8 ᠳ᠋ᠤᠭᠠᠷ ᠰᠠᠷ᠎ᠠ ᠶᠢᠨ 17 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/18
     8 ᠳ᠋ᠤᠭᠠᠷ ᠰᠠᠷ᠎ᠠ ᠶᠢᠨ 17 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 5 ᠨᠡᠮᠡᠭᠳᠡᠪᠡ᠂ ᠡᠭᠦᠨ ᠳᠤ ᠬᠥᠬᠡᠬᠤᠲᠠ ᠳᠤ 2 ︵ᠴᠥᠮ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠤᠯᠠᠷᠢᠭᠰᠠᠨ 1 ᠬᠥᠮᠥᠨ ᠢ ᠪᠠᠭᠲᠠᠭᠠᠨ᠎ᠠ᠂ 8 ᠳ᠋ᠤᠭᠠᠷ ᠰᠠᠷ᠎ᠠ ᠶᠢᠨ 13 ᠤ ᠡᠳᠦᠷ ᠤᠨ ᠨᠢᠭᠡ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶᠂ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ᠂ ᠡᠭᠦᠨ ᠳᠤ 1 ᠬᠥᠮᠥᠨ ᠢ ᠭᠤᠣᠯᠳᠠᠯᠭ᠎ᠠ ᠲᠠᠢ ᠬᠥᠮᠥᠰ ᠤᠨ ᠳᠤᠮᠳᠠ ᠠᠴᠠ ᠪᠠᠶᠢᠴᠠᠭᠠᠵᠤ ᠭᠠᠷᠭᠠᠪᠠ᠂ 2 ᠬᠥᠮᠥᠨ ᠢ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ᠂ ᠬᠥᠬᠡᠬᠤᠲᠠ ᠳᠤ᠂ ᠡᠭᠦᠨ ᠳᠤ 1 ᠬᠥᠮᠥᠨ ᠨᠢ ᠦᠴᠦᠸᠠᠨ ᠰᠢᠶᠠᠨ ᠤ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ᠂ 1 ᠬᠥᠮᠥᠨ ᠨᠢ ᠭᠠᠳᠠᠷ ᠮᠤᠵᠢ ᠠᠴᠠ ᠮᠡᠳᠡᠭᠳᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 12 ᠬᠥᠮᠥᠨ ᠢᠯᠠᠷᠢᠰᠢᠵᠤ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 8 ︵ᠵᠢᠨᠢᠩ ᠲᠣᠭᠤᠷᠢᠭ ᠲᠤ 2᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 6︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 2 ᠬᠥᠮᠥᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 3 ᠬᠥᠮᠥᠨ ᠢᠯᠠᠷᠢᠰᠢᠵᠤ ᠡᠮᠨᠡᠯᠭᠡ ᠠᠴᠠ ᠭᠠᠷᠪᠠ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 4 ᠬᠥᠮᠥᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ  ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ᠃       8 ᠳ᠋ᠤᠭᠠᠷ ᠰᠠᠷ᠎ᠠ ᠶᠢᠨ 17 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 66 ᠪᠤᠢ᠂ ᠡᠭᠦᠨ ᠳᠤ ᠬᠥᠬᠡᠬᠤᠲᠠ ᠳᠤ 9 ︵ᠦᠴᠦᠸᠠᠨ ᠰᠢᠶᠠᠨ ᠳᠤ 1᠂ ᠪᠤᠰᠤᠳ 8 ᠨᠢ ᠨᠢᠭᠡ ᠡᠭᠡᠯᠵᠢ ᠶᠢᠨ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶᠂ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 9 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 44 ︵ᠵᠢᠨᠢᠩ ᠲᠣᠭᠤᠷᠢᠭ ᠲᠤ 5᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 38᠂ ᠱᠠᠩᠳᠤ ᠰᠢᠶᠠᠨ ᠳᠤ 1︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ ᠪᠣᠢ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 38 ᠪᠣᠢ᠂ ᠡᠭᠦᠨ ᠳᠤ ᠬᠥᠬᠡᠬᠤᠲᠠ ᠳᠤ 2 ︵1 ᠨᠢ ᠦᠴᠦᠸᠠᠨ ᠰᠢᠶᠠᠨ ᠤ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ᠂ 1 ᠨᠢ ᠭᠠᠳᠠᠷ ᠮᠤᠵᠢ ᠠᠴᠠ ᠮᠡᠳᠡᠭᠳᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶᠂ ᠰᠢᠯᠢ ᠶᠢᠨ ᠭᠤᠣᠯ ᠠᠶᠢᠮᠠᠭ ᠲᠤ 3 ︵ᠡᠷᠢᠶᠡᠨ ᠬᠤᠲᠠ ᠳᠤ 2᠂ ᠰᠥᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 33 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 32︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 8᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10 ︵ᠴᠥᠮ ᠬᠥᠬᠡᠬᠤᠲᠠ ᠳᠤ︶  ᠪᠣᠢ᠃ ᠳᠡᠭᠡᠷᠡᠬᠢ ᠬᠥᠮᠥᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号