︽ᠪᠠᠶᠠᠷᠲᠠᠢ ᠪᠠᠷ ᠬᠤᠳᠠᠯᠳᠤᠨ ᠠᠪᠬᠤ ᠲᠦᠴᠢᠦᠸᠠᠨ · ᠬᠤᠳᠠᠯᠳᠤᠭᠠᠴᠢᠨ ᠢ ᠳᠡᠮᠵᠢᠨ ᠠᠷᠠᠳ ᠲᠤ ᠠᠰᠢᠭ ᠬᠦᠷᠲᠡᠭᠡᠬᠦ︾ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ 7 ᠰᠠᠷ᠎ᠠ ᠶᠢᠨ 29 ᠤ ᠡᠳᠦᠷ ᠲᠠᠷᠬᠠᠭᠠᠨ᠎ᠠ
ᠨᠡᠶᠢᠲᠡᠯᠡᠭᠰᠡᠨ ᠴᠠᠭ᠄
2022/7/28
     ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠶᠢᠨ ᠲᠥᠯᠥᠭᠡ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠬᠡᠷᠡᠭᠯᠡᠭᠡᠨ ᠤ ᠦᠨᠳᠦᠰᠦᠨ ᠦᠨ᠎ᠡ ᠶᠢ ᠲᠣᠭᠲᠠᠪᠤᠷᠢᠵᠢᠭᠤᠯᠵᠤ᠂ ᠮᠠᠨ ᠤ ᠰᠢᠶᠠᠨ 7 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨᠡᠬᠢ 10 ᠴᠠᠭ ᠲᠤ ᠥᠪᠥᠷ ᠮᠣᠩᠭᠤᠯ ᠤᠨ ᠪᠠᠩᠬᠢ ᠶᠢᠨ ᠬᠤᠯᠪᠣᠭᠠᠨ ᠤ ᠺᠣᠮᠫᠠᠨᠢ ᠶᠢᠨ ︽ᠶᠦᠨ ᠱᠠᠨ ᠹᠦ᠋︾ ᠲᠠᠪᠴᠠᠩ ᠢ ᠠᠰᠢᠭᠯᠠᠨ ︽ ᠪᠠᠶᠠᠷᠲᠠᠢ ᠪᠠᠷ ᠬᠤᠳᠠᠯᠳᠤᠨ ᠠᠪᠬᠤ ᠲᠦᠴᠢᠦᠸᠠᠨ · ᠬᠤᠳᠠᠯᠳᠤᠭᠠᠴᠢᠨ ᠢ ᠳᠡᠮᠵᠢᠨ ᠠᠷᠠᠳ ᠲᠤ ᠠᠰᠢᠭ ᠬᠦᠷᠲᠡᠭᠡᠬᠦ︾ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ ᠥᠷᠭᠡᠨ ᠣᠯᠠᠨ ᠬᠡᠷᠡᠭᠯᠡᠭᠴᠢᠳ ᠤᠨ ᠲᠣᠭᠲᠠᠭᠠᠭᠰᠠᠨ ᠲᠣᠮᠣ ᠬᠡᠯᠪᠡᠷᠢ ᠶᠢᠨ ᠬᠡᠲᠦ ᠳᠡᠯᠭᠡᠭᠦᠷ ᠤᠨ ᠬᠡᠷᠡᠭᠯᠡᠭᠡ ᠨᠢ 100 ᠲᠥᠭᠦᠷᠢᠭ ᠠᠴᠠ ᠬᠡᠲᠦᠷᠡᠪᠡᠯ ᠲᠡᠷᠡ ᠳᠠᠷᠤᠢ ᠳᠤᠨᠢ 25 ᠲᠥᠭᠦᠷᠢᠭ ᠢ ᠲᠤᠯᠭᠠᠨ ᠰᠠᠭᠤᠯᠭᠠᠵᠤ ᠪᠣᠯᠣᠨ᠎ᠠ᠂ ᠵᠢᠭᠠᠨ ᠲᠣᠭᠲᠠᠭᠠᠭᠰᠠᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠡᠷᠡᠭᠯᠡᠭᠡ  ᠨᠢ 200 ᠲᠥᠭᠦᠷᠢᠭ ᠠᠴᠠ ᠬᠡᠲᠦᠷᠡᠪᠡᠯ ᠲᠡᠷᠡ ᠳᠠᠷᠤᠢ ᠳᠤᠨᠢ 40 ᠲᠥᠭᠦᠷᠢᠭ ᠢ ᠲᠤᠯᠭᠠᠨ ᠰᠠᠭᠤᠯᠭᠠᠵᠤ ᠪᠣᠯᠣᠨ᠎ᠠ᠂ ᠪᠣᠳᠠᠲᠠᠢ ᠨᠠᠷᠢᠨ ᠪᠠᠶᠢᠳᠠᠯ ᠢ ᠣᠯᠠᠨ ᠢᠶᠠᠷ ᠢᠶᠠᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯᠯᠠᠭ᠎ᠠ ᠶᠢ ᠠᠩᠬᠠᠷᠬᠤ ᠶᠢᠨ ᠬᠠᠮᠲᠤ ︽ᠶᠦᠨ ᠱᠠᠨ ᠹᠦ᠋ APP︾ ᠶᠢ ᠪᠠᠭᠤᠯᠭᠠᠨ ᠠᠪᠴᠤ ᠬᠡᠷᠡᠭᠯᠡᠭᠡᠨ ᠤ ᠬᠠᠷᠠᠭᠠᠯᠵᠠᠯ ᠢ ᠡᠳ᠋ᠯᠡᠵᠦ ᠪᠣᠯᠣᠨ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号