8 ᠳ᠋ᠤᠭᠠᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/17
       8 ᠳ᠋ᠤᠭᠠᠷ ᠰᠠᠷ᠎ᠠ ᠶᠢᠨ 16 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ︶  ᠨᠡᠮᠡᠭᠳᠡᠵᠦ᠂ ᠡᠭᠦᠨ ᠳᠤ ᠬᠥᠬᠡᠬᠤᠲᠠ ᠳᠤ 1 ︵8 ᠳ᠋ᠤᠭᠠᠷ ᠰᠠᠷ᠎ᠠ ᠶᠢᠨ 13 ᠤ ᠡᠳᠦᠷ ᠤᠨ ᠨᠢᠭᠡ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ᠂ ᠡᠮᠦᠨᠡᠬᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠣᠶᠢᠷ᠎ᠠ ᠬᠠᠪᠢᠳᠠᠯ︶᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 10 ᠬᠥᠮᠥᠨ ᠢᠯᠠᠷᠢᠰᠢᠵᠤ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 3 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 6 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 5᠂ ᠱᠠᠩᠳᠤ ᠰᠢᠶᠠᠨ ᠳᠤ 1︶᠂ ᠦᠬᠠᠢ ᠬᠤᠲᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 7 ᠬᠥᠮᠥᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 3 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶ ᠪᠣᠢ᠃            8 ᠳ᠋ᠤᠭᠠᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 73 ᠪᠤᠢ᠂ ᠡᠭᠦᠨ ᠳᠤ ᠬᠥᠬᠡᠬᠤᠲᠠ ᠳᠤ 7 ︵ᠦᠴᠦᠸᠠᠨ ᠰᠢᠶᠠᠨ ᠳᠤ 1᠂ ᠪᠤᠰᠤᠳ 6 ᠨᠢ ᠨᠢᠭᠡ ᠡᠭᠡᠯᠵᠢ ᠶᠢᠨ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶᠂ ᠰᠢᠯᠢ ᠶᠢᠨ ᠭᠤᠣᠯ ᠠᠶᠢᠮᠠᠭ ᠲᠤ 13 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 52 ︵ᠵᠢᠨᠢᠩ ᠲᠣᠭᠤᠷᠢᠭ ᠲᠤ 7᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 44᠂ ᠱᠠᠩᠳᠤ ᠰᠢᠶᠠᠨ ᠳᠤ 1︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 39 ᠪᠣᠢ᠂ ᠡᠭᠦᠨ ᠳᠤ ᠬᠥᠬᠡᠬᠤᠲᠠ ᠳᠤ 1 ︵ᠨᠢᠭᠡ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶᠂ ᠰᠢᠯᠢ ᠶᠢᠨ ᠭᠤᠣᠯ ᠠᠶᠢᠮᠠᠭ ᠲᠤ 4 ︵ᠡᠷᠢᠶᠡᠨ ᠬᠤᠲᠠ ᠳᠤ 3᠂ ᠰᠥᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 34 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 33︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 14 ︵ᠴᠥᠮ ᠬᠥᠬᠡᠬᠤᠲᠠ ᠳᠤ︶  ᠪᠣᠢ᠃ ᠳᠡᠭᠡᠷᠡᠬᠢ ᠬᠥᠮᠥᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号