ᠪᠦᠦ ᠱᠢ ᠪᠠᠯᠭᠠᠰᠤ᠄ ᠪᠥᠬᠦ ᠣᠷᠣᠨ ᠪᠦᠰᠡ ᠶᠢᠨ ᠵᠢᠭᠤᠯᠴᠢᠯᠠᠯ ᠢᠶᠠᠷ ᠬᠥᠭᠵᠢᠯᠲᠡ ᠶᠢ ᠠᠬᠢᠭᠤᠯᠵᠤ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠳᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2022/8/21
   ︽ᠭᠡᠨᠡᠳᠲᠡ ᠶᠢᠨ ᠳᠠᠭᠠᠷᠢᠯᠲᠠ ᠶᠢᠨ ᠬᠦᠪᠦᠭᠦᠯᠦᠯᠲᠡ︾ ᠶᠢᠨ ᠲᠦᠷᠦᠯ ᠵᠦᠢᠯ ᠤᠨ ᠲᠤᠷᠰᠢᠨ ᠬᠦᠪᠦᠭᠦᠯᠬᠦ ᠶᠢ ᠳᠠᠭᠠᠯᠳᠤᠨ᠂ ᠪᠦᠦ ᠱᠢ‌‍ᠲ᠋ᠢᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠢ ᠪᠦᠬᠦᠨ ᠢᠶᠠᠷ ᠨᠢ ᠨᠠᠶᠢᠳᠠᠪᠤᠷᠢᠵᠢᠭᠤᠯᠬᠤ ᠶᠢ ᠲᠦᠮᠡᠨ ᠤᠯᠠᠨ ᠢᠶᠠᠷ ᠢᠶᠠᠨ ᠬᠦᠰᠡᠨ ᠬᠦᠯᠢᠶᠡᠵᠦ᠂ ᠡᠯ᠎ᠡ ᠲᠦᠷᠦᠯ ᠵᠦᠢᠯ ᠤᠨ ᠣᠷᠣᠨ ᠪᠦᠰᠡ ᠶᠢᠨ ︽ᠬᠠᠲᠠᠭᠤ ᠲᠤᠨᠤᠭ︾ ᠤᠨ ᠪᠦᠲᠦᠭᠡᠨ ᠪᠠᠶᠢᠭᠤᠯᠤᠯᠲᠠ ᠦᠨᠳᠦᠰᠦᠨ ᠳᠡᠭᠡᠨ ᠳᠠᠭᠤᠰᠴᠤ᠂ ︽ᠵᠥᠭᠡᠯᠡᠨ ᠲᠤᠨᠤᠭ︾ ᠤᠨ ᠵᠢᠷᠤᠭᠯᠠᠯ ᠡᠮᠬᠢ ᠴᠡᠭᠴᠡ ᠲᠠᠢ ᠶᠠᠪᠤᠭᠳᠠᠵᠤ ᠪᠤᠢ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠪᠦᠲᠦᠭᠡᠨ ᠪᠠᠶᠢᠭᠤᠯᠤᠯᠲᠠ ᠨᠢ ᠴᠦ ᠪᠦᠬᠦ ᠪᠠᠯᠭᠠᠰᠤ ᠣᠨᠴᠠᠭᠠᠶᠢᠯᠠᠨ ᠡᠷᠬᠢᠨ ᠲᠣᠭᠤᠷᠢᠨ ᠤ ᠲᠣᠰᠬᠤᠨ ᠤ ᠬᠥᠭᠵᠢᠯᠲᠡ ᠳᠤ ᠰᠠᠶᠢᠨ ᠰᠠᠶᠢᠬᠠᠨ ᠠᠵᠠ ᠲᠣᠬᠢᠶᠠᠯ ᠬᠠᠩᠭᠠᠵᠠᠢ᠃
