ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠰᠤᠷᠤᠭᠴᠢᠳ ᠤᠨ ᠦᠢᠯᠡᠴᠢᠯᠡᠭᠡ ᠪᠠ ᠬᠡᠪ ᠴᠢᠨᠠᠷ ᠤᠨ | ᠬᠥᠭᠵᠢᠯᠲᠡ ᠶᠢᠨ ᠲᠥᠪ ᠠᠴᠠ ᠣᠶᠤᠲᠠᠳ ᠤᠨ ᠠᠵᠢᠯ ᠣᠯᠵᠤ ᠦᠢᠯᠡᠰ ᠴᠣᠭᠴᠠᠯᠠᠭᠰᠠᠨ ᠬᠥᠮᠥᠰ ᠤᠨ ᠦᠶᠯᠡ | ᠠᠵᠢᠯᠯᠠᠭ᠎ᠠ ᠶᠢ ᠡᠯᠰᠡᠬᠦ ᠨᠡᠷᠡᠰ ᠢ ᠨᠡᠶᠢᠲᠡᠯᠡᠪᠡ᠃ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠤᠯᠠᠨ ᠤᠯᠤᠰ ᠤᠨ ᠰᠤᠷᠭᠠᠨ ᠬᠥᠮᠦᠵᠢᠯ ᠤᠨ ᠰᠠᠯᠪᠤᠷᠢ ᠠᠴᠠ ᠲᠡᠭᠦᠰᠴᠦ᠂ ᠤᠳᠤ ᠡᠪ ᠬᠠᠮᠲᠤ ᠵᠠᠯᠠᠭᠤᠴᠤᠳ ᠤᠨ | ᠡᠪᠯᠡᠯ ᠤᠨ ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠪᠦᠲᠦᠭᠡᠨ ᠪᠠᠶᠢᠭᠤᠯᠤᠯᠲᠠ ᠶᠢᠨ ᠬᠡᠯᠲᠡᠰ ᠤᠨ ᠬᠠᠷᠢᠭᠤᠴᠠᠯᠭᠠᠲᠠᠨ ᠤ ᠲᠤᠰᠢᠶᠠᠯ ᠲᠠᠢ ᠰᠢᠦᠢ ᠷᠠᠨ ᠰᠤᠷᠭᠠᠭᠤᠯᠢ ᠶᠢᠨ | ᠲᠡᠰ ᠤᠨ ᠰᠢᠯᠭᠠᠷᠠᠭᠤᠯᠤᠯᠲᠠ᠂ ᠮᠤᠵᠢ ᠶᠢᠨ ᠲᠡᠰ ᠤᠨ ᠲᠠᠨᠢᠯᠴᠠᠭᠤᠯᠭ᠎ᠠ᠂ ᠤᠯᠤᠰ ᠤᠨ ᠲᠡᠰ ᠤᠨ ᠰᠢᠯᠭᠠᠷᠠᠭᠤᠯᠤᠯᠲᠠ | ᠵᠡᠷᠭᠡ ᠭᠤᠷᠪᠠᠨ ᠱᠠᠲᠤ ᠪᠠᠷ ᠳᠠᠮᠵᠢᠭᠠᠳ᠂ ︽ᠭᠢᠯᠠᠯᠵᠠᠮ᠎ᠠ ᠡᠳᠦᠷ ︱ ᠵᠠᠯᠠᠭᠤ ᠨᠠᠰᠤᠨ ᠤ ᠪᠠᠶᠢᠪᠠᠰᠤ ᠵᠣᠬᠢᠬᠤ ᠳᠦᠷᠢ | ᠲᠥᠷᠬᠦ︾ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠬᠥᠮᠥᠰ ᠤᠨ ᠦᠨᠳᠦᠰᠦᠨ ᠱᠠᠲᠤᠨ ᠤ ᠠᠵᠢᠯ | ᠣᠯᠭᠤᠯᠲᠠ ᠶᠢᠨ ᠨᠡᠷᠡᠰ ᠲᠤ ᠰᠣᠩᠭᠤᠭᠳᠠᠵᠠᠢ᠃ | | ᠰᠢᠦᠢ ᠷᠠᠨ᠂ 2020 ᠣᠨ ᠤ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ | ᠪᠣᠯᠤᠭᠰᠠᠨ ᠤ ᠬᠤᠪᠢ ᠳᠤ᠂ ᠲᠡᠷᠡ ᠦᠨᠳᠦᠰᠦᠨ ᠱᠠᠲᠤᠨ ᠳᠤ ᠦᠨᠳᠦᠰᠦᠯᠡᠬᠦ ᠢᠲᠡᠭᠡᠯ ᠵᠣᠷᠢᠭ ᠢ ᠡᠪᠦᠷᠯᠡᠵᠦ᠂ | ᠥᠪᠡᠷ ᠤᠨ ᠵᠠᠯᠠᠭᠤ ᠨᠠᠰᠤ ᠪᠣᠯᠣᠨ ᠬᠠᠯᠠᠭᠤᠨ ᠴᠢᠰᠤ ᠪᠠᠨ ᠡᠨᠡᠬᠦ ᠨᠤᠲᠤᠭ ᠳᠡᠪᠢᠰᠬᠡᠷ ᠲᠡᠭᠡᠨ ᠤᠷᠤᠰᠬᠠᠵᠤ᠂ | ᠦᠨᠳᠦᠰᠦᠨ ᠱᠠᠲᠤᠨ ᠳᠤ ᠦᠢᠯᠡᠴᠢᠯᠡᠵᠦ᠂ ᠦᠨᠳᠦᠰᠦᠨ ᠱᠠᠲᠤ ᠶᠢ ᠪᠦᠲᠦᠭᠡᠨ ᠪᠠᠶᠢᠭᠤᠯᠵᠠᠢ᠃ | 2020 ᠣᠨ ᠤ ᠡᠬᠢ ᠪᠠᠷ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ | ᠳᠡᠯᠭᠡᠷᠡᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠡᠳᠦᠷ ᠢᠷᠡᠬᠦᠶ᠎ᠡ ᠬᠦᠨᠳᠦ ᠬᠡᠴᠡᠭᠦᠦ ᠪᠣᠯᠪᠠ᠃ ᠣᠶᠤᠲᠠᠨ | ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠰᠢᠦᠢ ᠷᠠᠨ ᠲᠡᠷᠡ ᠳᠠᠷᠤᠢ ᠳᠤᠨᠢ ᠨᠡᠷ᠎ᠡ ᠮᠡᠳᠡᠭᠦᠯᠵᠦ᠂ | ᠲᠦᠴᠢᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠰᠠᠶᠢᠨ ᠳᠤᠷ᠎ᠠ ᠶᠢᠨ ᠠᠵᠢᠯᠯᠠᠭᠴᠢ | ᠪᠣᠯᠬᠤ ᠪᠠᠷ ᠭᠤᠶᠤᠴᠢᠯᠠᠵᠤ᠂ ᠭᠤᠣᠯᠳᠠᠭᠤ ᠪᠥᠬᠦ ᠰᠢᠶᠠᠨ ᠤ ᠪᠣᠶ ᠪᠦᠬᠦᠢ ᠵᠠᠰᠠᠭ ᠵᠠᠬᠢᠷᠭ᠎ᠠ ᠠᠵᠢᠯ ᠦᠢᠯᠡᠰ ᠤᠨ | ᠨᠢᠭᠡᠴᠡ ᠳᠤ ᠬᠢᠵᠢᠭ ᠢ ᠰᠡᠷᠭᠡᠶᠢᠯᠡᠬᠦ ᠡᠳ᠋ ᠪᠣᠳᠠᠰ ᠲᠦᠭᠡᠭᠡᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠡᠳ᠋ | ᠪᠣᠳᠠᠰ ᠢ ᠨᠥᠭᠡᠴᠡᠯᠡᠵᠦ ᠬᠥᠮᠥᠷᠭᠡ ᠳᠤ ᠣᠷᠣᠭᠤᠯᠬᠤ ᠶᠢ ᠳᠡᠩᠰᠡᠯᠡᠨ ᠲᠠᠷᠬᠠᠭᠠᠬᠤ ᠠᠵᠢᠯ ᠢ ᠰᠠᠶᠢᠲᠤᠷ ᠬᠢᠵᠦ᠂ | ᠰᠢᠦᠢ ᠷᠠᠨ ᠳᠤ ᠠᠪᠴᠤ ᠬᠡᠯᠡᠪᠡᠯ ᠨᠢᠭᠡ ᠵᠦᠢᠯ ᠤᠨ ᠰᠢᠯᠭᠠᠯᠲᠠ ᠪᠣᠯᠣᠨ᠎ᠠ᠃ | | ᠰᠢᠤᠢ ᠷᠠᠨ ᠶᠡᠷᠦ ᠰᠦᠨᠢ ᠳᠦᠯᠢ ᠪᠣᠯᠲᠠᠯ᠎ᠠ ᠡᠳ᠋ ᠪᠣᠳᠠᠰ ᠳᠡᠭᠡᠭᠡᠪᠤᠷᠢᠯᠡᠨ ᠵᠦᠭᠡᠭᠡᠵᠤ᠂ ᠭᠠᠷ ᠨᠢ ᠤᠯᠠᠶᠢᠵᠤ | ᠬᠠᠪᠤᠳᠤᠨ ᠡᠪᠡᠳᠴᠦ᠂ ᠨᠢᠷᠤᠭᠤ ᠨᠢ ᠴᠦ ᠶᠠᠳᠠᠷᠠᠭᠠᠳ ᠱᠠᠷᠬᠢᠷᠠᠨ ᠡᠪᠡᠳᠳᠡᠭ᠃ ᠦᠳᠡ ᠳᠤ ᠠᠵᠢᠯᠯᠠᠵᠤ ᠪᠠᠶᠢᠭ᠎ᠠ | ᠭᠠᠵᠠᠷ ᠲᠠᠭᠠᠨ ᠳᠥᠭᠦᠮᠬᠡᠨ ᠰᠢᠭ ᠦᠳᠡ ᠶᠢᠨ ᠬᠤᠭᠤᠯᠠ ᠢᠳᠡᠭᠰᠡᠨ ᠤ ᠳᠠᠷᠠᠭ᠎ᠠ ᠦᠷᠭᠦᠯᠵᠢᠯᠡᠨ ᠠᠵᠢᠯᠯᠠᠵᠤ᠂ | ᠣᠷᠣᠢ ᠳᠠᠭᠠᠨ ᠰᠠᠭᠤᠴᠠ ᠳᠠᠭᠠᠨ ᠬᠠᠷᠢᠵᠤ᠂ ᠬᠠᠮᠠᠭᠠᠯᠠᠯᠲᠠ ᠶᠢᠨ ᠬᠤᠪᠴᠠᠰᠤ ᠪᠠᠨ ᠲᠠᠶᠢᠯᠬᠤ ᠳᠤ᠂ ᠪᠡᠶ᠎ᠡ | ᠨᠠᠭᠠᠯᠳᠤᠭᠰᠠᠨ ᠬᠤᠪᠴᠠᠰᠤ ᠨᠢ ᠠᠯᠢ ᠬᠡᠳᠦᠶᠢᠨ ᠬᠥᠯᠥᠰᠦᠨ ᠳᠤ ᠳᠡᠪᠲᠦᠵᠦ᠂ ᠬᠤᠶᠠᠷ ᠭᠠᠷ ᠢᠶᠠᠨ ᠪᠡᠭᠡᠯᠡᠢ ᠳᠤ | ᠪᠣᠭᠤᠭᠰᠠᠨ ᠬᠥᠯᠥᠰᠦᠨ ᠳᠤ ᠳᠡᠪᠲᠦᠵᠦ ᠠᠷᠠᠰᠤ ᠨᠢ ᠠᠲᠤᠷᠢᠳᠠᠭ᠃ | ᠡᠨᠡ ᠬᠡᠳᠦᠨ ᠡᠳᠦᠷ ᠤᠨ ᠰᠠᠶᠢᠨ ᠳᠤᠷ᠎ᠠ ᠶᠢᠨ ᠦᠢᠯᠡᠴᠢᠯᠡᠭᠡ ᠶᠢᠨ ᠳᠤᠮᠳᠠ ᠰᠢᠦᠢ ᠷᠠᠨ ᠪᠠᠰᠠ ᠲᠥᠷᠥᠯ | ᠰᠠᠳᠤᠨ ᠨᠠᠶᠢᠵᠠ ᠨᠥᠬᠦᠳ ᠤᠨ ᠢᠶᠠᠨ ᠵᠣᠷᠢᠭᠵᠢᠭᠤᠯᠤᠯ ᠢ ᠣᠯᠣᠭᠰᠠᠨ ᠪᠠᠶᠢᠨ᠎ᠠ᠂ ᠡᠳᠡᠭᠡᠷ ᠨᠢ ᠲᠡᠭᠦᠨ ᠢ | ᠠᠮᠵᠢᠯᠲᠠ ᠪᠦᠲᠦᠮᠵᠢ ᠶᠢᠨ ᠰᠡᠳᠬᠢᠭᠳᠡᠯ ᠲᠠᠢ ᠪᠣᠯᠭᠠᠭᠰᠠᠨ ᠪᠥᠭᠡᠳ ᠬᠢᠵᠢᠭ ᠰᠡᠷᠭᠡᠶᠢᠯᠡᠬᠦ ᠠᠵᠢᠯ ᠢ ᠴᠤ ᠬᠠᠯᠠᠭᠤᠨ | ᠳᠤᠯᠠᠭᠠᠨ᠂ ᠬᠦᠴᠦᠨ ᠴᠢᠳᠠᠯ ᠢ ᠨᠡᠮᠡᠭᠳᠡᠭᠦᠯᠦᠭᠰᠡᠨ ᠪᠠᠶᠢᠨ᠎ᠠ᠃ ᠲᠡᠷᠡ ᠬᠦ ᠮᠠᠷᠲᠠᠭᠳᠠᠰᠢ ᠦᠭᠡᠢ ᠥᠩᠭᠡᠷᠡᠯᠲᠡ ᠪᠠᠨ | ᠡᠷᠭᠢᠴᠡᠭᠦᠯᠬᠦ ᠳᠡᠭᠡᠨ᠄ ︽ᠡᠨᠡ ᠬᠦ ᠣᠨᠴᠠᠭᠠᠶ ᠬᠢᠵᠢᠭ ᠢ ᠡᠰᠡᠷᠭᠦᠴᠡᠭᠰᠡᠨ ᠥᠩᠭᠡᠷᠡᠯᠲᠡ ᠨᠢ ᠨᠠᠳᠠ ᠳᠤ ᠲᠤᠭ᠎ᠠ | ᠲᠣᠮᠰᠢ ᠦᠭᠡᠢ ᠣᠯᠠᠨ ᠳᠣᠭᠳᠣᠯᠤᠯ ᠪᠠ ᠦᠰᠦᠨ ᠪᠤᠶᠢᠵᠢᠯᠲᠠ ᠶᠢ ᠠᠪᠴᠢᠷᠠᠵᠤ ᠥᠭᠭᠦᠭᠰᠡᠨ ᠪᠥᠭᠡᠳ ᠮᠥᠨ ᠴᠦ | ᠮᠢᠨᠤ ᠪᠦᠬᠦᠶᠢᠯᠡ ᠠᠮᠢᠳᠤᠷᠠᠯ ᠤᠨ ᠳᠤᠮᠳᠠᠬᠢ ᠬᠡᠷᠡᠯ ᠭᠢᠯᠪᠠᠭ᠎ᠠ ᠶᠢᠨ ᠣᠨᠴᠠᠭᠠᠶ ᠬᠠᠭᠤᠳᠠᠰᠤ ᠪᠣᠯᠬᠤ ᠶᠤᠮ︾ ᠭᠡᠵᠦ | ᠰᠢᠦᠢ ᠷᠠᠨ ᠬᠡᠯᠡᠵᠡᠢ᠃ | | 2020 ᠣᠨ ᠤ 8 ᠰᠠᠷ᠎ᠠ ᠳᠤ᠂ ᠰᠢᠦᠢ ᠷᠠᠨ ᠪᠠᠷᠠᠭᠤᠨ ᠣᠷᠣᠨ ᠤ ᠲᠥᠯᠥᠪᠯᠡᠭᠡ ᠶᠢᠨ ᠪᠦᠬᠦ ᠤᠯᠤᠰ ᠤᠨ | ᠲᠦᠷᠦᠯ ᠵᠦᠢᠯ ᠤᠨ ᠰᠢᠯᠭᠠᠷᠠᠭᠤᠯᠤᠯᠲᠠ ᠳᠤ ᠣᠷᠤᠯᠴᠠᠬᠤ ᠪᠠᠷ ᠳᠠᠮᠵᠢᠵᠤ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠲᠦᠴᠢᠦᠸᠠᠨ ᠰᠢᠶᠠᠨ ᠤ ᠬᠤᠷᠢᠶ᠎ᠠ ᠳᠤ ᠢᠷᠡᠵᠤ ᠠᠵᠢᠯᠯᠠᠪᠠ᠃ ᠰᠤᠷᠭᠠᠭᠤᠯᠢ ᠶᠢᠨ ᠬᠦᠷᠢᠶᠡᠨ ᠠᠴᠠ | ᠰᠠᠶ᠋ᠢᠬᠠᠨ ᠭᠠᠷᠤᠭᠰᠠᠨ ᠣᠶᠤᠲᠠᠨ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠤ ᠠᠵᠢᠯ ᠢ ᠶᠠᠭ ᠣᠶᠢᠯᠠᠭᠠᠬᠤ | ᠦᠭᠡᠢ ᠪᠠᠶᠢᠵᠤ᠂ ᠮᠠᠰᠢ ᠤᠯᠠᠨ ᠬᠠᠮᠲᠤ ᠠᠵᠢᠯᠯᠠᠭᠰᠠᠳ ᠨᠢ ᠲᠡᠭᠦᠨ ᠤ ᠦᠨᠳᠦᠰᠦᠨ ᠱᠠᠲᠤᠨ ᠤ ᠠᠵᠢᠯ ᠳᠤ | ᠵᠣᠬᠢᠴᠠᠬᠤ ᠦᠭᠡᠢ ᠠᠴᠠ ᠠᠶᠤᠵᠤ ᠪᠠᠶᠢᠪᠠ᠃ | ᠭᠡᠪᠡᠴᠦ᠂ ᠰᠢᠦᠢ ᠷᠠᠨ ᠵᠣᠷᠢᠭ ᠮᠣᠬᠤᠭᠰᠠᠨ ᠦᠭᠡᠢ᠂ ᠨᠢᠭᠡ ᠲᠠᠯ᠎ᠠ ᠪᠠᠷ ᠰᠤᠷᠤᠯᠴᠠᠵᠤ᠂ ᠨᠢᠭᠡ ᠲᠠᠯ᠎ᠠ ᠪᠠᠷ | ᠰᠦᠪᠡᠭᠴᠢᠯᠡᠨ᠂ ᠰᠢᠨᠲᠠᠷᠠᠰᠢ ᠦᠭᠡᠢ ᠴᠢᠷᠮᠠᠶᠢᠭᠰᠠᠨ ᠢᠶᠠᠷ ᠮᠠᠰᠢ ᠲᠦᠷᠭᠡᠨ ᠢᠶᠠᠷ ᠠᠵᠢᠯ ᠤᠨ ᠪᠠᠶᠢᠷᠢᠨ ᠳᠠᠭᠠᠨ | ᠣᠷᠣᠭᠰᠠᠨ ᠪᠠᠶᠢᠨ᠎ᠠ᠃ ᠣᠶᠢᠷ᠎ᠠ ᠶᠢᠨ ᠬᠤᠶᠠᠷ ᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠮᠢᠳᠤᠷᠠᠯ ᠨᠢ | ᠲᠡᠭᠦᠨ ᠤ ᠮᠡᠳᠡᠯᠭᠡ ᠪᠠ ᠴᠢᠳᠠᠪᠤᠷᠢ ᠶᠢ ᠨᠡᠮᠡᠭᠳᠡᠭᠦᠯᠵᠦ᠂ ᠡᠭᠡᠯ ᠵᠢᠷ ᠤᠨ ᠦᠢᠯᠡ ᠠᠵᠢᠯᠯᠠᠭ᠎ᠠ ᠶᠢᠨ ᠳᠤᠮᠳᠠ ᠠᠴᠠ | ᠪᠠᠶᠠᠷ ᠪᠠᠭ᠋ᠠᠳᠤᠯ ᠪᠠ ᠢᠷᠠᠭᠤ ᠠᠯᠳᠠᠷ ᠢ ᠮᠡᠳᠡᠷᠡᠭᠦᠯᠦᠭᠰᠡᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ | ᠠᠮᠢᠳᠤᠷᠠᠯ ᠳᠤᠮᠳᠠ᠂ ᠭᠠᠨᠢ ᠪᠡᠯᠪᠡᠰᠦᠨ ᠨᠠᠰᠤᠲᠠᠨ ᠢ ᠲᠣᠬᠤᠨᠢᠭᠤᠯᠤᠭᠰᠠᠨ ᠴᠤ ᠲᠡᠷᠡ᠂ ᠭᠡᠷ ᠲᠡᠭᠡᠨ | ᠬᠤᠴᠣᠷᠤᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠭᠰᠠᠨ ᠴᠤ ᠲᠡᠷᠡ᠂ ᠰᠢᠦᠢ ᠷᠠᠨ ᠴᠥᠮ ᠬᠠᠯᠠᠭᠤᠨ ᠰᠡᠳᠬᠢᠯ | ᠢᠶᠠᠷ ᠣᠷᠣᠯᠴᠠᠵᠤ᠂ ᠬᠠᠮᠤᠭ ᠤᠨ ᠲᠦᠷᠦᠭᠦᠨ ᠳᠤ ᠭᠠᠷ ᠡᠷᠭᠦᠭᠰᠡᠨ ︽ᠬᠠᠮᠲᠤ ᠰᠤᠷᠤᠭᠴᠢ︾ ᠪᠣᠯᠬᠤ ᠪᠠᠷ | ᠴᠢᠷᠮᠠᠶᠢᠵᠤ ᠪᠠᠶᠢᠨ᠎ᠠ᠃ | ︽ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠲᠤ ᠬᠠᠨᠢ ᠪᠣᠯᠬᠤ ᠪᠠ ᠬᠠᠶᠢᠷ᠎ᠠ ᠬᠠᠯᠠᠮᠵᠢ ᠬᠠᠮᠤᠭ ᠠᠴᠠ | ᠢᠯᠡᠭᠦᠦ ᠬᠡᠷᠡᠭᠴᠡᠭᠡ ᠲᠠᠢ ᠪᠠᠶᠢᠳᠠᠭ᠂ ᠨᠢᠭᠡ ᠬᠥᠮᠥᠨ ᠤ ᠬᠦᠴᠦᠨ ᠮᠠᠰᠢ ᠪᠠᠭ᠎ᠠ᠂ ᠪᠦᠯᠬᠦᠮ ᠨᠡᠶᠢᠲᠡ ᠶᠢᠨ ᠬᠦᠴᠦᠨ | ᠬᠢᠵᠠᠭᠠᠷ ᠦᠭᠡᠢ ᠪᠠᠶᠢᠳᠠᠭ︾ ᠰᠢᠦᠢ ᠷᠠᠨ ᠬᠡᠯᠡᠭᠰᠡᠨ ᠨᠢ᠂ 2021 ᠣᠨ ᠤ 10 ᠰᠠᠷ᠎ᠠ ᠳᠤ᠂ ᠲᠡᠷᠡ ᠬᠠᠮᠲᠤ | ᠠᠵᠢᠯᠯᠠᠭᠰᠠᠳ ᠲᠠᠢ ᠪᠠᠨ ᠲᠦᠴᠢᠦᠸᠠᠨ ᠰᠢᠶᠠᠨ ᠤ ᠣᠨᠳᠣᠣ ᠭᠠᠵᠠᠷ ᠲᠤ ᠨᠡᠭᠦᠭᠰᠡᠨ ᠪᠠᠭ᠎ᠠ ᠲᠣᠭᠤᠷᠢᠭ ᠲᠤ | ᠭᠦᠨᠵᠡᠭᠡᠶᠢᠷᠡᠨ ᠵᠠᠯᠠᠭᠤᠴᠤᠳ ᠪᠠᠭᠠᠴᠤᠳ ᠤᠨ ᠬᠠᠶᠢᠷ᠎ᠠ ᠬᠠᠯᠠᠮᠵᠢ ᠳᠤ ᠦᠢᠯᠡᠴᠢᠯᠡᠬᠦ ᠠᠵᠢᠯᠯᠠᠭ᠎ᠠ ᠥᠷᠨᠢᠭᠦᠯᠵᠡᠢ᠃ | ᠨᠢᠭᠡ ᠤᠳᠠᠭ᠎ᠠ ᠶᠢᠨ ᠠᠶᠢᠯᠴᠢᠯᠠᠯᠲᠠ ᠶᠢᠨ ᠳᠤᠮᠳᠠ ᠰᠢᠦᠢ ᠷᠠᠨ ᠨᠢᠭᠡᠨ ᠬᠦᠦ ᠴᠧᠨ ᠲᠤᠤ ︵ᠪᠤᠷᠤᠭᠤᠯᠠᠭᠰᠠᠨ | ᠨᠡᠷ᠎ᠡ︶ ᠲᠠᠢ ᠲᠠᠨᠢᠯᠴᠠᠵᠠᠢ᠃ ︽ᠡᠨᠡ ᠬᠦᠦ ᠥᠨᠥᠴᠢᠨ ᠥᠷᠥᠭᠡᠰᠦᠨ ᠭᠡᠷ ᠪᠦᠯᠢ ᠳᠤ ᠥᠰᠴᠦ᠂ ᠠᠪᠤ ᠨᠢ ᠵᠢᠯ | ᠲᠤᠷᠰᠢ ᠭᠠᠳᠠᠨ᠎ᠠ ᠬᠥᠯᠥᠰᠦᠨ ᠠᠵᠢᠯ ᠬᠢᠵᠦ᠂ ᠡᠩ ᠤᠨ ᠦᠶ᠎ᠡ ᠳᠤ ᠡᠪᠦᠭᠡ ᠡᠮᠡᠭᠡ ᠲᠠᠢ ᠪᠠᠨ ᠬᠠᠮᠲᠤ ᠠᠮᠢᠳᠤᠷᠠᠳᠠᠭ︾ | ᠭᠡᠵᠤ ᠰᠢᠦᠢ ᠷᠠᠨ ᠬᠡᠯᠡᠬᠦ ᠳᠡᠭᠡᠨ᠂ ᠡᠶᠢᠮᠦ ᠣᠷᠴᠢᠨ ᠲᠣᠭᠤᠷᠢᠨ ᠳᠤ ᠠᠮᠢᠳᠤᠷᠠᠬᠤ ᠳᠤ ᠴᠧᠨ ᠲᠤᠸ ᠦᠭᠡ ᠲᠠᠭᠤᠨ | ᠦᠭᠡᠢ᠂ ᠢᠲᠡᠭᠡᠯ ᠦᠭᠡᠢ ᠪᠣᠯᠵᠤ᠂ ᠥᠪᠡᠷ ᠢ ᠪᠠᠨ ᠪᠢᠲᠡᠭᠦᠮᠵᠢᠯᠡᠬᠦ ᠬᠠᠨᠳᠤᠰᠢ ᠲᠠᠢ ᠪᠣᠯᠤᠭᠰᠠᠨ ᠪᠠᠶᠢᠨ᠎ᠠ ᠭᠡᠵᠡᠢ᠃ | ᠡᠨᠡ ᠬᠦ ᠣᠷᠴᠢᠨ ᠲᠣᠭᠤᠷᠢᠨ ᠳᠤ ᠴᠧᠨ ᠲᠤᠸ ᠦᠭᠡ ᠲᠠᠭᠤᠨ ᠦᠭᠡᠢ᠂ ᠢᠲᠡᠭᠡᠯ ᠦᠭᠡᠢ ᠪᠣᠯᠵᠤ᠂ ᠥᠪᠡᠷ ᠢ ᠪᠠᠨ | ᠪᠢᠲᠡᠭᠦᠮᠵᠢᠯᠡᠬᠦ ᠬᠠᠨᠳᠤᠰᠢ ᠲᠠᠢ ᠪᠣᠯᠤᠭᠰᠠᠨ ᠪᠠᠶᠢᠨ᠎ᠠ᠃ | ᠰᠢᠦᠢ ᠷᠠᠨ ᠡᠨᠡ ᠬᠦ ᠠᠰᠠᠭᠤᠳᠠᠯ ᠢ ᠮᠡᠳᠡᠭᠰᠡᠨ ᠤ ᠳᠠᠷᠠᠭ᠎ᠠ᠂ ᠡᠳ᠋ ᠪᠣᠳᠠᠰ ᠤᠨ ᠲᠤᠰᠠᠯᠠᠮᠵᠢ ᠦᠵᠡᠭᠦᠯᠬᠦ ᠠᠴᠠ | ᠭᠠᠳᠠᠨ᠎ᠠ ᠪᠠᠰᠠ ᠦᠷᠭᠦᠯᠵᠢ ᠴᠧᠨ ᠲᠤᠤ ᠶᠢᠨ ᠳᠡᠷᠭᠡᠳᠡ ᠢᠷᠡᠵᠦ᠂ ᠲᠡᠭᠦᠨ ᠲᠠᠢ ᠬᠠᠮᠲᠤ ᠨᠣᠮ ᠤᠩᠰᠢᠵᠤ ᠵᠢᠷᠤᠭ | ᠵᠢᠷᠤᠵᠤ᠂ ᠬᠠᠮᠲᠤ ᠪᠠᠷ ᠲᠣᠭᠯᠠᠭᠠᠮ ᠬᠢᠵᠦ᠂ ᠳᠠᠰᠬᠠᠯ ᠢ ᠨᠢ ᠥᠭᠡᠷᠡᠴᠢᠯᠡᠨ᠂ ᠬᠡᠦᠬᠡᠳ ᠲᠠᠢ ᠪᠠᠨ ᠰᠡᠳᠬᠢᠯ ᠲᠠᠯᠪᠢᠨ | ᠶᠠᠷᠢᠯᠴᠠᠳᠠᠭ᠃ ᠴᠧᠨ ᠲᠤᠤ ᠠᠭᠠᠵᠢᠮ ᠢᠶᠠᠷ ᠰᠡᠳᠬᠢᠯ ᠤᠨ ᠦᠭᠡ ᠪᠠᠨ ᠳᠡᠯᠭᠡᠵᠦ᠂ ᠴᠢᠷᠠᠢ ᠳᠤᠨᠢ ᠪᠠᠰᠠ ᠪᠠᠶᠢᠨ | ᠪᠠᠶᠢᠨ ᠢᠨᠢᠶᠡᠮᠰᠦᠭᠯᠡᠯ ᠲᠣᠳᠣᠷᠠᠵᠤ ᠪᠠᠶᠢᠯ᠎ᠠ᠃ | ᠲᠠᠷᠢᠶᠠᠴᠢᠨ ᠡᠷᠦᠬᠡ ᠶᠢᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠬᠤ ᠶᠢᠨ ᠲᠥᠯᠥᠭᠡ᠂ ᠡᠨᠡ ᠵᠢᠯ ᠤᠨ 5 | ᠰᠠᠷ᠎ᠠ ᠠᠴᠠ ᠨᠠᠰᠢ᠂ ᠲᠦᠴᠢᠦᠸᠠᠨ ᠰᠢᠶᠠᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠵᠢᠷᠭᠤᠭᠠᠨ | ᠵᠦᠢᠯ ᠤᠨ ᠢᠨᠵᠧᠨᠧᠷᠢᠩ᠂ ᠵᠢᠷᠭᠤᠭ᠎ᠠ ᠶᠢ ᠲᠣᠰᠬᠤᠨ ᠡᠷᠦᠬᠡ ᠳᠤ ᠬᠦᠷᠭᠡᠬᠦ︾ ᠠᠵᠢᠯ ᠢ ᠬᠡᠷᠡᠭᠵᠢᠭᠦᠯᠵᠡᠢ᠃ | ᠡᠪᠯᠡᠯ ᠤᠨ ᠰᠢᠶᠠᠨ ᠤ ᠨᠠᠮ ᠤᠨ ᠬᠤᠷᠢᠶᠠᠨ ᠤ ᠨᠢᠭᠡᠨ ᠺᠠᠳ᠋ᠷ ᠪᠣᠯᠤᠭᠰᠠᠨ ᠤ ᠬᠤᠪᠢ ᠳᠤ᠂ ᠰᠢᠦᠢ ᠷᠠᠨ | ᠲᠦᠴᠢᠦᠸᠠᠨ ᠰᠢᠶᠠᠨ ᠤ ᠨᠠᠨ ᠰᠢᠶᠠᠩ ᠲᠣᠰᠬᠤᠨ ᠤ ᠠᠷᠠᠳ ᠵᠢᠶᠠ ᠴᠦᠨ ᠰᠢᠶᠠ᠂ ᠵᠢᠶᠠ ᠴᠦᠨ ᠰᠢᠶᠠ | ᠬᠥᠭᠰᠢᠨ ᠲᠠᠢ ᠪᠠᠨ ᠨᠠᠰᠤ ᠠᠬᠠᠰᠢᠷᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ᠂ ᠡᠮᠦᠨ᠎ᠡ ᠬᠡᠰᠡᠭ | ᠬᠤᠭᠤᠴᠠᠭᠠᠨ ᠳᠤ ᠵᠢᠶᠠ ᠴᠦᠨ ᠰᠢᠶᠠ ᠬᠥᠭᠰᠢᠨ ᠤ ᠲᠠᠷᠢᠬᠢᠨ ᠤ ᠴᠢᠰᠤᠨ ᠰᠢᠭᠢᠳᠦᠭᠡᠰᠦ ᠨᠢ ᠲᠠᠬᠢᠨ ᠬᠥᠳᠡᠯᠵᠦ᠂ | ᠭᠡᠷ ᠤᠨ ᠨᠣᠭᠤᠭ᠎ᠠ ᠶᠢᠨ ᠬᠠᠰᠢᠶ᠎ᠠ ᠨᠢ ᠡᠷ᠎ᠡ ᠡᠮ᠎ᠡ ᠬᠤᠶᠠᠭᠤᠯᠠ ᠶᠢᠨ ᠨᠢᠳᠦᠨ ᠡᠮᠦᠨᠡᠬᠢ ᠲᠦᠪᠡᠭᠲᠡᠢ ᠶᠠᠪᠤᠳᠠᠯ | ᠪᠣᠯᠵᠠᠢ᠃ ᠡᠨᠡ ᠬᠦ ᠪᠠᠶᠢᠳᠠᠯ ᠢ ᠮᠡᠳᠡᠭᠰᠡᠨ ᠤ ᠲᠠᠷᠠᠭ᠎ᠠ᠂ ᠰᠢᠦᠢ ᠷᠠᠨ ᠰᠠᠨᠠᠭᠠᠴᠢᠯᠠᠭ᠎ᠠ ᠠᠴᠠ ᠪᠠᠨ ᠨᠠᠰᠤᠲᠠᠨ ᠤ | ᠳᠤᠮᠳᠠ ᠢᠷᠡᠵᠤ᠂ ᠨᠣᠭᠤᠭ᠎ᠠ ᠶᠢᠨ ᠬᠠᠰᠢᠶ᠎ᠠ ᠶᠢ ᠬᠠᠪᠰᠤᠷᠤᠨ ᠠᠷᠠᠴᠢᠯᠠᠵᠤ᠂ ᠡᠷ᠎ᠡ ᠡᠮ᠎ᠡ ᠬᠤᠶᠠᠭᠤᠯᠠ ᠶᠢᠨ | ᠬᠠᠮᠤᠭ ᠠᠴᠠ ᠰᠠᠨᠠᠭᠠᠰᠢᠷᠠᠵᠤ ᠪᠠᠶᠢᠭᠰᠠᠨ ᠠᠰᠠᠭᠤᠳᠠᠯ ᠢ ᠰᠢᠢᠳᠪᠦᠷᠢᠯᠡᠪᠡ᠃ | | ︽ᠡᠨᠡ ᠵᠠᠯᠠᠭᠤ ᠤ ᠠᠴᠢ ᠪᠠᠷ᠂ ᠤᠴᠢᠷ ᠦᠭᠡᠢ ᠪᠣᠯ ᠪᠢᠳᠡᠨ ᠢ ᠦᠵᠡᠬᠦ ᠪᠠᠷ ᠢᠷᠡᠨ᠎ᠡ᠂ ᠲᠡᠷᠡ ᠦᠨᠡᠬᠡᠷ | ᠪᠢᠳᠡᠨ ᠢ ᠰᠠᠨᠠᠨ ᠬᠠᠷᠠᠭᠠᠯᠵᠠᠨ᠎ᠠ︾ ᠭᠡᠵᠦ ᠵᠢᠶᠠ ᠴᠦᠨ ᠰᠢᠶᠠ ᠰᠡᠳᠬᠢᠯ ᠳᠣᠭᠳᠣᠯᠤᠨ ᠬᠡᠯᠡᠪᠡ᠃ | ᠴᠠᠭ ᠮᠥᠴᠡ ᠤᠷᠲᠤ ᠤᠳᠠᠭᠠᠨ᠂ ᠵᠠᠯᠠᠭᠤ ᠨᠠᠰᠤ ᠪᠠᠰᠠ ᠦᠷᠭᠦᠯᠵᠢᠯᠡᠭᠰᠡᠭᠡᠷ᠃ᠤᠭ ᠰᠠᠨᠠᠭ᠎ᠠ ᠪᠠᠨ ᠡᠪᠦᠷᠯᠡᠭᠰᠡᠨ | ᠰᠢᠦᠢ ᠷᠠᠨ ᠮᠥᠨ ᠯᠡ ᠠᠷᠠᠳ ᠲᠦᠮᠡᠨ ᠳᠤ ᠦᠢᠯᠡᠴᠢᠯᠡᠬᠦ ᠵᠠᠮ ᠢᠶᠠᠷ ᠦᠷᠭᠦᠯᠵᠢᠯᠡᠨ ᠤᠷᠤᠭᠰᠢᠯᠠᠵᠤ᠂ ᠤᠭ | ᠰᠠᠨᠠᠭ᠎ᠠ ᠳᠠᠭᠠᠨ ᠭᠡᠮᠰᠢᠨ ᠤᠬᠠᠭᠠᠷᠠᠬᠤ ᠦᠭᠡᠢ᠃ᠲᠡᠷᠡ ᠬᠡᠯᠡᠬᠦ ᠳᠡᠭᠡᠨ᠂ ︽ᠮᠢᠨᠤ ᠬᠢᠵᠦ ᠪᠠᠶᠢᠭ᠎ᠠ ᠠᠯᠢᠪᠠ ᠪᠦᠬᠦᠨ | ᠬᠡᠳᠦᠶᠢᠪᠡᠷ ᠶᠠᠯᠢᠮ ᠦᠭᠡᠢ᠂ ᠡᠭᠡᠯ ᠵᠢᠷ ᠤᠨ ᠪᠣᠯᠪᠠᠴᠤ ᠮᠢᠨᠤ ᠦᠵᠡᠬᠦ ᠪᠠᠷ ᠡᠭᠡᠯ ᠵᠢᠷ ᠤᠨ ᠬᠥᠮᠥᠨ ᠪᠣᠯᠤᠭᠰᠠᠨ ᠤ | ᠬᠤᠪᠢ ᠳᠤ ᠨᠤᠲᠤᠭ ᠤᠰᠤᠨ ᠤ ᠪᠠᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠥᠪᠡᠷ ᠤᠨ ᠥᠴᠥᠬᠡᠨ | ᠬᠦᠴᠦᠨ ᠴᠢᠳᠠᠯ ᠢᠶᠠᠨ ᠵᠣᠷᠢᠭᠤᠯᠬᠤ ᠬᠡᠷᠡᠭᠲᠡᠢ᠂ ᠡᠨᠡᠬᠦ ᠠᠴᠢ ᠬᠤᠯᠪᠣᠭᠳᠠᠯ ᠪᠠ ᠵᠣᠷᠢᠭ ᠰᠠᠨᠠᠭ᠎ᠠ ᠪᠣᠯ ᠶᠡᠷᠦ ᠪᠤᠰᠤ | ᠶᠢᠨ ᠶᠤᠮ︾ ᠭᠡᠵᠡᠢ᠃ | | | | | | | | |