ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2022/8/19
      8 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2022 ᠣᠨ ᠤ ᠲᠥᠪ ᠠᠴᠠ ᠲᠣᠰᠬᠤᠨ ᠤ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠵᠦ ᠪᠤᠵᠠᠭᠠᠶᠢᠷᠠᠭᠤᠯᠬᠤ 12 ᠲᠥᠷᠥᠯ ᠵᠦᠢᠯ ᠤᠨ ᠪᠠᠶᠢᠳᠠᠯ ᠵᠢᠴᠢ 2022 ᠣᠨ ᠤ ᠠᠯᠪᠠᠲᠠᠨ ︵ᠠᠯᠪᠠᠨ ᠤ ᠠᠵᠢᠯ ᠳᠤ ᠣᠷᠣᠯᠴᠠᠭᠰᠠᠳ︶ ᠤ ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠬᠦ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠨᠢᠭᠡᠳᠦᠮᠡᠯ ᠹᠷᠣᠨᠲ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠲᠠᠶᠢᠯᠬᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠵᠡᠷᠭᠡ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠠᠷ ᠭᠤᠣᠯᠳᠠᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠮᠠᠨ ᠤ ᠰᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠳᠤ ᠨᠢᠭᠤᠭᠳᠠᠵᠤ ᠪᠠᠶᠢᠭ᠎ᠠ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠠᠵᠤ ᠠᠬᠤᠶᠢᠯᠠᠯ ᠳᠤ ᠣᠷᠣᠵᠤ ᠬᠡᠷᠡᠭᠴᠡᠭᠡ ᠶᠢ ᠠᠰᠠᠭᠤᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠳᠡᠮᠵᠢᠬᠦ ᠬᠡᠷᠡᠭᠲᠡᠢ᠃ ᠨᠠᠮ ᠤᠨ ᠭᠠᠳᠠᠨᠠᠬᠢ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠬᠦ ᠡᠷᠴᠢᠮ ᠢ ᠴᠢᠩᠭᠠᠷᠠᠭᠤᠯᠵᠤ᠂ ᠢᠯᠡᠷᠡᠯ ᠰᠢᠯᠢᠳᠡᠭ᠂ ᠶᠡᠷᠦᠩᠬᠡᠶᠢᠯᠡᠭᠰᠡᠨ ᠴᠢᠳᠠᠪᠤᠷᠢ ᠪᠠᠷ ᠴᠢᠩᠭ᠎ᠠ ᠺᠠᠳ᠋ᠷ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ᠂ ᠲᠦᠷᠦᠯ ᠵᠦᠢᠯ ᠤᠨ ᠨᠢᠭᠡᠳᠦᠭᠡᠷ ᠹᠷᠣᠨᠲ ᠲᠤ ᠲᠠᠨᠢᠯᠴᠠᠭᠤᠯᠵᠤ ᠦᠢᠯᠡᠳᠦᠯᠭᠡᠵᠢᠭᠦᠯᠦᠨ ᠳᠠᠪᠲᠠᠨ ᠪᠣᠯᠪᠠᠰᠤᠷᠠᠭᠤᠯᠵᠤ᠂ ᠮᠠᠨ ᠤ ᠰᠢᠶᠠᠨ ᠤ ᠬᠥᠭᠵᠢᠯᠲᠡ ᠳᠤ ᠨᠡᠩ ᠤᠯᠠᠨ ᠠᠮᠢᠵᠢᠷᠠᠯ ᠤᠨ ᠬᠦᠴᠦᠨ ᠪᠠ ᠬᠥᠳᠡᠯᠭᠡᠭᠦ ᠬᠦᠴᠦᠨ ᠨᠡᠮᠡᠷᠢᠯᠡᠬᠦ ᠬᠡᠷᠡᠭᠲᠡᠢ ᠭᠡᠪᠡ᠃       ᠬᠤᠷᠠᠯ ᠠᠴᠠ ᠱᠠᠭᠠᠷᠳᠠᠭᠰᠠᠨ ᠨᠢ᠂ ᠲᠥᠪ ᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠵᠦ ᠪᠤᠵᠠᠭᠠᠶᠢᠷᠠᠭᠤᠯᠬᠤ ᠲᠦᠷᠦᠯ ᠵᠦᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ︽ᠴᠢᠰᠤ ᠪᠦᠲᠦᠭᠡᠬᠦ ᠴᠢᠳᠠᠪᠬᠢ︾ ᠶᠢ ᠦᠨᠡᠨᠬᠦ ᠴᠢᠩᠭᠠᠳᠬᠠᠵᠤ᠂ ᠤᠯᠠᠨ ᠲᠦᠮᠡᠨ ᠳᠤ ᠨᠡᠩ ᠤᠯᠠᠨ ᠠᠵᠤ ᠦᠢᠯᠡᠰ ᠤᠨ ᠠᠰᠢᠭ ᠢ ᠡᠳ᠋ᠯᠡᠭᠦᠯᠬᠦ ᠬᠡᠷᠡᠭᠲᠡᠢ ᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号