ᠲᠦᠴᠢᠦᠸᠠᠨ ᠰᠢᠶᠠᠨ ᠤ 2022 ᠣᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2022/8/28
ᠭᠡᠷ ᠤᠨ ᠠᠬᠠᠮᠠᠳ ᠠ᠄      2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠭᠡᠵᠦ ᠪᠠᠶᠢᠭ᠎ᠠ ᠦᠶ᠎ᠡ ᠳᠤ᠂ 2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠣᠲᠣ ᠳᠣᠣᠷᠠᠬᠢ ᠮᠡᠲᠦ ᠵᠠᠷᠯᠠᠶ᠎ᠠ᠄      ᠨᠢᠭᠡ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠳᠤ ᠰᠣᠷᠣᠭᠴᠢ ᠡᠯᠰᠡᠬᠦ      ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠣᠷᠣᠭᠴᠢ᠄ 2016 ᠣᠨ ᠤ 8 ᠰᠠᠷ᠎ᠠ ᠶᠢᠨ 31 ᠤ ᠡᠳᠦᠷ ᠠᠴᠠ ᠡᠮᠦᠨ᠎ᠡ ᠲᠥᠷᠥᠭᠰᠡᠨ ᠪᠦᠬᠦᠯᠢ 6 ᠨᠠᠰᠤ ᠬᠦᠷᠦᠭᠰᠡᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠃       ᠰᠢᠶᠠᠨ ᠤ ᠬᠤᠲᠠ ᠶᠢᠨ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠦᠬᠡᠳ      1. ᠲᠤᠷᠰᠢᠯᠲᠠ ᠶᠢᠨ ᠪᠠᠭ᠎ᠠ ᠰᠤᠷᠭᠠᠭᠤᠯᠢ᠂ ᠭᠤᠷᠪᠠᠳᠤᠭᠠᠷ ᠵᠡᠭᠡᠯᠢ ᠶᠢᠨ ᠪᠠᠭ᠎ᠠ ᠰᠤᠷᠭᠠᠭᠤᠯᠢ᠂ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠨᠢ ᠰᠤᠷᠭᠠᠭᠤᠯᠢ ᠶᠢᠨ ᠲᠣᠭᠤᠷᠢᠭ ᠤᠨ ᠭᠡᠷ ᠬᠥᠷᠥᠩᠭᠡ ᠶᠢ ᠡᠯᠰᠡᠨ ᠠᠪᠬᠤ ᠶᠢᠨ ᠬᠠᠮᠲᠤ ᠪᠣᠳᠠᠲᠠᠢ ᠰᠠᠭᠤᠵᠤ ᠪᠠᠶᠢᠭ᠎ᠠ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠭᠡᠷ ᠬᠥᠷᠥᠩᠭᠡ ᠶᠢᠨ ᠥᠮᠴᠢᠯᠡᠬᠦ ᠡᠷᠬᠡ ᠶᠢᠨ ᠦᠨᠡᠮᠯᠡᠯ ᠳᠡᠭᠡᠷᠡᠬᠢ ᠡᠷᠦᠬᠡ ᠶᠢᠨ ᠡᠵᠡᠨ ᠨᠢ ᠡᠷᠬᠡᠪᠰᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠡᠴᠢᠭᠡ ᠡᠬᠡ ᠪᠠᠶᠢᠬᠤ ᠬᠡᠷᠡᠭᠲᠡᠢ᠃ᠭᠤᠷᠪᠠᠳᠤᠭᠠᠷ ᠵᠡᠭᠡᠯᠢ ᠶᠢᠨ ᠪᠠᠭ᠎ᠠ ᠰᠤᠷᠭᠠᠭᠤᠯᠢ ᠪᠣᠯᠣᠨ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠨᠢ ᠰᠤᠷᠭᠠᠭᠤᠯᠢ ᠶᠢᠨ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ ᠪᠥᠭᠡᠳ ᠪᠣᠳᠠᠲᠠᠢ ᠰᠤᠷᠭᠠᠭᠤᠯᠢ ᠶᠢᠨ ᠲᠣᠭᠤᠷᠢᠭ ᠲᠤ ᠰᠠᠭᠤᠵᠤ ᠪᠠᠶᠢᠭ᠎ᠠ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠢ ᠭᠥᠯᠢᠶᠡᠨ ᠠᠪᠴᠤ ᠰᠤᠷᠭᠠᠭᠤᠯᠢ ᠳᠤ ᠣᠷᠣᠭᠤᠯᠤᠨ᠎ᠠ᠃ ᠪᠸᠢ ᠰᠢᠶᠠᠩ ᠪᠠᠭ᠎ᠠ ᠰᠤᠷᠭᠠᠭᠤᠯᠢ᠂ ᠨᠠᠨ ᠰᠢᠶᠠᠩ ᠪᠠᠭ᠎ᠠ ᠰᠤᠷᠭᠠᠭᠤᠯᠢ ᠨᠢ ᠰᠤᠷᠭᠠᠭᠤᠯᠢ ᠶᠢᠨ ᠲᠣᠭᠤᠷᠢᠭ ᠤᠨ ᠡᠷᠦᠬᠡ ᠠᠮᠠ ᠶᠢᠨ ᠲᠠᠩᠰᠠ ᠪᠠ ᠭᠡᠷ ᠬᠥᠷᠥᠩᠭᠡ ᠲᠠᠢ ᠪᠥᠭᠡᠳ ᠲᠣᠰ ᠰᠤᠷᠭᠠᠭᠤᠯᠢ ᠶᠢᠨ ᠲᠣᠭᠤᠷᠢᠭ ᠲᠤ ᠰᠠᠭᠤᠵᠤ ᠪᠠᠶᠢᠭ᠎ᠠ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠢ ᠡᠯᠰᠡᠬᠦ ᠶᠢᠨ ᠬᠠᠮᠲᠤ ᠰᠢᠶᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠪᠠ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠳᠠᠭᠠᠵᠤ ᠨᠡᠭᠦᠭᠰᠡᠨ ᠦᠷ᠎ᠡ ᠬᠡᠦᠬᠡᠳ ᠢ ᠭᠥᠯᠢᠶᠡᠨ ᠠᠪᠴᠤ ᠰᠤᠷᠭᠠᠭᠤᠯᠢ ᠳᠤ ᠣᠷᠣᠭᠤᠯᠤᠨ᠎ᠠ᠃       ᠡᠷᠳᠡᠮ ᠤᠨ ᠴᠣᠯᠠ ᠨᠢ ᠬᠦᠷᠦᠯᠴᠡᠬᠦ ᠦᠭᠡᠢ ᠠᠴᠠ ᠪᠣᠯᠵᠤ ᠡᠯᠰᠡᠵᠦ ᠳᠡᠶᠢᠯᠬᠦ ᠦᠭᠡᠢ ᠰᠤᠷᠤᠭᠴᠢ ᠶᠢ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠥᠯᠢᠶᠡᠨ ᠠᠪᠬᠤ ᠴᠢᠳᠠᠪᠤᠷᠢ ᠲᠠᠢ ᠰᠤᠷᠭᠠᠭᠤᠯᠢ ᠳᠤ ᠨᠢᠭᠡᠳᠦᠯᠲᠡᠢ ᠲᠣᠬᠢᠷᠠᠭᠤᠯᠤᠨ᠎ᠠ᠃ ᠰᠤᠷᠭᠠᠭᠤᠯᠢ ᠨᠢ ᠲᠤᠰᠢᠶᠠᠭᠰᠠᠨ ᠡᠷᠦᠬᠡ ᠠᠮᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠨᠡᠮᠯᠡᠯ ᠵᠡᠷᠭᠡ ᠮᠠᠲ᠋ᠧᠷᠢᠶᠠᠯ ᠢ ᠬᠢᠨᠠᠨ ᠬᠠᠷᠭᠤᠭᠤᠯᠵᠤ ᠨᠤᠲᠠᠯᠠᠬᠤ ᠶᠢᠨ ᠬᠠᠮᠲᠤ ᠳᠡᠩᠰᠡᠯᠡᠨ ᠲᠡᠮᠳᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠶᠠᠨ ᠤ ᠬᠤᠲᠠ ᠶᠢᠨ ᠪᠠᠭ᠎ᠠ ᠰᠤᠷᠭᠠᠭᠤᠯᠢ 8 ᠰᠠᠷ᠎ᠠ ᠶᠢᠨ 20 ᠤ ᠡᠳᠦᠷ ᠠᠴᠠ ᠡᠬᠢᠯᠡᠨ ᠰᠢᠨ᠎ᠡ ᠰᠣᠷᠣᠭᠴᠢ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠬᠦ ᠪᠣᠳᠠᠲᠠᠢ ᠤᠴᠢᠷ ᠶᠠᠪᠤᠳᠠᠯ ᠢ ᠰᠤᠷᠭᠠᠭᠤᠯᠢ ᠶᠢᠨ ᠰᠣᠷᠣᠭᠴᠢ ᠡᠯᠰᠡᠬᠦ ᠠᠯᠪᠠᠨ ᠵᠠᠷ ᠲᠤ ᠦᠵᠡ᠃       ︵ᠬᠤᠶᠠᠷ︶ ᠬᠥᠳᠡᠭᠡ ᠲᠣᠰᠬᠤᠨ ᠤ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠬᠤ᠄ ᠬᠢᠨᠠᠨ ᠬᠠᠮᠠᠭᠠᠯᠠᠭᠴᠢ ᠨᠢ ᠡᠷᠦᠭᠡ ᠠᠮᠠ ᠶᠢᠨ ᠳᠡᠪᠲᠡᠷ ᠢᠶᠠᠨ ᠠᠪᠴᠤ ᠬᠠᠷᠢᠶ᠎ᠠ ᠰᠢᠶᠠᠩ ᠪᠠᠯᠭᠠᠰᠤᠨ ᠤ ᠪᠠᠭ᠎ᠠ ᠰᠤᠷᠭᠠᠭᠤᠯᠢ ᠳᠤ ᠣᠴᠢᠵᠤ ᠨᠡᠷ᠎ᠡ ᠮᠡᠳᠡᠭᠦᠯᠵᠦ ᠰᠤᠷᠭᠠᠭᠤᠯᠢ ᠳᠤ ᠣᠷᠣᠨ᠎ᠠ᠂ ᠨᠡᠷ᠎ᠡ ᠮᠡᠳᠡᠭᠦᠯᠬᠦ ᠴᠠᠭ ᠢ ᠰᠢᠶᠠᠩ ᠪᠠᠯᠭᠠᠰᠤᠨ ᠤ ᠪᠠᠭ᠎ᠠ ᠰᠤᠷᠭᠠᠭᠤᠯᠢ ᠠᠴᠠ ᠲᠣᠭᠲᠠᠭᠠᠨ᠎ᠠ᠃        ︵ᠭᠤᠷᠪᠠ︶ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠣᠭᠤᠷᠢᠭ ᠤᠨ ᠬᠦᠷᠢᠶ᠎ᠡ ᠬᠡᠪᠴᠢᠶ᠎ᠡ       1. ᠲᠤᠷᠰᠢᠯᠲᠠ ᠶᠢᠨ ᠪᠠᠭ᠎ᠠ ᠰᠤᠷᠭᠠᠭᠤᠯᠢ᠄ ᠬᠤᠸᠠ ᠹᠧᠩ ᠵᠡᠭᠡᠯᠢ ᠠᠴᠠ ᠬᠤᠶᠢᠰᠢ᠂ ᠰᠢᠨ ᠬᠤᠸᠠ ᠵᠡᠮ ᠪᠣᠯᠣᠨ ᠪᠧᠢ ᠴᠢᠶᠣᠤ  ᠬᠤᠶᠢᠰᠢ 111 ᠤᠯᠤᠰ ᠤᠨ ᠵᠡᠮ ᠠᠴᠠ ᠵᠡᠭᠦᠨᠰᠢ᠃       2. ᠭᠤᠷᠪᠠᠨ ᠵᠡᠭᠡᠯᠢ ᠶᠢᠨ ᠪᠠᠭ᠎ᠠ ᠰᠤᠷᠭᠠᠭᠤᠯᠢ᠄ ᠬᠤᠸᠠ ᠹᠧᠩ ᠵᠡᠭᠡᠯᠢ ᠠᠴᠠ ᠡᠮᠦᠨᠡᠰᠢ᠂ ᠰᠢᠨᠬᠤᠸᠠ ᠵᠠᠮ ᠠᠴᠠ ᠵᠡᠭᠦᠨᠰᠢ᠂ ᠠᠵᠤ ᠦᠢᠯᠡᠳᠪᠦᠷᠢ ᠶᠢᠨ ᠵᠠᠮ ᠠᠴᠠ ᠪᠠᠷᠠᠭᠤᠨᠰᠢ᠃       3. ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ᠄ ᠠᠵᠤ ᠦᠢᠯᠡᠳᠪᠦᠷᠢ ᠶᠢᠨ ᠵᠠᠮ ᠠᠴᠠ ᠵᠡᠭᠦᠨᠰᠢ᠂ ᠬᠤᠸᠠ ᠹᠧᠩ ᠵᠡᠭᠡᠯᠢ ᠠᠴᠠ ᠡᠮᠦᠨᠡᠰᠢ᠃       4. ᠪᠧᠢ ᠰᠢᠶᠠᠩ ᠪᠠᠭ᠎ᠠ ᠰᠤᠷᠭᠠᠭᠤᠯᠢ᠄ ᠬᠤᠸᠠ ᠹᠧᠩ ᠵᠡᠭᠡᠯᠢ ᠠᠴᠠ ᠤᠮᠠᠷᠠᠰᠢ᠂ ᠰᠢᠨᠬᠤᠸᠠ ᠵᠠᠮ ᠪᠠ ᠪᠧᠢ ᠴᠢᠶᠣᠤ ᠠᠴᠠ ᠤᠮᠠᠷᠠᠰᠢᠬᠢ 111 ᠤᠯᠤᠰ ᠤᠨ ᠵᠠᠮ ᠠᠴᠠ ᠪᠠᠷᠠᠭᠤᠨᠰᠢ᠃G111 ᠤᠯᠤᠰ ᠤᠨ ᠵᠠᠮ   ᠠᠴᠠ ᠪᠠᠷᠠᠭᠤᠨᠰᠢᠬᠢ ᠰᠢᠶᠠᠩ ᠪᠠᠯᠭᠠᠰᠤᠨ ᠤ ᠡᠷᠦᠬᠡ ᠠᠮᠠ ᠶᠢᠨ ᠲᠠᠩᠰᠠ ᠲᠠᠢ ᠬᠤᠲᠠ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠦᠬᠡᠳ ︵ ᠲᠠᠢ ᠳ᠋ᠦᠩ᠂ ᠯᠢᠦ ᠬᠤ᠋᠂ ᠰᠢᠤᠸᠠᠢ ᠲᠢᠶᠠᠨ᠂ ᠪᠦᠦ ᠱᠢ︶᠃       5.ᠨᠠᠨ ᠰᠢᠶᠠᠩ ᠪᠠᠭ᠎ᠠ ᠰᠤᠷᠭᠠᠭᠤᠯᠢ᠄ ᠬᠤᠸᠠ ᠹᠧᠩ ᠵᠡᠭᠡᠯᠢ ᠠᠴᠠ ᠡᠮᠦᠨ᠎ᠡ᠂ ᠰᠢᠨ ᠬᠤᠸᠠ ᠵᠠᠮ ᠠᠴᠠ ᠪᠠᠷᠠᠭᠤᠨᠰᠢ᠃G111 ᠤᠯᠤᠰ ᠤᠨ ᠵᠠᠮ ᠢᠶᠠᠷ ᠵᠠᠭᠠᠭ ᠪᠣᠯᠭᠠᠵᠤ᠂ G111 ᠤᠯᠤᠰ ᠤᠨ ᠵᠠᠮ   ᠠᠴᠠ ᠵᠡᠭᠦᠨᠰᠢᠬᠢ ᠰᠢᠶᠠᠩ ᠪᠠᠯᠭᠠᠰᠤᠨ ᠤ ᠡᠷᠦᠬᠡ ᠠᠮᠠ ᠶᠢᠨ ᠲᠠᠩᠰᠠ ᠲᠠᠢ ᠬᠤᠲᠠ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠦᠬᠡᠳ ︵ᠰᠢ ᠯᠢᠦ᠂ ᠲᠠᠢ ᠫᠢᠩ᠂ ᠱᠦᠢ ᠴᠢᠤᠸᠠᠨ᠂ ᠵᠢᠦ ᠯᠦᠩ᠂  ᠲᠦᠷᠦᠯᠵᠢ᠂ ᠲᠠᠷᠢᠶᠠᠯᠠᠩ ᠤᠨ ᠲᠠᠯᠠᠪᠠᠶ᠂ ᠶᠦᠩ ᠠᠨ︶᠃      ᠬᠤᠶᠠᠷ᠂ ᠠᠩᠬ᠎ᠠ ᠳᠤᠮᠳᠠᠳᠤ ᠶᠢᠨ ᠳᠣᠯᠣᠳᠤᠭᠠᠷ ᠣᠨ ᠳᠤ ᠰᠤᠷᠤᠭᠴᠢ ᠡᠯᠰᠡᠨ᠎ᠡ      ᠪᠠᠯᠭᠠᠰᠤᠨ ᠤ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ ᠢᠶᠠᠷ ᠬᠠᠷᠢᠶ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠭᠤᠯᠵᠤ᠂ ᠰᠤᠷᠭᠠᠭᠤᠯᠢ ᠳᠤ ᠮᠡᠳᠡᠭᠴᠢ ᠶᠢᠨ ᠪᠢᠴᠢᠭ ᠢᠶᠠᠷ ᠪᠠᠷᠢᠮᠵᠢᠶ᠎ᠠ ᠪᠣᠯᠭᠠᠵᠤ᠂ ᠲᠦᠴᠢᠦᠸᠠᠨ ᠪᠠᠯᠭᠠᠰᠤᠨ ᠤ ᠡᠷᠦᠬᠡ ᠠᠮᠠ ᠶᠢᠨ ᠲᠠᠩᠰᠠ ᠨᠢ ᠭᠡᠷ ᠬᠥᠷᠥᠩᠭᠡ ᠦᠭᠡᠢ ᠪᠠᠭ᠎ᠠ ᠰᠤᠷᠭᠠᠭᠤᠯᠢ ᠠᠴᠠ ᠲᠡᠭᠦᠰᠦᠭᠰᠡᠳ ᠢ ᠪᠣᠳᠠᠲᠠᠢ ᠣᠷᠣᠰᠢᠨ ᠰᠠᠭᠤᠵᠤ ᠪᠠᠶᠢᠭ᠎ᠠ ᠭᠠᠵᠠᠷ ᠢᠶᠠᠷ ᠨᠢ ᠭᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠵᠠᠷᠴᠢᠮ ᠢᠶᠠᠷ ᠭᠤᠷᠪᠠᠳᠤᠭᠠᠷ ᠳᠤᠮᠳᠠᠳᠤ ᠰᠤᠷᠭᠠᠭᠤᠯᠢ ᠪᠠ ᠲᠠᠪᠤᠳᠤᠭᠠᠷ ᠳᠤᠮᠳᠠᠳᠤ ᠰᠤᠷᠭᠠᠭᠤᠯᠢ ᠳᠤ ᠬᠤᠪᠢᠶᠠᠷᠢᠯᠠᠨ ᠣᠷᠣᠭᠤᠯᠤᠨ᠎ᠠ︔ᠰᠢᠶᠠᠩ ᠪᠠᠯᠭᠠᠰᠤᠨ ᠤ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠬᠠᠷᠢᠶ᠎ᠠ ᠰᠢᠶᠠᠩ ᠪᠠᠯᠭᠠᠰᠤᠨ ᠤ ᠳᠤᠮᠳᠠᠳᠤ ᠰᠤᠷᠭᠠᠭᠤᠯᠢ ᠳᠤ ᠣᠴᠢᠵᠤ ᠨᠡᠷ᠎ᠡ ᠮᠡᠳᠡᠭᠦᠯᠬᠦ ᠬᠡᠷᠡᠭᠲᠡᠢ᠃      ᠬᠤᠶᠠᠳᠤᠭᠠᠷ ᠳᠤᠮᠳᠠᠳᠤ ᠰᠤᠷᠭᠠᠭᠤᠯᠢ᠄ ᠲᠤᠸᠠᠨ ᠵᠢᠶᠧ ᠵᠠᠮ ᠠᠴᠠ ᠵᠡᠭᠦᠨᠰᠢ᠂ ᠯᠢ ᠮᠢᠨ ᠵᠡᠭᠡᠯᠢ ᠵᠢᠴᠢ ᠪᠧᠢ ᠳ᠋ᠡ ᠪᠠ ᠠᠴᠠ ᠡᠮᠦᠨᠡᠰᠢ᠂ ᠰᠢᠶᠠᠩ ᠶᠠᠩ ᠵᠠᠮ ᠠᠴᠠ ᠪᠠᠷᠠᠭᠤᠨᠰᠢ᠂ ᠬᠤᠸᠠ ᠹᠧᠩ ᠵᠡᠭᠡᠯᠢ ᠠᠴᠠ ᠡᠮᠦᠨᠡᠰᠢᠬᠢ ᠭᠡᠷ ᠬᠥᠷᠥᠩᠭᠡ ᠲᠠᠢ ᠪᠥᠭᠡᠳ ᠪᠣᠳᠠᠲᠠᠢ ᠰᠠᠭᠤᠵᠤ ᠪᠠᠶᠢᠭ᠎ᠠ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠡᠯᠰᠡᠨ᠎ᠡ︔ᠬᠤᠩ ᠰᠢᠩ ᠲᠣᠰᠬᠤᠨ᠂ ᠬᠤᠩ ᠹᠠ ᠲᠣᠰᠬᠤᠨ᠂ ᠴᠧᠩ ᠵᠢᠶᠣᠣ ᠲᠣᠰᠬᠤᠨ᠂ ᠬᠥᠩ ᠰᠢᠶᠠᠩ ᠲᠣᠰᠬᠤᠨ᠂ ᠨᠠᠨ ᠰᠢᠶᠠᠩ ᠲᠣᠰᠬᠤᠨ ᠤ ᠡᠷᠦᠬᠡ ᠠᠮᠠ ᠶᠢᠨ ᠬᠠᠷᠢᠶ᠎ᠠ ᠲᠠᠢ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠃      ᠭᠤᠷᠪᠠᠳᠤᠭᠠᠷ ᠳᠤᠮᠳᠠᠳᠤ ᠰᠤᠷᠭᠠᠭᠤᠯᠢ᠄ ᠬᠤᠸᠠ ᠹᠧᠩ ᠵᠡᠭᠡᠯᠢ ᠬᠢᠭᠡᠳ ᠪᠧᠢ ᠳ᠋ᠡ ᠪᠠ ᠠᠴᠠ ᠤᠮᠠᠷᠠᠰᠢ᠂ ᠰᠢᠶᠠᠩ ᠶᠠᠩ ᠵᠠᠮ ᠠᠴᠠ ᠵᠡᠭᠦᠨᠰᠢᠬᠢ ᠭᠡᠷ ᠬᠥᠷᠥᠩᠭᠡ ᠲᠠᠢ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠡᠯᠰᠡᠨ᠎ᠡ︔ᠲᠦᠴᠢᠦᠸᠠᠨ ᠪᠠᠯᠭᠠᠰᠤᠨ ᠤ ᠡᠷᠦᠬᠡ ᠠᠮᠠ ᠶᠢᠨ ᠲᠠᠩᠰᠠ ᠨᠢ ᠭᠡᠷ ᠬᠥᠷᠥᠩᠭᠡ ᠦᠭᠡᠢ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ︔ ᠱᠦᠢ ᠴᠢᠤᠸᠠᠨ ᠪᠠᠭ᠎ᠠ ᠰᠤᠷᠭᠠᠭᠤᠯᠢ ᠪᠠ ᠲᠠᠢ ᠳ᠋ᠦᠩ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ︔ ᠵᠢᠦ ᠯᠦᠩ᠂  ᠲᠦᠷᠦᠯᠵᠢ᠂ ᠲᠠᠷᠢᠶᠠᠯᠠᠩ ᠤᠨ ᠲᠠᠯᠠᠪᠠᠶ᠂ ᠶᠦᠩ ᠠᠨ᠂ ᠬᠠᠷᠠᠴᠢᠨ ᠰᠢᠶᠠᠩ ᠪᠠᠯᠭᠠᠰᠤᠨ ᠤ ᠡᠷᠦᠬᠡ ᠠᠮᠠ ᠶᠢᠨ ᠲᠠᠩᠰᠠ ᠨᠢ ᠲᠦᠴᠢᠦᠸᠠᠨ ᠪᠠᠯᠭᠠᠰᠤᠨ ᠳᠤ ᠰᠤᠷᠤᠯᠴᠠᠵᠤ ᠪᠠᠶᠢᠭ᠎ᠠ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠪᠠ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠦᠷ᠎ᠡ ᠬᠡᠦᠬᠡᠳ᠃      ᠲᠠᠪᠤᠳᠤᠭᠠᠷ ᠳᠤᠮᠳᠠᠳᠤ ᠰᠤᠷᠭᠠᠭᠤᠯᠢ᠄ ᠯᠢ ᠮᠢᠨ ᠵᠡᠭᠡᠯᠢ ᠠᠴᠠ ᠤᠮᠠᠷᠠᠰᠢ᠂ ᠲᠤᠸᠠᠨ ᠵᠢᠶᠧ ᠵᠠᠮ ᠠᠴᠠ ᠪᠠᠷᠠᠭᠤᠨᠰᠢᠬᠢ ᠭᠡᠷ ᠬᠥᠷᠥᠩᠭᠡ ᠲᠠᠢ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠡᠯᠰᠡᠨ᠎ᠡ︔ ᠲᠦᠴᠢᠦᠸᠠᠨ ᠪᠠᠯᠭᠠᠰᠤᠨ ᠤ ᠡᠷᠦᠬᠡ ᠠᠮᠠ ᠶᠢᠨ ᠲᠠᠩᠰᠠ ᠨᠢ ᠭᠡᠷ ᠬᠥᠷᠥᠩᠭᠡ ᠦᠭᠡᠢ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ︔ ᠰᠢᠶᠣᠣ ᠴᠧᠩ  ᠲᠣᠰᠬᠤᠨ᠂ ᠹᠦ᠋ ᠱᠧᠩ ᠲᠣᠰᠬᠤᠨ᠂ ᠪᠧᠢ ᠰᠢᠶᠠᠩ ᠲᠣᠰᠬᠤᠨ᠂ ᠰᠢᠨ ᠱᠧᠩ ᠲᠣᠰᠬᠤᠨ ᠤ ᠡᠷᠦᠬᠡ ᠠᠮᠠ ᠶᠢᠨ ᠲᠠᠩᠰᠠ ᠲᠠᠢ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ︔ ᠰᠢ ᠯᠢᠦ ᠪᠠᠭ᠎ᠠ ᠰᠤᠷᠭᠠᠭᠤᠯᠢ ᠪᠠ ᠲᠠᠢ ᠫᠢᠩ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ︔ ᠲᠠᠢ ᠾᠧ᠂ ᠯᠢᠦ ᠬᠤ᠋᠂ ᠰᠢᠤᠸᠠᠢ ᠲᠢᠶᠠᠨ᠂ ᠪᠦᠦ ᠱᠢ᠂ ᠵᠢᠦᠢ ᠯᠢ ᠰᠢᠶᠠᠩ ᠪᠠᠯᠭᠠᠰᠤᠨ ᠤ ᠡᠷᠦᠬᠡ ᠠᠮᠠ ᠶᠢᠨ ᠳᠠᠩᠰᠠ ᠶᠢᠨ ᠲᠦᠴᠢᠦᠸᠠᠨ ᠪᠠᠯᠭᠠᠰᠤᠨ ᠳᠤ ᠰᠤᠷᠤᠯᠴᠠᠵᠤ ᠪᠠᠶᠢᠭ᠎ᠠ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠪᠠ ᠬᠤᠳᠠ ᠳᠤ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠦᠷ᠎ᠡ ᠬᠡᠦᠬᠡᠳ᠃      ᠰᠤᠮᠤ ᠪᠠᠯᠭᠠᠰᠤᠨ ᠤ ᠳᠤᠮᠳᠠᠳᠤ ᠰᠤᠷᠭᠠᠭᠤᠯᠢ ᠨᠢ ᠲᠤᠰ ᠰᠤᠮᠤ ᠪᠠᠯᠭᠠᠰᠤᠨ ᠤ ᠪᠠᠨ ᠪᠠᠶᠢᠭ᠎ᠠ ᠭᠠᠵᠠᠷ ᠤᠨ ᠪᠠᠭ᠎ᠠ ᠰᠤᠷᠭᠠᠭᠤᠯᠢ ᠠᠴᠠ ᠲᠡᠭᠦᠰᠦᠭᠰᠡᠨ‌‍ᠰᠤᠷᠤᠭᠴᠢ     ᠭᠤᠷᠪᠠ᠂ ᠰᠣᠷᠣᠭᠴᠢ ᠡᠯᠰᠡᠬᠦ ᠨᠥᠬᠦᠴᠡᠯ      ᠲᠣᠰ ᠬᠥᠮᠥᠨ ᠤ ᠭᠡᠷ ᠪᠦᠯᠢ ᠶᠢᠨ ᠡᠷᠦᠬᠡ ᠠᠮᠠ ᠶᠢᠨ ᠳᠡᠪᠲᠡᠷ᠂ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠪᠤᠶᠤ ᠲᠣᠰ ᠬᠥᠮᠥᠨ ᠤ ᠭᠡᠷ ᠬᠥᠷᠥᠩᠭᠡ ᠶᠢᠨ ᠦᠨᠡᠮᠯᠡᠯ ︵ᠵᠥᠪᠬᠡᠨ ᠰᠠᠭᠤᠭᠠᠯᠢ ᠠᠷᠠᠳ ᠤᠨ ᠣᠷᠣᠨ ᠰᠠᠭᠤᠴᠠ ᠳᠤ ᠬᠢᠵᠠᠭᠠᠷᠯᠠᠭᠳᠠᠨ᠎ᠠ᠂ ᠡᠵᠡᠩᠨᠡᠯᠲᠡ ᠶᠢᠨ ᠭᠡᠷ ᠪᠠᠶᠢᠰᠢᠩ ᠪᠠ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ ᠪᠠᠭᠲᠠᠬᠤ ᠦᠭᠡᠢ︶᠂ ᠲᠥᠷᠥᠭᠰᠡᠨ ᠭᠡᠷᠡᠴᠢ᠃ ᠬᠤᠲᠠ ᠳᠤ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠰᠢᠶᠠᠨ ᠤ ᠬᠤᠲᠠ ᠶᠢᠨ ᠰᠤᠷᠭᠠᠭᠤᠯᠢ ᠳᠤ ᠣᠷᠣᠬᠤ ᠳᠤ ᠬᠡᠷᠡᠭᠰᠡᠬᠦ ᠨᠥᠬᠦᠴᠡᠯ ᠪᠠ ᠭᠠᠷ ᠭᠦᠢᠴᠡᠳᠬᠡᠯ᠄ ᠡᠴᠢᠭᠡ ᠡᠬᠡ ᠬᠤᠶᠠᠷ ᠡᠲᠡᠭᠡᠳ ᠤᠨ ᠬᠠᠤᠯᠢ ᠶᠣᠰᠣᠨ ᠤ ᠬᠥᠳᠡᠯᠮᠦᠷᠢ ᠶᠢᠨ ᠭᠡᠷ᠎ᠡ︔ ᠬᠤᠳᠠᠯᠳᠤᠭ᠎ᠠ ᠡᠷᠬᠢᠯᠡᠭᠰᠡᠳ ᠡᠵᠡᠩᠨᠡᠯᠲᠡ ᠶᠢᠨ ᠦᠨᠡᠮᠯᠡᠯ ᠬᠠᠩᠭᠠᠨ᠎ᠠ︔ ᠡᠷᠦᠬᠡ ᠠᠮᠠ ᠶᠢᠨ ᠳᠡᠪᠲᠡᠷ᠂ ᠣᠷᠣᠰᠢᠨ ᠰᠠᠭᠤᠬᠤ ᠦᠨᠡᠮᠯᠡᠯ ︵ᠭᠠᠳᠠᠷ ᠣᠷᠣᠨ ᠤ ᠡᠷᠦᠬᠡ ᠠᠮᠠ ᠶᠢᠨ ᠲᠠᠩᠰᠠ︶᠂ ᠭᠡᠷ ᠬᠥᠷᠥᠩᠭᠡ ᠶᠢᠨ ᠦᠨᠡᠮᠯᠡᠯ᠂ ᠲᠥᠷᠥᠭᠰᠡᠨ ᠭᠡᠷᠡᠴᠢ᠃ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠨᠢ ᠭᠡᠷ ᠪᠠᠶᠢᠰᠢᠩ ᠤᠨ ᠥᠮᠴᠢᠯᠡᠯ ᠤᠨ ᠦᠨᠡᠮᠯᠡᠯ ᠦᠭᠡᠢ ᠪᠠᠶᠢᠪᠠᠯ᠂ ᠭᠡᠷ ᠲᠦᠷᠢᠶᠡᠰᠦᠯᠡᠬᠦ ᠭᠡᠷ᠎ᠡ ᠶᠢ ᠬᠠᠩᠭᠠᠨ᠎ᠠ᠃      ᠳᠥᠷᠪᠡ᠂ ᠬᠤᠯᠪᠣᠭᠳᠠᠯ ᠪᠦᠬᠦᠢ ᠲᠣᠭᠲᠠᠭᠠᠯ       ︵ᠨᠢᠭᠡ︶ ᠰᠢᠶᠠᠨ ᠤ ᠬᠤᠲᠠ ᠶᠢᠨ ᠪᠠᠭ᠎ᠠ ᠰᠤᠷᠭᠠᠭᠤᠯᠢ ᠳᠤ ᠰᠤᠷᠤᠯᠴᠠᠬᠤ ᠪᠠᠷ ᠮᠡᠳᠡᠭᠦᠯᠬᠦ ᠭᠡᠵᠦ ᠪᠠᠶᠢᠭ᠎ᠠ ᠰᠤᠷᠬᠤ ᠨᠠᠰᠤᠨ ᠤ ᠬᠡᠦᠬᠡᠳ ᠪᠦᠬᠦᠨ ᠢ ᠡᠷᠬᠡᠪᠰᠢ ᠳᠡᠭᠡᠷᠡᠬᠢ ᠱᠠᠭᠠᠷᠳᠠᠯᠭ᠎ᠠ ᠶᠣᠰᠣᠭᠠᠷ ᠰᠤᠷᠭᠠᠭᠤᠯᠢ ᠶᠢᠨ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠲᠦᠴᠢᠦᠸᠠᠨ ᠰᠢᠶᠠᠨ ᠤ ᠡᠷᠦᠬᠡ ᠠᠮᠠ ᠶᠢᠨ ᠲᠠᠩᠰᠠ ᠲᠠᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠪᠡᠶ᠎ᠡ ᠮᠠᠬᠠᠪᠤᠳ ᠤᠨ ᠪᠠᠶᠢᠳᠠᠯ ᠵᠡᠷᠭᠡ ᠣᠨᠴᠠᠭᠠᠶ ᠰᠢᠯᠲᠠᠭᠠᠨ ᠠᠴᠠ ᠪᠣᠯᠵᠤ ᠲᠣᠰ ᠵᠢᠯ ᠳᠤ ᠰᠤᠷᠭᠠᠭᠤᠯᠢ ᠳᠤ ᠣᠷᠣᠵᠤ ᠳᠡᠶᠢᠯᠬᠦ ᠦᠭᠡᠢ ᠪᠣᠯ ᠰᠤᠷᠭᠠᠭᠤᠯᠢ ᠶᠢᠨ ᠲᠣᠭᠤᠷᠢᠭ ᠤᠨ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠳᠤ ᠨᠢᠭᠡ ᠵᠢᠯ ᠬᠤᠶᠢᠰᠢᠯᠠᠭᠤᠯᠤᠨ ᠰᠤᠷᠭᠠᠭᠤᠯᠢ ᠳᠤ ᠣᠷᠣᠬᠤ ᠪᠠᠷ ᠭᠤᠶᠤᠴᠢᠯᠠᠬᠤ ᠬᠡᠷᠡᠭᠲᠡᠢ᠃       ︵ᠬᠤᠶᠠᠷ︶ ᠡᠷᠦᠬᠡ ᠠᠮᠠ ᠶᠢᠨ ᠲᠠᠩᠰᠠ᠂ ᠭᠡᠷ ᠬᠥᠷᠥᠩᠭᠡ ᠪᠤᠶᠤ ᠪᠤᠰᠤᠳ ᠰᠤᠷᠭᠠᠭᠤᠯᠢ ᠳᠤ ᠣᠷᠣᠭᠰᠠᠨ ᠭᠡᠷᠡᠴᠢ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠵᠤ ᠨᠡᠷ᠎ᠡ ᠮᠡᠳᠡᠭᠦᠯᠵᠦ ᠳᠠᠩᠰᠠᠯᠠᠭᠤᠯᠤᠭᠰᠠᠨ ᠪᠠᠶᠢᠪᠠᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠨᠡᠷ᠎ᠡ ᠮᠡᠳᠡᠭᠦᠯᠬᠦ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠡᠷᠬᠡᠪᠰᠢ ᠤᠤᠯ ᠤᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠰᠤᠷᠭᠠᠭᠤᠯᠢ ᠳᠤ ᠣᠷᠣᠭᠤᠯᠬᠤ ᠬᠡᠷᠡᠭᠲᠡᠢ᠃       ︵ᠭᠤᠷᠪᠠ︶ ᠬᠤᠲᠠ ᠳᠤ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠪᠠ ᠬᠥᠳᠡᠭᠡ ᠲᠣᠰᠬᠤᠨ ᠤ ᠰᠢᠶᠠᠨ ᠤ ᠬᠤᠲᠠ ᠠᠴᠠ ᠭᠡᠷ ᠪᠠᠶᠢᠰᠢᠩ ᠬᠤᠳᠠᠯᠳᠤᠨ ᠠᠪᠴᠤ ᠰᠤᠷᠭᠠᠭᠤᠯᠢ ᠳᠤ ᠣᠷᠣᠭᠰᠠᠳ ᠤᠨ ᠦᠷ᠎ᠡ ᠬᠡᠦᠬᠡᠳ ᠲᠤ ᠰᠤᠷᠭᠠᠭᠤᠯᠢ ᠨᠢ ᠬᠢᠨᠠᠨ ᠬᠠᠮᠠᠭᠠᠯᠠᠭᠴᠢ ᠲᠠᠢ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠰᠤᠷᠭᠠᠭᠤᠯᠢ ᠶᠢᠨ ᠭᠠᠳᠠᠨ᠎ᠠ ᠬᠤᠨᠣᠬᠤ ᠭᠠᠵᠠᠷ ᠰᠠᠭᠤᠵᠤ ᠪᠠᠶᠢᠬᠤ ᠶᠢ ᠣᠯᠵᠤ ᠮᠡᠳᠡᠪᠡᠯ᠂ ᠰᠤᠷᠭᠠᠭᠤᠯᠢ ᠨᠢ ᠡᠷᠬᠡᠪᠰᠢ ᠲᠣᠰ ᠰᠣᠷᠣᠭᠴᠢ ᠶᠢ ᠤᠭ ᠨᠤᠲᠤᠭ ᠲᠤᠨᠢ ᠪᠤᠴᠠᠭᠠᠬᠤ ᠬᠡᠷᠡᠭᠲᠡᠢ᠃       ︵ᠳᠥᠷᠪᠡ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠨᠤᠭᠤᠳ ᠵᠠᠭᠠᠭᠯᠠᠨ ᠲᠣᠭᠲᠠᠭᠠᠭᠰᠠᠨ ᠬᠡᠰᠡᠭ ᠲᠣᠭᠤᠷᠢᠭ ᠢ ᠴᠢᠩᠭ᠎ᠠ ᠵᠢᠷᠤᠮᠯᠠᠨ ᠰᠣᠷᠣᠭᠴᠢ ᠡᠯᠰᠡᠬᠦ ᠬᠡᠷᠡᠭᠲᠡᠢ᠂       ᠰᠤᠷᠭᠠᠭᠤᠯᠢ ᠰᠣᠷᠣᠭᠴᠢ ᠡᠯᠰᠡᠬᠦ ᠰᠠᠬᠢᠯᠭ᠎ᠠ ᠪᠠᠲᠤ ᠶᠢ ᠵᠥᠷᠢᠴᠡᠵᠦ ᠲᠣᠭᠲᠠᠭᠠᠯ ᠢ ᠵᠥᠷᠢᠴᠡᠨ ᠰᠣᠷᠣᠭᠴᠢ ᠡᠯᠰᠡᠭᠰᠡᠨ ᠪᠠᠶᠢᠪᠠᠯ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃       ᠨᠡᠷᠡᠨ ᠭᠡᠷᠡᠯᠳᠦ ᠠᠩᠭᠢ ᠬᠤᠪᠢᠶᠠᠬᠤ ᠶᠢ ᠬᠡᠷᠡᠭᠵᠢᠭᠦᠯᠦᠨ᠎ᠡ᠃ᠰᠣᠷᠣᠭᠴᠢ ᠶᠢᠨ ᠲᠤᠭ᠎ᠠ ᠪᠠ ᠰᠣᠷᠣᠭᠴᠢ ᠶᠢᠨ ᠲᠤᠭ᠎ᠠ ᠶᠢ ᠴᠢᠩᠭ᠎ᠠ ᠬᠢᠵᠠᠭᠠᠷᠯᠠᠵᠤ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠣᠯᠣᠳᠤᠭᠠᠷ ᠣᠨ ᠤ ᠰᠢᠨ᠎ᠡ ᠰᠣᠷᠣᠭᠴᠢ ᠳᠤ ᠢᠯᠡ ᠪᠠᠷ ᠠᠩᠭᠢ ᠬᠤᠪᠢᠶᠠᠬᠤ᠂ ᠠᠩᠭᠢ ᠶᠢᠨ ᠡᠷᠬᠢᠯᠡᠭᠴᠢ ᠰᠢᠪᠠᠭ᠎ᠠ ᠰᠤᠭᠤᠯᠵᠤ ᠬᠢᠴᠢᠶᠡᠯ ᠤᠨ ᠪᠠᠭᠰᠢ ᠪᠠ ᠠᠩᠭᠢ ᠶᠢ ᠲᠣᠭᠲᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠭᠡᠷ ᠤᠨ ᠠᠬᠠᠮᠠᠳ ᠤᠨ ᠲᠥᠯᠥᠭᠡᠯᠡᠭᠴᠢ ᠵᠡᠷᠭᠡ ᠬᠥᠮᠥᠰ ᠤᠨ ᠲᠤᠬᠠᠢ ᠶᠢᠨ ᠲᠠᠯᠠᠪᠤᠷ ᠤᠨ ᠬᠢᠨᠠᠯᠲᠠ ᠶᠢ ᠬᠦᠯᠢᠶᠡᠬᠦ ᠬᠡᠷᠡᠭᠲᠡᠢ᠃        ᠯᠠᠪᠯᠠᠯᠲᠠ ᠶᠢᠨ ᠬᠢᠨᠠᠯᠲᠠ ᠲᠠᠯᠪᠢᠬᠤ ᠤᠲᠠᠰᠤ᠄ 3855013᠂ 3855030        ᠣᠨᠴᠠᠭᠠᠶᠢᠯᠠᠨ ᠵᠠᠷᠯᠠᠪᠠ        ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ                                      2022 ᠣᠨ ᠤ 8 ᠰᠠᠷ᠎ᠠ ᠶᠢᠨ 5 ᠤ ᠡᠳᠦᠷ  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号