 ᠣᠶᠢᠷ᠎ᠠ ᠳᠤ᠂ ︽ᠳᠣᠯᠣᠭᠠᠨ ᠥᠩᠭᠡᠲᠦ ᠡᠯᠡᠰᠦᠨ ᠲᠠᠩ︾ ᠤᠨ ᠲᠥᠷᠥᠯ ᠵᠦᠢᠯ ᠤᠨ ᠭᠠᠳᠠᠭᠤᠷ᠂ ᠦᠵᠡᠰᠬᠦᠯᠡᠩ ᠰᠠᠶᠢᠬᠠᠨ ᠲᠦᠮᠡᠨ ᠨᠠᠰᠤᠲᠤ ᠤᠳᠪᠠᠯᠠ᠂ ᠭᠠᠯ ᠤᠯᠠᠭᠠᠨ ᠲᠠᠬᠢᠶᠠᠨ ᠰᠡᠴᠢᠭ ᠴᠡᠴᠡᠭ ᠤᠨ ᠳᠠᠯᠠᠶ᠂ ᠮᠢᠩᠭᠠᠨ ᠲᠡᠭᠰᠢ ᠵᠦᠯᠭᠡ   ᠶᠢ ᠶᠠᠭ ᠳᠡᠪᠢᠰᠴᠦ ᠪᠠᠶᠢᠨ᠎ᠠ᠂ ᠬᠡᠳᠦᠶᠢᠪᠡᠷ ᠨᠠᠮᠤᠷ ᠤᠨ ᠤᠯᠠᠷᠢᠯ ᠪᠣᠯᠤᠭᠰᠠᠨ ᠪᠣᠯᠪᠠᠴᠤ ᠭᠤᠣᠯ ᠦᠳᠡ   ᠶᠢᠨ ᠨᠡᠷᠡᠨ ᠤ ᠭᠡᠷᠡᠯ ᠮᠥᠨ ᠯᠡ ︽ᠨᠠᠮᠤᠷ ᠤᠨ ᠪᠠᠷᠰ︾ ᠤᠨ ᠰᠦᠷ ᠬᠦᠴᠦᠨ ᠢ ᠢᠯᠡᠷᠡᠭᠦᠯᠵᠦ᠂ ᠠᠵᠢᠯᠴᠢᠳ ᠭᠠᠯ ᠬᠠᠯᠠᠭᠤᠨ ᠨᠡᠷᠡᠨ ᠤ ᠭᠡᠷᠡᠯ ᠳᠣᠣᠷ᠎ᠠ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠴᠡᠴᠡᠭ ᠤᠨ ᠳᠠᠯᠠᠶ ᠪᠣᠯᠣᠨ ᠵᠦᠯᠭᠡ ᠶᠢ ᠬᠡᠰᠡᠭ ᠬᠡᠰᠡᠭ   ᠢᠶᠠᠷ ᠵᠠᠯᠭᠠᠯᠳᠤᠭᠤᠯᠤᠨ ᠵᠠᠯᠭᠠᠯᠳᠤᠭᠤᠯᠵᠤ ᠪᠠᠶᠢᠯ᠎ᠠ᠃     ︽ᠡᠨᠡ ᠵᠢᠯ ᠮᠠᠨ ᠤ ᠪᠤᠤ ᠱᠢ ᠳᠤ ᠡᠶᠢᠮᠦ ᠶᠡᠭᠡ ᠵᠤᠭᠠᠴᠠᠯ ᠤᠨ ᠲᠦᠷᠦᠯ ᠵᠦᠢᠯ ᠪᠤᠢ᠂ ᠤᠯᠠᠨ ᠢᠶᠠᠷ ᠢᠶᠠᠨ ᠡᠷᠲᠡᠬᠡᠨ ᠪᠠᠶᠢᠭᠤᠯᠵᠤ ᠳᠠᠭᠤᠰᠬᠠᠬᠤ ᠶᠢ ᠬᠦᠰᠡᠵᠦ᠂ ᠲᠡᠷᠡ ᠦᠶ᠎ᠡ ᠳᠤ ᠬᠦᠷ ᠬᠥᠭᠵᠢᠶᠡᠨ ᠲᠠᠢ ᠨᠠᠭᠠᠳᠬᠤ ᠪᠠᠷ ᠶᠠᠪᠤᠶ᠎ᠠ᠃ ᠲᠡᠷᠡ ᠮᠥᠷᠲᠡᠭᠡᠨ ᠡᠨᠡ ᠬᠦ ᠲᠥᠷᠥᠯ ᠵᠦᠢᠯ ᠲᠠᠢ ᠪᠣᠯᠤᠭᠰᠠᠨ ᠠᠴᠠ ᠨᠠᠰᠢ᠂ ᠮᠠᠨ ᠤ ᠠᠷᠠᠳ ᠲᠦᠮᠡᠨ ᠪᠠᠰᠠ ᠪᠠᠭ᠎ᠠ ᠪᠤᠰᠤ ᠠᠰᠢᠭ ᠲᠤᠰᠠ ᠬᠦᠷᠲᠡᠵᠦ᠂ ᠵᠠᠷᠢᠮ ᠠᠷᠰᠠᠷ ᠠᠵᠢᠯ ᠳᠤ ᠠᠵᠢᠯᠴᠢᠨ ᠡᠯᠰᠡᠬᠦ ᠳᠡᠭᠡᠨ ᠪᠢᠳᠡᠨ ᠢ ᠠᠵᠢᠯ ᠳᠤ ᠳᠡᠮᠡᠢ ᠵᠦᠳᠡᠷᠡᠯᠲᠡᠢ ᠪᠢᠰᠢ᠂ ᠪᠠᠭ᠎ᠠ ᠪᠤᠰᠤ ᠵᠣᠭᠤᠰ ᠬᠤᠨᠵᠢᠵᠠᠢ᠂ ᠡᠨᠡ ᠤᠳᠠᠭ᠎ᠠ 1 ᠡᠳᠦᠷ ᠵᠠᠷᠤᠴᠠᠭᠤᠯᠤᠨ ᠪᠢᠳᠡᠨ ᠳᠤ 150 ᠲᠥᠭᠦᠷᠢᠭ ᠥᠭᠴᠦ᠂ ᠲᠠᠷᠢᠶᠠᠨ ᠠᠵᠢᠯ ᠤᠨ ᠰᠡᠯᠡᠭᠦᠦ ᠴᠠᠭ ᠢ ᠳᠠᠯᠢᠮᠳᠠᠭᠤᠯᠤᠨ ᠠᠷᠰᠠᠷ ᠠᠵᠢᠯ ᠬᠢᠵᠦ ᠪᠠᠭ᠎ᠠ ᠰᠠᠭ᠎ᠠ ᠵᠣᠭᠤᠰ ᠣᠯᠵᠤ᠂ ᠨᠤᠲᠤᠭ ᠤᠰᠤᠨ ᠳᠠᠭᠠᠨ ᠬᠤᠪᠢ ᠨᠡᠮᠡᠷᠢ ᠦᠵᠡᠭᠦᠯᠦᠭᠰᠡᠨ ᠳᠤ ᠪᠢᠳᠡ ᠲᠤᠶᠢᠯ ᠢᠶᠠᠷ ᠪᠠᠶᠠᠷᠯᠠᠵᠤ ᠪᠠᠶᠢᠨ᠎ᠠ︾ ᠭᠡᠵᠦ ᠸᠠᠨ ᠱᠧᠦ ᠵᠢᠦᠢ ᠲᠠᠷᠢᠬᠤ ᠶᠢ ᠬᠠᠷᠢᠭᠤᠴᠠᠵᠤ ᠪᠠᠶᠢᠭ᠎ᠠ ᠪᠦᠦ ᠴᠧᠩ ᠲᠣᠰᠬᠤᠨ ᠤ ᠠᠷᠠᠳ ᠶᠠᠨ ᠱᠣ ᠹᠠᠩ ᠢᠨᠢᠶᠡᠮᠰᠦᠭᠯᠡᠨ ᠬᠡᠯᠡᠪᠡ᠃
     ᠡᠨᠡ ᠬᠦ ᠲᠦᠷᠦᠯ ᠵᠦᠢᠯ ᠢ ᠳᠠᠭᠠᠭᠠᠴᠢᠯᠠᠭᠰᠠᠨ ᠵᠦ ᠳᠠᠭᠠᠭᠠᠮᠠᠯ ᠢᠯᠡᠷᠬᠡᠶᠢᠯᠡᠬᠦ ᠳᠡᠭᠡᠨ᠄ ︽ᠡᠨᠡ ᠤᠳᠠᠭ᠎ᠠ ᠴᠡᠴᠡᠭ ᠤᠨ ᠲᠡᠯᠡᠶ ᠪᠠ ᠵᠦᠯᠭᠡ ᠳᠠᠷᠢᠬᠤ ᠳᠤ᠂ ᠪᠢᠳᠡ ᠪᠦᠦ ᠱᠢ ᠪᠠᠯᠭᠠᠰᠤᠨ ᠤ ᠡᠷᠬᠢᠨ ᠲᠣᠭᠤᠷᠢᠨ ᠤ ᠪᠦᠦ ᠴᠧᠩ ᠲᠣᠰᠬᠤᠨ᠂ ᠳ᠋ᠦᠩ ᠭᠧᠦ ᠲᠣᠰᠬᠤᠨ᠂ ᠪᠦᠦ ᠯᠧ ᠲᠣᠰᠬᠤᠨ ᠳᠤ ᠨᠡᠶᠢᠲᠡ 100 ᠭᠠᠷᠤᠢ ᠠᠵᠢᠯᠴᠢᠨ ᠡᠯᠰᠡᠵᠦ᠂ ᠠᠵᠢᠯ ᠤᠨ ᠬᠤᠭᠤᠴᠠᠭ᠎ᠠ ᠨᠢ 10 ᠡᠳᠦᠷ ᠦᠷᠭᠦᠯᠵᠢᠯᠡᠵᠦ᠂ ᠡᠷᠬᠢᠨ ᠲᠣᠭᠤᠷᠢᠨ ᠤ ᠣᠯᠠᠨ ᠲᠦᠮᠡᠨ ᠤ ᠣᠷᠣᠯᠭ᠎ᠠ ᠶᠢ 15 ᠲᠦᠮᠡᠨ ᠲᠥᠭᠦᠷᠢᠭ ᠨᠡᠮᠡᠭᠳᠡᠭᠦᠯᠵᠦ ᠪᠣᠯᠣᠨ᠎ᠠ᠂ ᠰᠡᠭᠦᠯᠴᠢ ᠶᠢᠨ ᠬᠤᠭᠤᠴᠠᠭᠠᠨ ᠳᠤ ᠰᠡᠯᠪᠢᠨ ᠵᠠᠰᠠᠵᠤ ᠬᠠᠮᠢᠶᠠᠷᠴᠤ ᠬᠠᠮᠠᠭᠠᠯᠠᠬᠤ ᠳᠤ ᠪᠠᠰᠠ ᠮᠠᠰᠢ ᠣᠯᠠᠨ ᠬᠥᠮᠥᠨ ᠤ ᠬᠦᠴᠦ ᠬᠡᠷᠡᠭᠰᠡᠬᠦ ᠪᠥᠭᠡᠳ ᠡᠷᠬᠢᠨ ᠲᠣᠭᠤᠷᠢᠨ ᠤ ᠲᠣᠰᠬᠤᠨ   ᠠᠴᠠ ᠤᠷᠢᠳᠠᠪᠠᠷ ᠠᠵᠢᠯᠴᠢᠨ ᠡᠯᠰᠡᠵᠦ᠂ ᠡᠷᠬᠢᠨ ᠲᠣᠭᠤᠷᠢᠨ ᠤ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠬᠤ ᠪᠣᠯᠣᠨ᠎ᠠ︾ ᠭᠡᠵᠡᠢ᠃
    ᠪᠦᠦ ᠱᠢ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠨᠢ ᠭᠠᠵᠠᠷ ᠵᠦᠢ ᠶᠢᠨ ᠳᠠᠪᠠᠭᠤᠯᠢᠭ ᠪᠣᠯᠣᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠤᠨ ᠰᠢᠨ᠎ᠡ ᠬᠥᠳᠡᠯᠭᠡᠭᠦᠷ ᠢ ᠢᠳᠡᠪᠬᠢᠲᠡᠢ ᠰᠦᠪᠡᠭᠴᠢᠯᠡᠵᠦ᠂ ᠮᠠᠰᠢ ᠤᠯᠠᠨ ᠠᠵᠢᠯ ᠤᠨ ᠪᠠᠶᠢᠷᠢ ᠶᠢ ᠡᠭᠦᠳᠴᠦ ᠲᠣᠰᠬᠤᠨ ᠤ ᠠᠷᠠᠳ ᠢ ᠲᠡᠳᠬᠦᠵᠦ᠂ ᠲᠠᠷᠢᠶᠠᠯᠠᠩ ᠢ ᠠᠬᠢᠭᠤᠯᠵᠤ ᠣᠷᠣᠯᠭ᠎ᠠ ᠶᠢ ᠨᠡᠮᠡᠭᠳᠡᠭᠦᠯᠦᠨ᠎ᠡ᠃ ᠦᠵᠡᠮᠵᠢ ᠶᠢᠨ ᠣᠷᠣᠨ ᠤ ᠬᠢᠨ ᠠᠮᠤᠷ ᠢ ᠬᠠᠮᠠᠭᠠᠯᠠᠬᠤ ᠬᠠᠮᠢᠶᠠᠷᠤᠯᠲᠠ᠂ ᠬᠦᠷᠢᠶᠡᠯᠡᠩ ᠲᠣᠭᠤᠷᠢᠭ ᠤᠨ ᠠᠷᠢᠭᠤᠨ ᠴᠡᠪᠡᠷ᠂ ᠵᠤᠯᠵᠠᠭ᠎ᠠ ᠮᠣᠳᠣᠨ ᠤ ᠬᠦᠷᠢᠶᠡᠯᠡᠩ ᠢ ᠵᠠᠯᠭᠠᠬᠤ ᠪᠠ ᠬᠠᠮᠠᠭᠠᠯᠠᠬᠤ ᠵᠡᠷᠭᠡ ᠠᠵᠢᠯ ᠤᠨ ᠪᠠᠶᠢᠷᠢ ᠬᠠᠩᠭᠠᠵᠤ᠂ ᠣᠶᠢᠷ᠎ᠠ ᠬᠠᠪᠢ ᠶᠢᠨ ᠲᠣᠰᠬᠤᠨ ᠤ ᠠᠷᠠᠳ ᠢ ᠦᠵᠡᠮᠵᠢ ᠶᠢᠨ ᠣᠷᠣᠨ ᠳᠤ ᠣᠴᠢᠭᠤᠯᠤᠨ ᠠᠵᠢᠯ ᠣᠯᠭᠤᠵᠤ᠂ ᠨᠡᠩ ᠤᠯᠠᠨ ᠤᠯᠠᠨ ᠲᠦᠮᠡᠨ ᠳᠤ ︽ᠵᠤᠭᠠᠴᠠᠯ ᠤᠨ ᠬᠤᠭᠤᠯᠠ︾ ᠢᠳᠡᠭᠦᠯᠦᠨ᠎ᠡ᠃ ᠪᠦᠷᠢᠳᠬᠡᠯ ᠢ ᠦᠨᠳᠦᠰᠦᠯᠡᠪᠡᠯ᠂ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠪᠦᠦ ᠱᠢ ᠪᠠᠯᠭᠠᠰᠤ ᠶᠢᠨ 16 ᠲᠣᠰᠬᠤᠨ ᠳᠤ ᠠᠰᠢᠭ ᠬᠤᠪᠢᠶᠠᠬᠤ ᠪᠠᠷ ᠳᠠᠮᠵᠢᠨ ᠲᠣᠰᠬᠤᠨ ᠤ ᠬᠠᠮᠲᠤ ᠶᠢᠨ ᠣᠷᠣᠯᠭ᠎ᠠ ᠶᠢ 575 ᠲᠦᠮᠡᠨ ᠲᠥᠭᠦᠷᠢᠭ ᠨᠡᠮᠡᠭᠳᠡᠭᠦᠯᠵᠦ᠂ 3000 ᠭᠠᠷᠤᠢ ᠲᠣᠰᠬᠤᠨ ᠤ ᠠᠷᠠᠳ ᠤᠨ ᠠᠵᠢᠯ ᠣᠯᠭᠤᠯᠲᠠ ᠶᠢ ᠵᠡᠷᠭᠡᠪᠡᠷ ᠳᠠᠶᠢᠴᠢᠯᠠᠵᠤ᠂ ᠬᠥᠮᠥᠨ ᠳᠤᠮᠳᠠᠴᠢ ᠶᠢᠨ ᠬᠥᠳᠡᠯᠮᠦᠷᠢ ᠦᠢᠯᠡᠴᠢᠯᠡᠭᠡ ᠶᠢᠨ ᠣᠷᠣᠯᠭ᠎ᠠ ᠶᠢᠨ ᠨᠡᠮᠡᠭᠳᠡᠯ ᠢ 10000 ᠰᠢᠬᠠᠮ ᠲᠥᠭᠦᠷᠢᠭ ᠪᠡᠶᠡᠯᠡᠭᠦᠯᠵᠦ ᠪᠣᠯᠣᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号