ᠲᠦᠴᠢᠦᠸᠠᠨ ᠰᠢᠶᠠᠨ︽ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ︾ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/27
    7 ᠰᠠᠷ᠎ᠠ ᠶᠢᠨ 24  ᠤ ᠡᠳᠦᠷ᠂ ᠲᠦᠴᠢᠦᠸᠠᠨ ᠰᠢᠶᠠᠨ︽ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ︾ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠲᠤᠰ ᠤᠳᠠᠭ᠎ᠠ ᠶᠢᠨ ᠠᠵᠢᠯᠯᠠᠭ᠎ᠠ ᠶᠢ ᠲᠦᠴᠢᠦᠸᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠢ ᠠᠬᠢᠭᠤᠯᠬᠤ ᠬᠤᠷᠠᠯ ᠠᠴᠠ ᠭᠤᠣᠯᠯᠠᠨ ᠡᠷᠬᠢᠯᠡᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠠᠶᠢᠫᠢᠩ ᠰᠢᠶᠠᠩ ᠤᠨ ᠵᠠᠰᠠᠭ ᠤᠨ ᠣᠷᠳᠣᠨ ᠪᠣᠯᠣᠨ ᠨᠡᠷᠡᠨ ᠬᠡᠷᠡᠯᠳᠦ ᠤᠯᠠᠭᠠᠨᠮᠥ᠋ᠴᠢᠷ ᠤᠨ ᠪᠦᠯᠬᠦᠮ ᠤᠨ ᠰᠣᠩᠭᠤᠨ ᠬᠦᠷᠭᠡᠭᠰᠡᠨ ᠳᠠᠭᠤᠤ ᠪᠥᠵᠢᠭ︽ᠵᠠᠮᠴᠢᠯᠠᠭ᠎ᠠ︾᠂︽ᠡᠬᠡ ᠤᠯᠤᠰ ᠢᠶᠠᠨ ᠢᠷᠦᠭᠡᠶ᠎ᠡ︾᠂︽ᠬᠦᠷ ᠬᠥᠭᠵᠢᠶᠡᠨ ᠲᠠᠢ︾ᠵᠡᠷᠭᠡ ᠲᠣᠭᠯᠠᠯᠲᠠ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠪᠦᠬᠦ ᠲᠠᠯᠠᠪᠠᠢ ᠶᠢᠨ ᠤᠷᠠᠨ ᠰᠠᠶᠢᠬᠠᠨ ᠤ ᠲᠣᠭᠯᠠᠯᠲᠠ ᠭᠤᠶᠢᠳᠠ ᠰᠠᠶᠢᠬᠠᠨ ᠶᠠᠪᠤᠭᠳᠠᠵᠤ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠤᠯᠠᠨ ᠳᠤ ᠡᠯᠪᠡᠭ ᠪᠠᠶᠠᠯᠢᠭ ᠰᠣᠶᠣᠯ ᠤᠨ ᠲᠠᠩᠰᠤᠭ ᠬᠤᠭᠤᠯᠠ ᠶᠢ ᠡᠳ᠋ᠯᠡᠭᠦᠯᠵᠡᠢ᠃
    ᠡᠭᠦᠨ ᠤ ᠬᠠᠮᠲᠤ᠂ ᠮᠠᠨ ᠤ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠠᠮᠢᠳᠤᠷᠠᠯ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠠᠮᠢᠳᠤᠷᠠᠯ ᠡᠳᠦᠷ ᠢᠷᠡᠬᠦᠶ᠎ᠡ ᠥᠭᠡᠳᠡᠯᠡᠵᠦ ᠪᠠᠶᠢᠭ᠎ᠠ ᠶᠢ ᠭᠦᠢᠴᠡᠳ ᠬᠠᠷᠠᠭᠤᠯᠤᠭᠰᠠᠨ ᠪᠠᠶᠢᠨ᠎ᠠ᠃ᠮᠥᠨ ᠴᠦ ᠦᠨᠳᠦᠰᠦᠲᠡᠨ ᠨᠦᠭᠦᠳ ᠤᠨ ᠣᠯᠠᠨ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠷᠢᠯᠴᠠᠨ ᠬᠠᠪᠰᠤᠷᠤᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠬᠠᠮᠲᠤ ᠶᠢᠨ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠴᠢᠷᠮᠠᠶᠢᠨ ᠪᠦᠲᠦᠭᠡᠨ ᠪᠠᠶᠢᠭᠤᠯᠬᠤ ᠶᠢ ᠢᠯᠡᠷᠡᠭᠦᠯᠦᠭᠰᠡᠨ ᠪᠠᠶᠢᠨ᠎ᠠ᠃
          ᠲᠦᠴᠢᠦᠸᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ ᠠᠬᠢᠭᠤᠯᠬᠤ ᠬᠤᠷᠠᠯ ᠪᠠᠶᠢᠭᠤᠯᠤᠭᠳᠠᠭᠰᠠᠨ ᠠᠴᠠ ᠨᠠᠰᠢ᠂ ᠥᠷᠭᠡᠨ ᠤᠯᠠᠨ ᠲᠦᠮᠡᠨ ᠢ ᠵᠣᠬᠢᠶᠠᠨ ᠪᠠᠶᠢᠭᠤᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠲᠣᠭᠤᠷᠢᠨ ᠳᠤ ᠰᠢᠨ᠎ᠡ ᠶᠢ ᠡᠭᠦᠳᠬᠦ ᠪᠠᠷ ᠭᠤᠣᠯᠳᠠᠭᠤᠯᠤᠨ᠂ ︽166 ᠠᠵᠢᠯ ᠤᠨ ᠲᠣᠭᠲᠠᠴᠠ︾ ᠶᠢ ᠳᠤᠷᠠᠳᠤᠨ ᠭᠠᠷᠭᠠᠪᠠ᠂ ᠲᠤᠬᠠᠶᠢᠯᠠᠪᠠᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠲᠤ ᠪᠠᠬᠢ ᠪᠤᠢ ᠪᠣᠯᠭᠠᠬᠤ ᠲᠠᠢ ᠨᠢᠭᠲᠠ ᠤᠶᠠᠯᠳᠤᠭᠤᠯᠤᠨ᠂ ᠵᠢᠷᠭᠤᠭᠠᠨ ᠠᠵᠢᠯᠯᠠᠭᠠᠨ ᠤ ᠠᠴᠢᠶᠠᠯᠠᠪᠤᠷᠢ ᠶᠢ ᠪᠦᠲᠦᠮᠵᠢᠲᠡᠶ ᠪᠠᠷ ᠡᠭᠦᠳᠦᠨ ᠪᠠᠶᠢᠭᠤᠯᠵᠤ᠂ ᠵᠢᠷᠭᠤᠭᠠᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ ᠬᠠᠮᠲᠤ ᠪᠠᠷ ᠡᠭᠦᠳᠦᠨ ᠪᠠᠶᠢᠭᠤᠯᠬᠤ ᠠᠵᠢᠯ ᠢ ᠤᠯᠠᠨ ᠲᠦᠮᠡᠨᠴᠢᠯᠡᠬᠦ᠂ ᠬᠥᠮᠥᠨ ᠤ ᠰᠣᠶᠣᠯ ᠢ ᠡᠷᠬᠢᠮᠯᠡᠬᠦ᠂ ᠪᠣᠳᠠᠲᠤ ᠴᠣᠭᠴᠠᠴᠢᠯᠠᠬᠤ ᠶᠢ ᠦᠨᠡᠨ ᠬᠦ ᠲᠦᠯᠬᠢᠨ ᠠᠬᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号