠡᠮᠡᠯ ᠳᠤ ᠣᠷᠣᠭᠤᠯᠬᠤ︾ ᠪᠥᠬᠦ ᠶᠠᠪᠤᠴᠠ ᠳᠤ ︽ᠴᠠᠭᠠᠰᠤ ᠬᠡᠷᠡᠭᠯᠡᠬᠦ ᠦᠭᠡᠢ︾ ᠬᠢᠨᠠᠨ ᠵᠥᠪᠰᠢᠶᠡᠷᠡᠬᠦ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠴᠣᠩᠬᠤᠪᠴᠢ ᠶᠢᠨ ᠠᠵᠢᠯᠲᠠᠨ ᠤ ᠳᠠᠷᠤᠭᠠᠰᠤ ᠶᠢ ᠬᠥᠩᠭᠡᠷᠡᠭᠦᠯᠦᠨ᠎ᠡ᠃ ᠬᠤᠶᠠᠷ ᠲᠤ ᠡᠯᠧᠺᠲᠷᠣᠨ ᠭᠡᠷᠡᠴᠢ ᠦᠨᠡᠮᠯᠡᠯ ᠢ ᠬᠠᠮᠲᠤ ᠪᠠᠷ ᠡᠳ᠋ᠯᠡᠵᠦ ᠬᠠᠷᠢᠯᠴᠠᠨ ᠮᠡᠳᠡᠷᠡᠬᠦ ᠬᠡᠪᠴᠢᠶ᠎ᠡ ᠶᠢ ᠥᠷᠭᠡᠳᠬᠡᠨ᠎ᠡ᠃ ᠡᠯᠧᠺᠲᠷᠣᠨ ᠭᠡᠷᠡᠴᠢ ᠦᠨᠡᠮᠯᠡᠯ ᠤᠨ ᠬᠡᠷᠡᠭᠴᠡᠭᠡ ᠱᠠᠭᠠᠷᠳᠠᠯᠭ᠎ᠠ ᠪᠠ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠭᠤᠶᠤᠴᠢᠯᠠᠬᠤ ᠮᠠᠲ᠋ᠧᠷᠢᠶᠠᠯ ᠬᠢᠭᠡᠳ ᠭᠡᠷᠡᠴᠢ ᠦᠨᠡᠮᠯᠡᠯ ᠤᠨ ᠬᠤᠭᠤᠷᠣᠨᠳᠣᠬᠢ ᠬᠤᠯᠪᠣᠭᠳᠠᠯ ᠢ ᠡᠮᠬᠢᠯᠡᠨ ᠳᠢᠭᠯᠡᠵᠦ᠂ ᠮᠡᠳᠡᠭᠡ ᠵᠠᠩᠭᠢ ᠶᠢ ᠤᠷᠢᠳᠴᠢᠯᠠᠨ ᠲᠠᠭᠯᠠᠬᠤ ᠪᠠ ᠡᠯᠧᠺᠲᠷᠣᠨ ᠭᠡᠷᠡᠴᠢ ᠦᠨᠡᠮᠯᠡᠯ ᠤᠨ ᠬᠡᠷᠡᠭᠯᠡᠯᠲᠡ ᠶᠢ ᠠᠬᠢᠭᠤᠯᠤᠨ᠎ᠠ᠃ ︽ᠦᠨᠡᠮᠯᠡᠯ ᠢ ᠬᠡᠯᠲᠦᠷᠢᠭᠦᠯᠬᠦ ᠠᠯᠪᠠᠨ ᠭᠡᠷ︾ ᠤᠨ ᠦᠢᠯᠡᠴᠢᠯᠡᠭᠡ ᠶᠢ ᠳᠡᠯᠭᠡᠷᠡᠭᠦᠯᠵᠦ᠂ ᠭᠡᠷᠡᠴᠢ ᠦᠨᠡᠮᠯᠡᠯ ᠤᠨ ᠮᠠᠲ᠋ᠧᠷᠢᠶᠠᠯ ᠢ ᠰᠢᠭᠤᠳ ᠬᠦᠴᠦᠨ ᠦᠭᠡᠢ ᠪᠣᠯᠭᠠᠬᠤ ᠪᠤᠶᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠭᠤᠭᠤᠯᠤᠨ ᠣᠯᠭᠤᠭᠰᠠᠨ ᠮᠠᠲ᠋ᠧᠷᠢᠶᠠᠯ ᠢ ᠴᠥᠮ ᠲᠤᠰᠢᠶᠠᠬᠤ   ᠠᠴᠠ ᠬᠡᠯᠲᠦᠷᠢᠭᠦᠯᠵᠦ᠂ ᠡᠯᠧᠺᠲᠷᠣᠨ ᠭᠡᠷᠡᠴᠢ ᠦᠨᠡᠮᠯᠡᠯ ᠬᠠᠩᠭᠠᠵᠤ ᠳᠡᠶᠢᠯᠬᠦ ᠶᠢ ᠨᠢ ᠴᠥᠮ ᠪᠣᠳᠠᠲᠤ ᠴᠣᠭᠴᠠ ᠶᠢᠨ ᠭᠡᠷᠡᠴᠢ ᠦᠨᠡᠮᠯᠡᠯ ᠲᠤᠰᠢᠶᠠᠬᠤ   ᠠᠴᠠ ᠬᠡᠯᠲᠦᠷᠢᠭᠦᠯᠬᠦ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ ᠭᠤᠷᠪᠠ ᠳᠤ᠂ ᠡᠯᠧᠺᠲᠷᠣᠨ ᠭᠡᠷᠡᠴᠢ ᠦᠨᠡᠮᠯᠡᠯ ᠤᠨ ᠨᠡᠶᠢᠭᠡᠮᠴᠢᠯᠡᠭᠰᠡᠨ ᠬᠡᠷᠡᠭᠯᠡᠭᠡᠨ ᠤ ᠦᠵᠡᠭᠳᠡᠯ ᠢ ᠥᠷᠭᠡᠳᠬᠡᠨ᠎ᠡ᠃ ᠭᠡᠷ᠎ᠡ ᠲᠣᠭᠲᠠᠬᠤ᠂ ᠠᠵᠢᠯᠲᠠᠨ ᠡᠯᠰᠡᠬᠦ᠂ ᠵᠠᠮ ᠬᠠᠷᠢᠯᠴᠠᠭ᠎ᠠ᠂ ᠰᠣᠶᠣᠯ ᠵᠤᠭᠠᠴᠠᠯ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ︽ᠮᠦᠩᠭᠡ ᠰᠣᠪᠠᠭ  ︾ ᠤᠨ APP ᠳᠤ ᠲᠦᠰᠢᠭᠯᠡᠨ᠂ ᠡᠯᠧᠺᠲᠷᠣᠨ ᠦᠨᠡᠮᠯᠡᠯ ᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠪᠢ ᠬᠥᠮᠥᠨ ᠵᠡᠷᠭᠡ ᠦᠨᠡᠮᠯᠡᠯ ᠲᠠᠢ ᠭᠤᠣᠯ ᠴᠣᠭᠴᠠ ᠶᠢᠨ ᠬᠤᠭᠤᠷᠣᠨᠳᠣᠬᠢ ᠨᠡᠶᠢᠭᠡᠮᠴᠢᠯᠡᠭᠰᠡᠨ ᠢᠯᠡ ᠦᠨᠡᠮᠯᠡᠯ ᠳᠤ ᠬᠡᠷᠡᠭᠯᠡᠬᠦ ᠶᠢ ᠢᠳᠡᠪᠬᠢᠲᠡᠢ ᠪᠠᠷ ᠠᠬᠢᠭᠤᠯᠵᠤ᠂ ᠡᠯᠧᠺᠲᠷᠣᠨ ᠦᠨᠡᠮᠯᠡᠯ ᠢ ᠦᠢᠯᠡᠳᠦᠨ ᠣᠯᠭᠤᠬᠤ ᠰᠠᠯᠠᠭ᠎ᠠ ᠮᠥᠴᠢᠷ ᠤᠳ ᠣᠯᠠᠨ ᠠᠷᠭ᠎ᠠ ᠵᠠᠮ ᠢᠶᠠᠷ ᠨᠡᠶᠢᠭᠡᠮ ᠨᠡᠶᠢᠲᠡ ᠳᠤ ᠭᠤᠶᠤᠴᠢᠯᠠᠨ ᠠᠪᠬᠤ ᠵᠢᠴᠢ ᠬᠡᠷᠡᠭᠯᠡᠬᠦ ᠵᠦᠭᠯᠡᠭᠦᠷ ᠢ ᠨᠡᠶᠢᠲᠡᠯᠡᠵᠦ᠂ ᠨᠡᠶᠢᠭᠡᠮ ᠳᠤ ᠮᠡᠳᠡᠷᠡᠭᠳᠡᠬᠦ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠯᠧᠺᠲᠷᠣᠨ ᠦᠨᠡᠮᠯᠡᠯ ᠢ ᠥᠷᠭᠡᠨ ᠢᠶᠠᠷ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠡᠯᠧᠺᠲᠷᠣᠨ ᠭᠡᠷᠡᠴᠢ ᠦᠨᠡᠮᠯᠡᠯ ᠤᠨ ᠬᠡᠷᠡᠭᠯᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠳ ᠲᠤᠰᠬᠠᠢ ᠬᠥᠮᠥᠨ ᠢᠶᠠᠷ ᠡᠯᠧᠺᠲᠷᠣᠨ ᠲᠠᠮᠠᠭ᠎ᠠ ᠶᠢ ᠬᠠᠮᠢᠶᠠᠷᠤᠭᠤᠯᠬᠤ ᠶᠢ ᠲᠣᠳᠣᠷᠬᠠᠶᠢᠯᠠᠵᠤ᠂ ᠡᠯᠧᠺᠲᠷᠣᠨ ᠦᠨᠡᠮᠯᠡᠯ ᠳᠤ ᠭᠠᠷ ᠤᠨ ᠥᠰᠥᠭ ᠵᠢᠷᠤᠵᠤ ᠣᠯᠭᠤᠬᠤ᠂ ᠴᠤᠭᠯᠠᠭᠤᠯᠬᠤ᠂ ᠬᠠᠳᠠᠭᠠᠯᠠᠬᠤ᠂ ᠬᠡᠷᠡᠭᠯᠡᠬᠦ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠵᠠᠳᠠᠷᠠᠭᠤᠯᠬᠤ   ᠠᠴᠠ ᠵᠠᠶᠢᠯᠠᠰᠬᠢᠬᠦ ᠬᠡᠷᠡᠭᠲᠡᠢ᠃ ᠡᠯᠧᠺᠲᠷᠣᠨ ᠦᠨᠡᠮᠯᠡᠯ ᠤᠨ ᠦᠨᠡᠮᠯᠡᠯ ᠲᠠᠢ ᠭᠤᠣᠯ ᠴᠣᠭᠴᠠ᠂ ᠦᠨᠡᠮᠯᠡᠯ ᠬᠡᠷᠡᠭᠯᠡᠭᠴᠢ ᠶᠢᠨ ᠪᠡᠶ᠎ᠡ ᠶᠢᠨ ᠭᠠᠷᠤᠯ ᠢ ᠭᠡᠷᠡᠴᠢᠯᠡᠬᠦ᠂ ᠡᠷᠬᠡ ᠣᠯᠭᠤᠬᠤ ᠬᠠᠮᠢᠶᠠᠷᠤᠯᠲᠠ ᠪᠠ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠶᠢ ᠴᠢᠩᠭᠠᠳᠬᠠᠵᠤ᠂ ᠡᠷᠬᠡ ᠣᠯᠭᠤᠭᠰᠠᠨ ᠦᠭᠡᠢ ᠪᠠᠷ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠰᠢᠯᠵᠢᠭᠦᠯᠦᠨ ᠬᠡᠷᠡᠭᠯᠡᠬᠦ᠂ ᠦᠯᠡᠳᠡᠭᠡᠨ ᠬᠠᠳᠠᠭᠠᠯᠠᠬᠤ ᠶᠢ ᠲᠠᠰᠤ ᠵᠣᠭᠰᠣᠭᠠᠵᠤ᠂ ᠡᠯᠧᠺᠲᠷᠣᠨ ᠦᠨᠡᠮᠯᠡᠯ ᠵᠢᠴᠢ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃     ᠲᠦᠷᠦᠭᠦᠯᠡᠬᠦ ᠰᠠᠯᠠᠭ᠎ᠠ ᠮᠥᠴᠢᠷ᠄ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ   ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ    ︵ᠲᠠᠪᠤ︶ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠨᠢᠭᠡ ᠳᠤ ︽ᠲᠠᠪᠤ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠠᠵᠢᠯ ᠢ ᠭᠦᠨᠵᠡᠭᠡᠢ ᠥᠷᠨᠢᠭᠦᠯᠪᠡ᠃ ᠣᠲᠣ ᠶᠢᠨ ᠪᠠᠶᠢᠭ᠎ᠠ ᠰᠠᠭᠤᠷᠢᠨ ᠳᠡᠭᠡᠷ᠎ᠡ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠶᠢ ᠨᠥᠬᠦᠪᠦᠷᠢᠯᠡᠬᠦ ᠠᠷᠭ᠎ᠠ ᠵᠠᠮ ᠢ ᠪᠦᠷᠢᠨᠰᠢᠭᠦᠯᠵᠦ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ᠂ ᠭᠤᠭᠴᠤᠭ᠎ᠠ᠂ ᠴᠠᠭ ᠤᠨ ᠬᠢᠵᠠᠭᠠᠷ᠂ ᠭᠦᠶᠦᠯᠲᠡ ᠶᠢᠨ ᠲᠤᠭ᠎ᠠ ᠶᠢ ᠪᠦᠲᠦᠮᠵᠢᠲᠡᠶ ᠪᠠᠷ ᠪᠠᠭᠠᠰᠬᠠᠨ ᠪᠠᠭᠠᠰᠬᠠᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠦᠰᠢᠭᠯᠡᠨ᠂ ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ᠂ ᠵᠠᠰᠠᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠵᠠᠰᠠᠭ ᠪᠠ ᠰᠢᠤᠳᠠᠨ ᠤ ᠬᠠᠮᠲᠤᠷᠠᠯᠴᠠᠭ᠎ᠠ᠂ ᠰᠢᠨ᠎ᠡ ᠶᠢ ᠡᠭᠦᠳᠦᠨ ᠲᠠᠰ ᠳᠡᠪᠰᠢᠭᠦᠯᠬᠦ ᠳᠤ ᠰᠦᠢᠳᠬᠡᠯ ᠬᠤᠷᠢᠶᠠᠬᠤ ᠦᠭᠡᠢ ᠪᠠᠷ ᠪᠠᠭᠤᠯᠭᠠᠬᠤ᠂ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ᠂ ᠠᠵᠤ ᠠᠬᠤᠶᠢᠯᠠᠯ ᠤᠳ ᠲᠣᠮᠣ ᠪᠡᠯᠡᠭ ᠪᠣᠭᠤᠳᠠᠯ ᠨᠡᠭᠡᠭᠡᠨ ᠡᠷᠭᠢᠯᠡᠬᠦ ᠵᠡᠷᠭᠡ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠷᠢᠰ ᠠᠷᠭ᠎ᠠ ᠬᠡᠮᠵᠢᠶ᠎ᠡ ᠶᠢ ᠢᠳᠡᠪᠬᠢᠲᠡᠢ ᠥᠷᠨᠢᠭᠦᠯᠦᠨ᠎ᠡ᠃ ᠬᠤᠶᠠᠷ ᠲᠤ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠵᠣᠯᠭᠠᠭᠤᠯᠬᠤ ᠦᠭᠡᠢ ᠪᠠᠷ ᠬᠢᠨᠠᠨ ᠵᠥᠪᠰᠢᠶᠡᠷᠡᠭᠦᠯᠬᠦ︾ ᠶᠢ ᠠᠬᠢᠭᠤᠯᠤᠨ᠎ᠠ᠃ ︽ᠨᠢᠭᠡ ᠴᠣᠩᠬᠤ᠂ ᠣᠶᠤᠨᠲᠤ ᠡᠭᠦᠯᠡᠨ ᠬᠢᠨᠠᠨ ᠵᠥᠪᠰᠢᠶᠡᠷᠡᠯ᠂ ᠡᠯᠧᠺᠲᠷᠣᠨ ᠢᠶᠠᠷ ᠬᠢᠨᠠᠨ ᠪᠠᠶᠢᠴᠠᠭᠠᠬᠤ︾ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠡᠷᠴᠢᠮ ᠪᠠ ᠭᠦᠨᠴᠡ ᠶᠢ ᠨᠡᠮᠡᠭᠳᠡᠭᠦᠯᠵᠦ᠂ ᠨᠡᠩ ᠤᠯᠠᠨ ᠤᠴᠢᠷ ᠶᠠᠪᠤᠳᠠᠯ ᠢ ︽ᠰᠦᠯᠵᠢᠶᠡᠨ ᠳᠡᠭᠡᠷ᠎ᠡ ᠭᠦᠢᠴᠡᠳᠬᠡᠬᠦ᠂ ᠥᠪᠡᠰᠦᠪᠡᠨ ᠰᠢᠢᠳᠪᠦᠷᠢᠯᠡᠬᠦ︾᠂ ︽ᠠᠯᠠᠭᠠᠨ ᠳᠡᠭᠡᠷ᠎ᠡ ᠠᠴᠠ ᠭᠦᠢᠴᠡᠳᠬᠡᠬᠦ᠂ ᠬᠤᠷᠤᠭᠤᠨ ᠦᠵᠦᠭᠦᠷ ᠠᠴᠠ ᠭᠦᠢᠴᠡᠳᠬᠡᠬᠦ︾ ᠪᠣᠯᠭᠠᠵᠤ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠ ᠰᠢᠰᠲ᠋ᠧᠮ ᠤᠨ ᠭᠦᠢᠴᠡᠳᠬᠡᠬᠦ ᠵᠦᠢᠯ ᠤᠨ ᠲᠤᠭ᠎ᠠ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠪᠦᠬᠦ ᠰᠢᠶᠠᠨ ᠤ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠶᠠᠪᠤᠳᠠᠯ ᠢ ︽ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ︾ ᠪᠠᠶᠢᠭᠰᠠᠨ ᠠᠴᠠ ︽ᠰᠦᠯᠵᠢᠶᠡᠨ ᠳᠡᠭᠡᠷ᠎ᠡ ᠭᠦᠢᠴᠡᠳᠬᠡᠬᠦ ᠳᠤ ᠬᠢᠯᠪᠡᠷ᠂ ᠰᠦᠯᠵᠢᠶᠡᠨ ᠳᠡᠭᠡᠷ᠎ᠡ ᠭᠦᠢᠴᠡᠳᠬᠡᠬᠦ ᠳᠤ ᠬᠢᠯᠪᠡᠷ᠂ ᠰᠦᠯᠵᠢᠶᠡᠨ ᠳᠡᠭᠡᠷ᠎ᠡ ᠵᠢᠷᠤᠮᠵᠢᠯ ᠲᠠᠢ ᠪᠠᠷ ᠭᠦᠢᠴᠡᠳᠬᠡᠬᠦ︾ ᠪᠣᠯᠭᠠᠨ ᠬᠤᠪᠢᠷᠠᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠭᠤᠷᠪᠠ ᠳᠤ ︽ᠨᠢᠭᠡ ᠯᠡ ᠤᠳᠠᠭ᠎ᠠ ᠳᠤ ᠭᠦᠢᠴᠡᠳᠬᠡᠬᠦ︾ ᠤᠴᠢᠷ ᠶᠠᠪᠤᠳᠠᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ᠪᠥᠬᠦ ᠣᠷᠣᠨ ᠤ ᠨᠢᠭᠡᠳᠦᠯᠲᠡᠢ ︽ᠨᠢᠭᠡ ᠯᠡ ᠤᠳᠠᠭ᠎ᠠ ᠳᠤ ᠭᠦᠢᠴᠡᠳᠬᠡᠬᠦ︾ ᠰᠢᠰᠲ᠋ᠧᠮ ᠢ ᠵᠣᠯᠭᠠᠭᠤᠯᠤᠨ ᠰᠦᠯᠵᠢᠶᠡᠨ ᠳᠤ ᠬᠤᠯᠪᠣᠪᠠᠯ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠤᠪᠴᠢ ︵ᠦᠵᠦᠭᠦᠷ︶ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠪᠥᠬᠦ ᠰᠢᠶᠠᠨ ᠤ ︽ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠰᠦᠯᠵᠢᠶᠡᠨ ᠭᠠᠳᠠᠨ᠎ᠠ ᠭᠦᠢᠴᠡᠳᠬᠡᠬᠦ ᠠᠴᠠ ᠰᠦᠯᠵᠢᠶᠡᠨ ᠳᠡᠭᠡᠷ᠎ᠡ ᠭᠦᠢᠴᠡᠳᠬᠡᠬᠦ ᠳᠠᠰᠢ ᠬᠤᠪᠢᠷᠠᠭᠤᠯᠬᠤ ᠶᠢ ᠢᠳᠡᠪᠬᠢᠲᠡᠢ ᠲᠦᠯᠬᠢᠨ ᠠᠬᠢᠭᠤᠯᠬᠤ ᠶᠢᠨ ᠬᠠᠮᠲᠤ ︽ᠠᠵᠤ ᠠᠬᠤᠶᠢᠯᠠᠯ ᠡᠷᠭᠢᠯᠡᠬᠦ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠨᠢᠭᠡ ᠶᠠᠪᠤᠳᠠᠯ︾᠂ ︽ᠲᠥᠷᠥᠭᠰᠡᠨ ᠨᠢᠭᠡ ᠶᠠᠪᠤᠳᠠᠯ︾ ᠵᠡᠷᠭᠡ ᠰᠢᠷᠢᠰ ᠰᠣᠳᠣᠨ ᠪᠦᠲᠦᠭᠡᠯ ᠥᠨᠳᠥᠷ ᠳᠠᠪᠲᠠᠮᠵᠢᠲᠤ ᠨᠢᠭᠡ ᠶᠠᠪᠤᠳᠠᠯ ᠢ ᠭᠤᠣᠯᠳᠠᠯᠭ᠎ᠠ ᠲᠠᠢ ᠪᠣᠶ ᠪᠣᠯᠭᠠᠨ᠎ᠠ᠃ ᠳᠥᠷᠪᠡ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠮᠤᠵᠢ ᠠᠯᠤᠰᠯᠠᠨ ᠪᠦᠬᠦᠨ ᠢ ᠰᠢᠢᠳᠪᠦᠷᠢᠯᠡᠬᠦ︾᠂ ︽ᠪᠦᠬᠦ ᠣᠷᠣᠨ ᠪᠦᠰᠡ ᠶᠢᠨ ᠪᠦᠬᠦᠨ ᠢ ᠰᠢᠢᠳᠪᠦᠷᠢᠯᠡᠬᠦ︾ ᠶᠢ ᠠᠬᠢᠭᠤᠯᠤᠨ᠎ᠠ᠃ ︽ᠮᠤᠵᠢ ᠠᠯᠤᠰᠯᠠᠨ ᠪᠦᠬᠦᠨ ᠢ ᠰᠢᠢᠳᠪᠦᠷᠢᠯᠡᠬᠦ︾ ︽ᠪᠥᠬᠦ ᠠᠶᠢᠮᠠᠭ ᠤᠨ ᠪᠦᠬᠦᠨ ᠢ ᠰᠢᠢᠳᠪᠦᠷᠢᠯᠡᠬᠦ ︾ ᠨᠠᠷᠢᠨ ᠬᠠᠭᠤᠳᠠᠰᠤ ᠲᠠᠢ ᠬᠠᠷᠢᠴᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠪᠥᠬᠦ ᠣᠷᠣᠨ ᠪᠦᠰᠡ ᠶᠢᠨ ᠪᠦᠬᠦᠨ ᠢ ᠰᠢᠢᠳᠪᠦᠷᠢᠯᠡᠬᠦ︾ ᠵᠦᠢᠯᠡᠰ ᠢ ᠡᠮᠬᠢᠯᠡᠨ ᠲᠣᠭᠲᠠᠭᠠᠬᠤ ᠶᠢᠨ ᠬᠠᠮᠲᠤ ᠨᠡᠶᠢᠭᠡᠮ ᠳᠤ ᠢᠯᠡ ᠪᠣᠯᠭᠠᠵᠤ᠂ ᠲᠤᠬᠠᠶᠢᠯᠠᠭᠰᠠᠨ ᠠᠵᠢᠯ ᠤᠨ ᠳᠦᠷᠢᠮ ᠪᠠ ᠪᠠᠷᠢᠮᠵᠢᠶ᠎ᠠ ᠶᠢ ᠨᠢᠭᠡᠳᠬᠡᠨ᠂ ᠲᠤᠬᠠᠶᠢᠯᠠᠭᠰᠠᠨ ᠠᠵᠢᠯ ᠤᠨ ᠡᠷᠭᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ︽ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠬᠡᠬᠦ︾ ︽ᠣᠨᠳᠣᠣ ᠭᠠᠵᠠᠷ ᠲᠤ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ︾ ︽ᠣᠯᠠᠨ ᠭᠠᠵᠠᠷ ᠬᠠᠮᠲᠤᠷᠠᠨ ᠭᠦᠢᠴᠡᠳᠬᠡᠬᠦ︾ ᠲᠤᠬᠠᠶᠢᠯᠠᠭᠰᠠᠨ ᠠᠵᠢᠯ ᠤᠨ ᠵᠠᠭᠪᠤᠷ ᠢ ᠲᠣᠳᠣᠷᠬᠠᠶᠢᠯᠠᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠰᠦᠯᠵᠢᠶᠡᠨ ᠭᠠᠳᠠᠨ᠎ᠠ ︽ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠬᠤᠶᠠᠷ ᠭᠠᠵᠠᠷ ᠲᠤ ᠭᠦᠢᠴᠡᠳᠬᠡᠵᠦ ᠪᠣᠯᠬᠤ︾ ᠶᠢ ᠲᠦᠯᠬᠢᠨ ᠠᠬᠢᠭᠤᠯᠤᠨ᠎ᠠ᠃ ᠲᠠᠪᠤ ᠳᠤ ᠵᠠᠭᠤᠴᠢᠯᠠᠬᠤ ᠦᠢᠯᠡᠴᠢᠯᠡᠭᠡ ᠶᠢ ᠵᠢᠷᠤᠮᠵᠢᠭᠤᠯᠤᠨ᠎ᠠ᠃ ᠪᠦᠬᠦ ᠣᠷᠣᠨ ᠤ ᠨᠢᠭᠡᠳᠦᠯᠲᠡᠢ ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠳᠦ ᠳᠡᠯᠭᠡᠭᠦᠷ ᠢ ᠬᠡᠷᠡᠭᠯᠡᠵᠦ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠢᠲᠡᠭᠡᠮᠵᠢ ᠶᠢᠨ ᠵᠡᠷᠭᠡ ᠳᠡᠰ ᠢ ᠦᠨᠡᠯᠡᠬᠦ᠂ ᠬᠢᠷᠢ ᠴᠢᠳᠠᠮᠵᠢ ᠶᠢ ᠬᠥᠳᠡᠯᠦᠩᠭᠦᠢ ᠪᠠᠷ ᠬᠠᠮᠢᠶᠠᠷᠬᠤ ᠶᠢ ᠬᠡᠷᠡᠭᠵᠢᠭᠦᠯᠦᠨ᠂ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠵᠦᠭᠯᠡᠭᠦᠷ ᠢᠶᠠᠨ ᠢᠯᠡ ᠪᠣᠯᠭᠠᠬᠤ ᠶᠢ ᠠᠬᠢᠭᠤᠯᠵᠤ᠂ ᠨᠡᠭᠡᠭᠡᠯᠲᠡᠲᠡᠢ᠂ ᠢᠯᠡ ᠲᠣᠳᠣ᠂ ᠵᠢᠷᠤᠮᠵᠢᠯ ᠲᠠᠢ ᠵᠠᠭᠤᠴᠢᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠣᠶᠢᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠵᠠᠭᠤᠴᠢᠯᠠᠬᠤ ᠦᠢᠯᠡᠴᠢᠯᠡᠭᠡᠨ ᠤ ᠬᠡᠲᠦ ᠳᠡᠯᠭᠡᠭᠦᠷ ᠢᠶᠠᠷ ᠳᠡᠮᠵᠢᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠰᠣᠩᠭᠤᠬᠤ ᠶᠢ ᠪᠡᠶᠡᠯᠡᠭᠦᠯᠵᠦ᠂ ︽ᠨᠢᠭᠡ ᠰᠦᠯᠵᠢᠶ᠎ᠡ ᠪᠠᠷ ᠵᠠᠭᠤᠴᠢᠯᠠᠬᠤ︾ ᠶᠢ ᠪᠡᠶᠡᠯᠡᠭᠦᠯᠬᠦ ᠬᠡᠷᠡᠭᠲᠡᠢ᠃ ᠵᠢᠷᠭᠤᠭ᠎ᠠ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾ ᠶᠢ ᠭᠦᠨᠵᠡᠭᠡᠢ ᠥᠷᠨᠢᠭᠦᠯᠦᠨ᠎ᠡ᠃ ᠰᠢᠶᠠᠨ᠂ ᠰᠢᠶᠠᠩ ︵ᠪᠠᠯᠭᠠᠰᠤ︶ ᠬᠤᠶᠠᠷ ᠱᠠᠲᠤᠨ ᠤ ᠬᠢᠨ ᠲᠤᠬᠠᠢ ᠶᠢᠨ ᠲᠠᠯᠠᠪᠤᠷ ᠤᠨ ᠦᠢᠯᠡᠴᠢᠯᠡᠭᠡᠨ ᠤ ︽ᠨᠢᠭᠡ ᠤᠳᠠᠭ᠎ᠠ ᠳᠤ ᠨᠢᠭᠡ ᠦᠨᠡᠯᠡᠯᠲᠡ ᠬᠢᠬᠦ︾᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ︽ᠨᠢᠭᠡ ᠤᠴᠢᠷ ᠢ ᠨᠢᠭᠡ ᠦᠨᠡᠯᠡᠯᠲᠡ ᠬᠢᠬᠦ︾᠂ ᠨᠡᠶᠢᠭᠡᠮ ᠤᠨ ᠡᠯ᠎ᠡ ᠡᠲᠡᠭᠡᠳ ᠤᠨ ︽ᠶᠡᠷᠦᠩᠬᠡᠶᠢᠯᠡᠭᠰᠡᠨ ᠦᠨᠡᠯᠡᠯᠲᠡ ᠬᠢᠬᠦ︾᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ︽ᠬᠢᠨᠠᠯᠲᠠ ᠲᠠᠯᠪᠢᠵᠤ ᠪᠠᠶᠢᠴᠠᠭᠠᠨ ᠦᠨᠡᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠳᠦᠷᠢᠮ ᠢ ᠪᠥᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ᠲᠤᠰᠬᠠᠢ ᠬᠥᠮᠥᠨ ᠲᠣᠬᠢᠷᠠᠭᠤᠯᠵᠤ ᠪᠠᠶᠢᠴᠠᠭᠠᠨ ᠬᠠᠷᠭᠤᠭᠤᠯᠬᠤ᠂ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠪᠠ ᠬᠠᠷᠢᠭᠤ ᠰᠤᠷᠪᠤᠯᠵᠢᠯᠠᠵᠤ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠲᠤᠰᠬᠠᠭᠰᠠᠨ ᠵᠥᠷᠢᠶᠡᠲᠦ ᠦᠨᠡᠯᠡᠯᠲᠡ ᠪᠠ ᠵᠠᠭᠠᠯᠳᠤᠯᠭ᠎ᠠ ᠵᠡᠷᠭᠡ ᠠᠰᠠᠭᠤᠳᠠᠯ ᠢ ᠬᠠᠷᠢᠭᠤ ᠲᠤᠰᠬᠠᠵᠤ᠂ ᠦᠨᠡᠨ ᠨᠡᠷ᠎ᠡ ᠪᠠᠷ ᠵᠥᠷᠢᠶᠡᠲᠦ ᠦᠨᠡᠯᠡᠯᠲᠡ ᠬᠢᠵᠦ ᠬᠠᠷᠢᠭᠤ ᠰᠤᠷᠪᠤᠯᠵᠢᠯᠠᠵᠤ ᠴᠡᠭᠴᠡᠯᠡᠨ ᠰᠠᠶᠢᠵᠢᠷᠠᠭᠤᠯᠬᠤ ᠨᠣᠷᠮ᠎ᠠ ᠶᠢ 100% ᠳᠤ ᠬᠦᠷᠦᠭᠦᠯᠬᠦ ᠬᠡᠷᠡᠭᠲᠡᠢ᠃ᠲᠦᠷᠦᠭᠦᠯᠡᠬᠦ ᠰᠠᠯᠠᠭ᠎ᠠ ᠮᠥᠴᠢᠷ᠄ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠨᠢᠭᠡᠴᠡ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠠᠵᠢᠯ  ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠟ᠢ ᠭᠦᠢᠴᠡᠳ ᠲᠠᠨᠢᠵᠤ᠂ ᠭᠤᠣᠯ ᠤᠳᠤᠷᠢᠳᠤᠯᠭ᠎ᠠ ᠶᠡᠷᠦᠩᠬᠡᠢ ᠵᠠᠬᠢᠷᠭ᠎ᠠ ᠶᠢ ᠪᠡᠶ᠎ᠡ ᠪᠠᠷ ᠢᠶᠠᠨ ᠠᠳᠬᠤᠵᠤ᠂ ᠠᠵᠢᠯ  ᠤᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠬᠤ ᠪᠠ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠬᠤᠪᠢᠳᠠᠨ ᠬᠠᠮᠢᠶᠠᠷᠴᠤ ᠪᠦᠬᠦᠢ ᠨᠢᠭᠡ ᠤᠳᠤᠷᠢᠳᠤᠯᠭ᠎ᠠ ᠲᠦᠷᠦᠭᠦᠯᠡᠨ ᠭᠤᠣᠯᠴᠢᠯᠠᠨ ᠠᠳᠬᠤᠬᠤ ᠶᠢ ᠲᠣᠳᠣᠷᠬᠠᠶᠢᠯᠠᠵᠤ᠂ ᠲᠠᠪᠴᠠᠩ ᠤᠨ ᠬᠠᠮᠢᠶᠠᠷᠤᠭᠴᠢ ᠶᠢ ᠲᠣᠳᠣᠷᠬᠠᠶᠢᠯᠠᠨ᠂ ᠠᠵᠢᠯ ᠤᠨ ᠲᠤᠰᠬᠠᠢ ᠠᠩᠭᠢ ᠪᠠᠶᠢᠭᠤᠯᠵᠤ᠂ ᠠᠵᠢᠯ  ᠤᠨ ᠲᠣᠭᠲᠠᠴᠠ ᠶᠢ ᠪᠦᠷᠢᠨᠰᠢᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠬᠤᠶᠠᠷ︶ ᠵᠣᠬᠢᠴᠠᠭᠤᠯᠤᠨ ᠬᠠᠮᠵᠢᠯᠴᠠᠬᠤ ᠶᠢ ᠴᠢᠩᠭᠠᠷᠠᠭᠤᠯᠤᠨ᠎ᠠ᠃ ᠡᠯ᠎ᠡ ᠨᠢᠭᠡᠴᠡ ᠶᠢᠨ ᠬᠢᠨ ᠬᠠᠷᠠᠯᠲᠠ ᠡᠭᠦᠷᠭᠡ ᠲᠠᠢ ᠪᠠᠨ ᠬᠠᠷᠢᠴᠠᠭᠤᠯᠵᠤ᠂ ᠨᠡᠪᠲᠡᠷᠡᠯᠴᠡᠨ ᠵᠣᠯᠭᠠᠭᠤᠯᠬᠤ ᠪᠠ ᠠᠰᠠᠭᠤᠳᠠᠯ ᠢ ᠬᠠᠷᠢᠭᠤ ᠲᠤᠰᠬᠠᠬᠤ ᠪᠠᠨ ᠴᠢᠩᠭᠠᠳᠬᠠᠵᠤ᠂ ᠨᠢᠭᠡᠳ ᠨᠢᠭᠡ ᠪᠠᠷ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠲᠠᠪᠴᠠᠩ ᠤᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠠᠪᠴᠠᠩ ᠳᠡᠭᠡᠷ᠎ᠡ ᠪᠣᠳᠠᠲᠠᠢ ᠠᠵᠢᠯᠯᠠᠭᠤᠯᠬᠤ ᠶᠢ ᠲᠦᠯᠬᠢᠨ ᠠᠬᠢᠭᠤᠯᠵᠤ᠂ ᠰᠢᠶᠠᠨ ᠤ ᠲᠣᠮᠣ ᠳ᠋ᠠᠶᠢᠲ᠋ᠠ ᠶᠢᠨ ᠲᠥᠪ ᠨᠢ ᠳ᠋ᠠᠶᠢᠲ᠋ᠠ ᠶᠢ ᠴᠤᠭᠯᠠᠭᠤᠯᠬᠤ ᠂ ᠬᠠᠮᠲᠤ ᠪᠠᠷ ᠡᠳ᠋ᠯᠡᠬᠦ᠂ ᠰᠣᠯᠢᠯᠴᠠᠬᠤ ᠵᠡᠷᠭᠡ ᠳ᠋ᠠᠶᠢᠲ᠋ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠳᠠᠪᠠᠯᠲᠠ ᠲᠠᠢ ᠪᠠᠷ ᠳᠡᠭᠡᠭᠰᠢᠯᠡᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃       ︵ᠭᠤᠷᠪᠠ︶ ᠳᠡᠩᠰᠡᠯᠡᠨ ᠬᠡᠷᠡᠭᠯᠡᠬᠦ ᠶᠢ ᠴᠢᠩᠭᠠᠷᠠᠭᠤᠯᠤᠨ᠎ᠠ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠵᠡᠷᠭᠡ ᠠᠷᠭ᠎ᠠ ᠵᠠᠮ ᠢᠶᠠᠷ ᠠᠵᠢᠯᠯᠠᠭᠠᠨ ᠤ ᠭᠠᠷ ᠳᠡᠪᠲᠡᠷ ᠪᠠ ᠬᠡᠷᠡᠭᠯᠡᠬᠦ ᠠᠷᠭ᠎ᠠ ᠪᠣᠳᠣᠯᠭ᠎ᠠ ᠶᠢ ᠵᠣᠬᠢᠶᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ︽ᠮᠦᠩᠭᠡ ᠰᠣᠪᠠᠭ︾ ᠤᠨ APP ᠶᠢ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠵᠤ ᠠᠬᠤᠶᠢᠯᠠᠯ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠦᠯᠵᠢᠶᠡᠨ ᠳᠡᠭᠡᠷ᠎ᠡ ᠦᠨᠡᠨ ᠨᠡᠷ᠎ᠡ ᠪᠠᠷ ᠳᠠᠩᠰᠠᠯᠠᠭᠤᠯᠵᠤ᠂ ᠲᠠᠪᠴᠠᠩ ᠢᠶᠠᠷ ᠪᠠᠶᠢᠴᠠᠭᠠᠨ ᠯᠠᠪᠯᠠᠬᠤ ᠪᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠪᠠᠶᠢᠴᠠᠭᠠᠵᠤ ᠰᠢᠢᠳᠪᠦᠷᠢᠯᠡᠵᠦ ᠪᠣᠯᠬᠤ ᠵᠦᠢᠯᠡᠰ ᠢ ᠭᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ︽ᠮᠦᠩᠭᠡ ᠰᠣᠪᠠᠭ︾ ᠤᠨ APP ᠶᠢᠨ ᠬᠤᠪᠢ ᠬᠥᠮᠥᠨ᠂ ᠬᠠᠤᠯᠢ ᠶᠢᠨ ᠡᠷᠬᠡᠲᠡᠨ ᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠤᠭ᠎ᠠ ᠵᠢᠴᠢ ᠢᠳᠡᠪᠬᠢᠵᠢᠯ ᠤᠨ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠤᠨ᠎ᠠ᠃    ︵ᠳᠥᠷᠪᠡ︶ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 12345 ᠬᠠᠯᠠᠮᠰᠢᠯ ᠤᠲᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ᠮᠦᠩᠭᠡ ᠰᠣᠪᠠᠭ ᠤᠨ App᠂ ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠡᠯᠴᠡᠭᠡ ᠵᠡᠷᠭᠡ ᠰᠦᠯᠵᠢᠶᠡᠨ ᠳᠡᠭᠡᠷᠡᠬᠢ ᠠᠴᠢᠶᠠᠯᠠᠪᠤᠷᠢ ᠶᠢᠨ ᠠᠷᠭ᠎ᠠ ᠵᠠᠮ ᠢ ᠪᠠᠳᠠᠷᠠᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠳᠤ ᠲᠤᠬᠠᠶᠢᠯᠠᠭᠰᠠᠨ ᠠᠵᠢᠯ ᠤᠨ ᠭᠦᠢᠴᠡᠳᠬᠡᠯ ᠤᠨ ᠵᠢᠯᠣᠭᠤᠳᠤᠮᠵᠢ᠂ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠤᠪᠴᠢᠳᠠᠢ ᠪᠠᠷ ᠬᠦᠷᠭᠡᠬᠦ᠂ ᠰᠠᠨᠠᠯ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠦᠢᠯᠡᠴᠢᠯᠡᠭᠡ ᠬᠠᠩᠭᠠᠵᠤ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠭᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠵᠣᠬᠢᠴᠠᠭᠤᠯᠭ᠎ᠠ ᠪᠠᠨ ᠪᠦᠷᠢᠨᠰᠢᠭᠦᠯᠬᠦ ᠬᠡᠷᠡᠭᠲᠡᠢ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号