ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠲᠦᠴᠢᠦᠸᠠᠨ ᠤ ᠣᠷᠴᠢᠯ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︾ ᠢ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ‍ ᠨᠢᠭᠡ ᠯᠡ ᠥᠷᠲᠡᠭᠡᠨ ᠤ ᠮᠠᠶ᠋ᠢᠭ ᠤᠨ ︽ᠬᠢᠨᠠᠨ ᠵᠥᠪᠰᠢᠶᠡᠷᠡᠬᠦ ᠦᠢᠯᠡᠴᠢᠯᠡᠭᠡ ᠶᠢ ᠭᠦᠢᠴᠡᠳᠬᠡᠬᠦ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/7/19
       ᠲᠦᠴᠢᠦᠸᠠᠨ ᠵᠠᠰᠠᠭ ᠠᠯᠪᠠᠨ ᠲᠠᠷᠬᠠᠭᠠᠭᠰᠠᠨ 〔2022〕 49 ᠳ᠋ᠦ᠋ᠭᠡᠷ ᠲᠣᠭᠠᠲᠤ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠲᠦᠴᠢᠦᠸᠠᠨ ᠤ ᠣᠷᠴᠢᠯ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︾ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ‍ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠬᠡᠬᠦ ︽ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃      ᠲᠦᠴᠢᠦᠸᠠᠨ ᠤ ᠣᠷᠴᠢᠯ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ‍ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠬᠡᠬᠦ︾ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠡᠷᠡᠭᠵᠢᠭᠦᠯᠬᠦ ᠲᠥᠰᠥᠯ       ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠡᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ︽ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠡᠷᠬᠢᠯᠡᠬᠦ︾ ᠬᠠᠷᠠᠯᠲᠠ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠠᠷᠠᠯᠵᠢᠶᠠᠴᠢᠨ ᠤᠷᠢᠬᠤ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠵᠤ᠂ ᠡᠷᠲᠡ ᠪᠦᠲᠦᠭᠡᠨ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠥᠰᠥᠯ ᠢ ᠲᠣᠭᠲᠠᠭᠠᠪᠠ᠃     ᠨᠢᠭᠡ᠂ ᠠᠵᠢᠯ ᠤᠨ ᠬᠠᠷᠠᠯᠲᠠ     ︽ᠬᠦᠷᠢᠶᠡᠯᠡᠩ ᠲᠣᠭᠤᠷᠢᠭ ᠤᠨ ᠶᠠᠪᠤᠳᠠᠯ ᠢ ᠬᠦᠷᠢᠶᠡᠯᠡᠩ ᠲᠣᠭᠤᠷᠢᠭ ᠠᠴᠠ ᠭᠦᠢᠴᠡᠳᠭᠡᠬᠦ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠦᠷᠢᠶᠡᠯᠡᠩ ᠲᠣᠭᠤᠷᠢᠭ ᠤᠨ ︽ᠨᠢᠭᠡ ᠥᠷᠲᠡᠭᠡᠨ ᠤ ᠮᠠᠶ᠋ᠢᠭ︾ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠣᠷᠣᠨ ᠢ ᠪᠠᠶᠢᠭᠤᠯᠬᠤ ᠪᠠᠷ ᠳᠠᠮᠵᠢᠭᠤᠯᠤᠨ᠂ ︽ᠠᠵᠤ ᠠᠬᠤᠶᠢᠯᠠᠯ ᠤᠨ ᠭᠦᠶᠦᠯᠲᠡ ᠶᠢᠨ ᠠᠵᠢᠯ︾ ᠢ ︽ᠺᠠᠳ᠋ᠷ ᠢ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ︾ ᠠᠷᠭ᠎ᠠ ᠮᠠᠶ᠋ᠢᠭ ᠪᠣᠯᠭᠠᠨ ᠬᠤᠪᠢᠷᠠᠭᠤᠯᠵᠤ᠂ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠳᠤ ︽ᠳᠡᠯᠭᠡᠭᠦᠷ ᠤᠨ ᠵᠠᠷᠣᠴᠠ︾ ︽ᠠᠰᠠᠷᠠᠭᠴᠢ ᠮᠠᠶ᠋ᠢᠭ︾ ᠤᠨ ᠰᠢᠯᠢᠳᠡᠭ ᠰᠠᠶᠢᠨ ᠦᠢᠯᠡᠴᠢᠯᠡᠭᠡ ᠬᠠᠩᠭᠠᠵᠤ᠂ ︽ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠭᠠᠷᠳᠠᠮ ᠢ ᠭᠦᠢᠴᠡᠳᠬᠡᠬᠦ ᠶᠢ ᠪᠠᠲᠤᠯᠠᠨ᠂ ᠠᠵᠤ ᠠᠬᠤᠶᠢᠯᠠᠯ ᠤᠨ ᠭᠦᠶᠦᠯᠲᠡ ᠶᠢᠨ ᠠᠵᠢᠯ ᠶᠠᠪᠤᠳᠠᠯ ᠭᠦᠢᠴᠡᠳᠬᠡᠬᠦ ᠴᠠᠭ ᠤᠨ ᠥᠪᠡᠷ ᠤᠨ ᠥᠷᠲᠡᠭ ᠢ ᠪᠠᠭᠠᠰᠬᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠨ᠎ᠠ᠃        ᠬᠤᠶᠠᠷ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠤᠨ᠎ᠠ᠃ ᠰᠢᠶᠠᠨ ᠤ ᠣᠷᠴᠢᠯ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠨᠢᠭᠡ ᠥᠷᠲᠡᠭᠡᠨ ᠤ ᠮᠠᠶ᠋ᠢᠭ︾ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠢ ᠪᠠᠶᠢᠭᠤᠯᠵᠤ᠂ ᠵᠥᠪᠯᠡᠯᠭᠡ ᠥᠭᠬᠦ ᠦᠢᠯᠡᠴᠢᠯᠡᠭᠡ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠪᠠ ᠣᠷᠣᠯᠠᠨ ᠭᠦᠢᠴᠡᠳᠬᠡᠵᠦ ᠬᠠᠪᠰᠤᠷᠤᠨ ᠡᠷᠬᠢᠯᠡᠬᠦ ᠴᠣᠩᠬᠤ ᠭᠠᠷᠭᠠᠵᠤ᠂ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠭᠯᠡᠭᠦᠷ ᠢ ᠨᠠᠶᠢᠷᠠᠭᠤᠯᠤᠨ ᠳᠠᠷᠤᠮᠠᠯᠯᠠᠵᠤ᠂ ᠬᠤᠯᠪᠣᠭᠳᠠᠯ ᠪᠦᠬᠦᠢ ᠬᠥᠮᠥᠰ ᠢ ᠰᠣᠩᠭᠤᠨ ᠤᠷᠢᠵᠤ ᠣᠷᠣᠵᠤ ᠰᠠᠭᠤᠭᠰᠠᠨ ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠵᠢᠯᠣᠭᠤᠳᠤᠯᠭ᠎ᠠ ᠪᠠ ᠣᠷᠣᠯᠠᠨ ᠭᠦᠢᠴᠡᠳᠬᠡᠵᠦ ᠬᠠᠪᠰᠤᠷᠤᠨ ᠡᠷᠬᠢᠯᠡᠬᠦ ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶       ︵ᠬᠤᠶᠠᠷ︶ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ᠃ ᠡᠷᠦᠬᠡ ᠠᠮᠠ ᠣᠷᠣᠭᠰᠠᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠳᠤ᠂ ᠵᠢᠩᠬᠢᠨᠢ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠠᠴᠠ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠦᠨᠳᠦᠰᠦᠨ ᠪᠠᠶᠢᠳᠠᠯ ᠢ 5 ᠠᠵᠢᠯᠯᠠᠬᠤ ᠡᠳᠦᠷ ᠤᠨ ᠳᠣᠲᠣᠷ᠎ᠠ ᠠᠵᠢᠯ ᠤᠨ ᠵᠠᠬᠢᠳᠠᠯ ᠤᠨ ᠠᠷᠭ᠎ᠠ ᠮᠠᠶ᠋ᠢᠭ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠴᠠᠭ ᠲᠤᠬᠠᠢ ᠳᠤᠨᠢ ᠬᠦᠷᠭᠡᠬᠦ ᠬᠡᠷᠡᠭᠲᠡᠢ᠃   ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ   ᠠᠴᠠ ᠬᠠᠷᠢᠭᠤᠴᠠᠨ ᠲᠦᠷᠦᠭᠦᠯᠡᠵᠦ᠂ ᠬᠦᠷᠢᠶᠡᠯᠡᠩ ᠲᠣᠭᠤᠷᠢᠭ᠂ ᠲᠥᠷᠥᠯ ᠵᠦᠢᠯ ᠤᠨ ᠥᠮᠴᠢᠲᠡᠨ ᠵᠢᠴᠢ ᠰᠢᠶᠠᠨ ᠤ ᠱᠠᠲᠤᠨ ᠤ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ 3 ᠠᠵᠢᠯᠯᠠᠬᠤ ᠡᠳᠦᠷ ᠤᠨ ᠳᠣᠲᠣᠷ᠎ᠠ ᠬᠦᠷᠢᠶᠡᠯᠡᠩ ᠲᠣᠭᠤᠷᠢᠭ ᠲᠤ ᠬᠦᠷᠴᠦ ᠲᠥᠷᠥᠯ ᠵᠦᠢᠯ ᠢ ᠬᠢᠨᠠᠨ ᠵᠥᠪᠰᠢᠶᠡᠷᠡᠬᠦ ᠬᠤᠷᠠᠯ ᠬᠤᠳᠠᠯᠳᠤᠭᠠᠨ ᠤ ᠡᠪᠯᠡᠯ ᠤᠨ ᠬᠢᠨᠠᠨ ᠪᠠᠶᠢᠴᠠᠭᠠᠬᠤ ᠬᠤᠷᠠᠯ ᠬᠤᠷᠠᠯᠳᠤᠭᠤᠯᠵᠤ ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠬᠠᠮᠲᠤᠷᠠᠨ ᠵᠢᠯᠤᠭᠤᠳᠴᠤ ᠰᠤᠳᠠᠯ ᠪᠠᠷᠢᠵᠤ ᠬᠠᠮᠲᠤᠷᠠᠨ ᠣᠨᠣᠰᠢᠯᠠᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ︽ᠪᠥᠬᠦ ᠬᠡᠯᠬᠢᠶ᠎ᠡ︾ ᠶᠢᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠵᠡᠷᠭᠡ ᠳᠤᠨᠢ ᠠᠬᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ︶        ︵ᠭᠤᠷᠪᠠ︶ ᠪᠥᠬᠦ ᠶᠠᠪᠤᠴᠠ ᠳᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠨᠢ ᠣᠷᠣᠵᠤ ᠰᠠᠭᠤᠭᠰᠠᠨ ᠠᠵᠤ ᠠᠬᠤᠶᠢᠯᠠᠯ ᠯᠤᠭ᠎ᠠ ᠬᠢᠨᠠᠨ ᠵᠥᠪᠰᠢᠶᠡᠷᠡᠬᠦ ᠵᠦᠢᠯ ᠤᠨ ︽ᠲᠠᠨ ᠢ ᠬᠠᠪᠰᠤᠷᠴᠤ︾ ᠨᠠᠶᠢᠳᠠᠯᠭ᠎ᠠ ᠶᠢᠨ ᠭᠠᠷ ᠭᠦᠢᠴᠡᠳᠬᠡᠯ ᠢ ᠭᠦᠢᠴᠡᠳᠬᠡᠬᠦ ᠪᠠᠷ ᠲᠣᠭᠲᠠᠵᠤ᠂ ᠣᠷᠣᠵᠤ ᠰᠠᠭᠤᠭᠰᠠᠨ ᠠᠵᠤ ᠠᠬᠤᠶᠢᠯᠠᠯ ᠢ ᠬᠠᠪᠰᠤᠷᠤᠨ ᠵᠢᠯᠤᠭᠤᠳᠴᠤ ᠪᠠᠶᠢᠭᠠᠳ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠳᠤ ᠬᠡᠷᠡᠭᠰᠡᠬᠦ ᠮᠠᠲ᠋ᠧᠷᠢᠶᠠᠯ ᠢ ᠪᠡᠯᠡᠳᠬᠡᠨ᠂ ︽ᠲᠠᠨ ᠢ ᠬᠠᠪᠰᠤᠷᠤᠨ ᠭᠦᠢᠴᠡᠳᠬᠡᠬᠦ︾ ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ᠂ ︽ᠨᠢᠭᠡ ᠲᠥᠷᠥᠯ ᠵᠦᠢᠯ᠂ ᠨᠢᠭᠡ ᠢᠵᠢ ᠲᠥᠰᠥᠯ︾ ᠢ ᠪᠡᠶᠡᠯᠡᠭᠦᠯᠬᠦ ᠶᠢ ᠪᠠᠷᠢᠮᠲᠠᠯᠠᠨ᠂ ᠨᠢᠭᠡ ᠨᠢᠭᠡ ᠪᠠᠷ ᠠᠵᠤ ᠠᠬᠤᠶᠢᠯᠠᠯ ᠳᠤ ᠲᠥᠷᠥᠯ ᠵᠦᠢᠯ ᠲᠣᠭᠲᠠᠭᠠᠬᠤ ᠵᠥᠪᠰᠢᠶᠡᠷᠡᠯ ᠠᠴᠠ ᠠᠵᠢᠯ ᠳᠠᠭᠤᠰᠤᠭᠰᠠᠨ ᠢ ᠰᠢᠯᠭᠠᠨ ᠠᠪᠬᠤ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠪᠥᠬᠦ ᠴᠤᠪᠤᠷᠠᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠬᠠᠩᠭᠠᠨ᠎ᠠ᠃︵ᠬᠠᠷᠢᠭᠤᠴᠠᠯᠭᠠᠲᠤ ᠨᠢᠭᠡᠴᠡ᠄ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ︶         ︵ᠳᠥᠷᠪᠡ︶ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ + ᠠᠮᠠᠯᠠᠯᠲᠠ ᠪᠠᠨ ᠮᠡᠳᠡᠭᠳᠡᠬᠦ︾ ᠲᠣᠭᠲᠠᠴᠠ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠲᠤᠲᠠᠭᠳᠠᠵᠤ ᠪᠠᠶᠢᠬᠤ ᠶᠢ ᠪᠠᠭᠲᠠᠭᠠᠬᠤ ᠭᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠶᠢᠨ ᠬᠦᠷᠢᠶ᠎ᠡ ᠬᠡᠪᠴᠢᠶ᠎ᠡ᠂ ᠴᠠᠭ ᠤᠨ ᠬᠢᠵᠠᠭᠠᠷ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠥᠬᠦᠪᠦᠷᠢᠯᠡᠨ ᠵᠠᠯᠠᠷᠠᠭᠤᠯᠬᠤ ᠠᠷᠭ᠎ᠠ ᠮᠠᠶ᠋ᠢᠭ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠭᠥᠯᠢᠶᠡᠨ ᠠᠪᠴᠤ ᠰᠢᠢᠳᠪᠦᠷᠢᠯᠡᠬᠦ ᠪᠤᠶᠤ ᠬᠢᠨᠠᠨ ᠵᠥᠪᠰᠢᠶᠡᠷᠡᠬᠦ ᠦᠶ᠎ᠡ ᠳᠤ ᠲᠤᠲᠠᠭᠳᠠᠵᠤ ᠪᠠᠶᠢᠬᠤ ᠶᠢ ᠪᠠᠭᠲᠠᠭᠠᠬᠤ ᠭᠥᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠲᠤᠲᠠᠭᠳᠠᠵᠤ ᠪᠠᠶᠢᠬᠤ ᠶᠢ ᠪᠠᠭᠲᠠᠭᠠᠬᠤ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠮᠠᠲ᠋ᠧᠷᠢᠶᠠᠯ ᠢ ᠳᠥᠭᠦᠮᠴᠢᠯᠡᠨ᠂ ᠴᠤᠪᠤᠷᠠᠯ ᠢ ᠰᠢᠯᠢᠳᠡᠭᠵᠢᠭᠦᠯᠵᠦ᠂ ︽ᠠᠮᠠᠯᠠᠯᠲᠠ ᠪᠠᠨ ᠮᠡᠳᠡᠭᠳᠡᠵᠦ᠂ ᠲᠤᠲᠠᠭᠳᠠᠵᠤ ᠪᠠᠶᠢᠬᠤ ᠶᠢ ᠪᠠᠭᠲᠠᠭᠠᠭᠰᠠᠨ ᠤ ᠳᠠᠷᠠᠭ᠎ᠠ ᠨᠥᠬᠦᠪᠦᠷᠢᠯᠡᠬᠦ︾ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠮᠠᠲ᠋ᠧᠷᠢᠶᠠᠯ ᠪᠦᠷᠢᠨ ᠪᠤᠰᠤ   ᠠᠴᠠ ᠪᠣᠯᠵᠤ ᠨᠠᠰᠢ ᠴᠠᠰᠢ ᠭᠦᠶᠦᠬᠦ᠂ ᠣᠯᠠᠨ ᠤᠳᠠᠭ᠎ᠠ ᠭᠦᠶᠦᠬᠦ ᠠᠰᠠᠭᠤᠳᠠᠯ ᠢ ᠪᠦᠲᠦᠮᠵᠢᠲᠡᠶ ᠪᠠᠭᠠᠰᠬᠠᠨ᠎ᠠ᠃︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ︶        ᠭᠤᠷᠪᠠ᠂ ᠠᠵᠢᠯ ᠤᠨ ᠱᠠᠭᠠᠷᠳᠠᠯᠭ᠎ᠠ       ︵ᠨᠢᠭᠡ︶ ᠦᠢᠯᠡᠴᠢᠯᠡᠭᠡᠨ ᠤ ᠪᠠᠷᠢᠮᠵᠢᠶ᠎ᠠ ᠶᠢ ᠵᠢᠷᠤᠮᠵᠢᠭᠤᠯᠤᠨ᠎ᠠ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠬᠦᠷᠢᠶᠡᠯᠡᠩ ᠲᠣᠭᠤᠷᠢᠭ ᠤᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠴᠣᠩᠬᠤ ᠶᠢᠨ ᠪᠠᠷᠢᠮᠵᠢᠶ᠎ᠠ ᠵᠢ‌ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠵᠢᠷᠤᠮᠵᠢᠯ ᠲᠠᠢ ᠪᠥᠭᠡᠳ ᠲᠣᠬᠢᠷᠠᠮᠵᠢᠲᠠᠢ ᠠᠵᠢᠯᠯᠠᠬᠤ ᠲᠠᠯᠠᠪᠤᠷ ᠬᠠᠩᠭᠠᠬᠤ ᠶᠢᠨ ᠬᠠᠮᠲᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠲᠤ ᠲᠦᠰᠢᠭᠯᠡᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠤᠰᠬᠠᠢ ᠲᠣᠭᠤᠷᠢᠭ ᠪᠠᠶᠢᠭᠤᠯᠵᠤ᠂ ᠦᠢᠯᠡᠴᠢᠯᠡᠭᠡᠨ ᠤ ᠴᠣᠩᠬᠤ ᠪᠠᠶᠢᠭᠤᠯᠤᠨ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ᠂ ᠰᠢᠷᠪᠢᠭᠦᠷ ᠵᠡᠷᠭᠡ ᠠᠯᠪᠠᠯᠠᠬᠤ ᠲᠥᠬᠦᠭᠡᠷᠦᠮᠵᠢ ᠶᠢ ᠪᠦᠷᠢᠨ ᠲᠣᠬᠢᠷᠠᠭᠤᠯᠬᠤ ᠶᠢᠨ ᠬᠠᠮᠲᠤ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠴᠣᠩᠬᠤᠨ ᠤ ᠠᠵᠢᠯ ᠤᠨ ᠡᠭᠦᠷᠭᠡ ᠬᠠᠷᠢᠭᠤᠴᠠᠯᠭ᠎ᠠ᠂ ᠭᠦᠢᠴᠡᠳᠬᠡᠬᠦ ᠵᠦᠢᠯᠡᠰ᠂ ᠠᠵᠢᠯ ᠤᠨ ᠴᠤᠪᠤᠷᠠᠯ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ ᠢᠯᠡ ᠨᠡᠶᠢᠲᠡᠯᠡᠵᠦ᠂ ᠴᠣᠩᠬᠤᠨ ᠤ ᠬᠡᠪ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃        ︵ᠬᠤᠶᠠᠷ︶ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠶᠢ ᠴᠢᠩᠭᠠᠷᠠᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠬᠤ ᠶᠢ ᠬᠠᠷᠢᠭᠤᠴᠠᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠣᠬᠢᠷᠠᠭᠤᠯᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠤᠨ ᠪᠣᠳᠠᠲᠠᠢ ᠠᠵᠢᠯᠲᠠᠨ ᠳᠤ ᠪᠥᠬᠦ ᠲᠠᠯ᠎ᠠ ᠶᠢᠨ ᠪᠣᠯᠪᠠᠰᠤᠷᠠᠭᠤᠯᠤᠯ ᠬᠢᠬᠦ ᠬᠡᠷᠡᠭᠳᠡᠢ᠃ ᠡᠭᠦᠨ ᠤ ᠬᠠᠮᠲᠤ ᠲᠤᠰᠬᠠᠢ ᠬᠥᠮᠥᠨ ᠲᠣᠮᠢᠯᠠᠨ ᠨᠠᠭᠠᠲᠤ ᠵᠠᠬ᠎ᠠ ᠳᠠᠭᠠᠨ ᠰᠠᠷ᠎ᠠ ᠪᠦᠷᠢ ᠨᠢᠭᠡ ᠤᠳᠠᠭ᠎ᠠ ᠬᠦᠷᠢᠶᠡᠯᠡᠩ ᠲᠣᠭᠤᠷᠢᠭ ᠤᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠴᠣᠩᠬᠤᠨ ᠳᠤ ᠭᠦᠨᠵᠡᠭᠡᠶᠢᠷᠡᠵᠦ᠂ ᠬᠦᠷᠢᠶᠡᠯᠡᠩ ᠲᠣᠭᠤᠷᠢᠭ ᠤᠨ ᠠᠵᠢᠯᠲᠠᠳ ᠲᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠵᠢᠯᠣᠭᠤᠳᠤᠯᠭ᠎ᠠ ᠪᠠᠷ ᠳᠠᠮᠵᠢᠭᠤᠯᠤᠨ ᠠᠵᠢᠯᠲᠠᠳ ᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃        ︵ᠭᠤᠷᠪᠠ︶ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠤᠨ᠎ᠠ᠃ ︽ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠪᠠ ᠥᠪᠡᠰᠦᠪᠡᠨ ᠦᠢᠯᠡᠴᠢᠯᠡᠬᠦ ᠦᠵᠦᠭᠦᠷ ᠢ ᠬᠦᠷᠢᠶᠡᠯᠡᠩ ᠲᠣᠭᠤᠷᠢᠭ ᠳᠠᠰᠢ ᠤᠷᠲᠤᠳᠬᠠᠬᠤ ᠶᠢ ᠢᠳᠡᠪᠬᠢᠲᠡᠢ ᠪᠠᠷ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ ᠶᠢ ᠲᠦᠷᠭᠡᠳᠬᠡᠨ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠥᠨᠳᠥᠷ ᠦᠷ᠎ᠡ ᠪᠦᠲᠦᠮᠵᠢᠲᠡᠶ ᠪᠥᠭᠡᠳ ᠲᠦᠷᠭᠡᠨ ᠪᠠᠶᠢᠬᠤ ᠶᠢ ᠦᠨᠡᠨᠬᠦ ᠪᠠᠲᠤᠯᠠᠨ᠎ᠠ        ︵ᠳᠥᠷᠪᠡ︶ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠢᠭᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠬᠦ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ᠂ ᠦᠢᠯᠡᠴᠢᠯᠡᠭᠡᠨ ᠤ ᠠᠮᠠᠯᠠᠯᠲᠠ ᠬᠢᠬᠦ᠂ ᠲᠣᠬᠢᠷᠠᠭᠤᠯᠤᠨ ᠬᠠᠷᠢᠭᠤ ᠲᠤᠰᠬᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠴᠤᠪᠤᠷᠠᠯ ᠢ ᠵᠢᠷᠤᠮᠵᠢᠭᠤᠯᠤᠨ᠎ᠠ᠃        ︵ᠲᠠᠪᠤ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠬᠦᠷᠢᠶᠡᠯᠡᠩ ᠲᠣᠭᠤᠷᠢᠭ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠤᠨ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠬᠥᠮᠥᠨ᠂ ᠡᠳ᠋᠂ ᠪᠣᠳᠠᠰ ᠤᠨ ᠵᠠᠷᠤᠳᠠᠯ ᠤᠨ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃            ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2022 ᠣᠨ ᠤ 5 ᠰᠠᠷ᠎ᠠ ᠶᠢᠨ27 ᠤ ᠡᠳᠦᠷ
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号