2022 ᠣᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠭᠤᠷᠪᠠᠳᠤᠭᠠᠷ ᠬᠤᠭᠤᠴᠠᠭ᠎ᠠ  ︵2︶
ᠨᠡᠶᠢᠲᠡᠯᠡᠭᠰᠡᠨ ᠴᠠᠭ᠄
2022/8/31
    ★ 5 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ★ 5 ᠰᠠᠷ᠎ᠠ ᠶᠢᠨ 18 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ ᠭᠦᠸᠧ ᠲᠠᠩ ᠨᠠᠷ ᠲᠦᠴᠢᠦᠸᠠᠨ ᠰᠢᠶᠠᠨ ᠳᠤ ᠬᠦᠷᠴᠦ ᠵᠠᠰᠠᠭ ᠤᠨ ᠣᠷᠳᠣᠨ ᠤ ᠥᠷᠢ ᠥᠭᠴᠡᠭᠡ ᠶᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠬᠦ ᠪᠠ ᠡᠳ᠋ ᠤᠨ ᠵᠠᠰᠠᠭ ᠤᠨ ᠪᠡᠯᠡ ᠮᠥᠩᠭᠦ ᠪᠠᠷ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠶᠢ ᠪᠠᠲᠤᠯᠠᠭᠰᠠᠨ ᠪᠠᠶᠢᠳᠠᠯ ᠢ ᠪᠠᠶᠢᠴᠠᠭᠠᠨ‌‍ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠭᠤᠸᠠᠨ ᠯᠢ ᠴᠦᠨ᠂ ᠼᠤᠤ ᠶᠦᠩ ᠰᠢᠨ᠂ ᠰᠦᠩ ᠽᠧ ᠬᠠᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ★ 5 ᠰᠠᠷ᠎ᠠ ᠶᠢᠨ 21 ᠤ ᠡᠳᠦᠷ᠂ ᠲᠦᠴᠢᠦᠸᠠᠨ ᠰᠢᠶᠠᠨ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠵᠢᠶᠠ ᠵᠢᠶᠦ᠋ᠨ᠂ ᠴᠧᠨ ᠭᠦᠸᠧ ᠮᠢᠩ᠂ ᠯᠢ ᠬᠤᠩ ᠰᠢᠩ᠂ ᠪᠦᠦ ᠬᠤᠩ ᠶᠢᠩ᠂ ᠰᠦᠩ ᠽᠧ ᠬᠠᠢ᠂ ᠸᠠᠩ ᠬᠠᠢ ᠵᠢᠶᠦ᠋ᠨ ᠵᠢᠴᠢ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠣᠯᠣᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠳ ᠬᠤᠷᠠᠯ ᠳᠤ ᠣᠷᠣᠯᠴᠠᠪᠠ᠃      ★ 5 ᠰᠠᠷ᠎ᠠ ᠶᠢᠨ 27 ᠤ ᠡᠳᠦᠷ᠂ ᠲᠦᠴᠢᠦᠸᠠᠨ ᠰᠢᠶᠠᠨ ᠭᠤᠸᠠᠩ ᠬᠤᠶ ᠲᠣᠰᠬᠤᠨ ᠤ ᠲᠦᠮᠡᠨ ᠰᠠᠭᠠᠯᠢ ᠶᠢᠨ ᠦᠨᠢᠶᠡᠨ ᠤ ᠪᠠᠷᠢᠮᠵᠢᠶᠠᠵᠢᠭᠤᠯᠤᠭᠰᠠᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ ᠰᠢᠶᠠᠨ ᠤ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠮᠧᠩ ᠨᠢᠦ  ᠰᠦ ᠶᠢᠨ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠣᠲᠣ ᠦᠶ᠎ᠡ ᠶᠢᠨ ᠮᠠᠯ ᠠᠵᠤ ᠠᠬᠤᠢ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ᠂ ᠯᠢᠦᠢ ᠹᠧᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠥᠷᠪᠡᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠭᠲᠠᠪᠠ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠢᠦᠢ ᠴᠢᠤᠸᠠᠨ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠢ ᠬᠤᠩ ᠰᠢᠩ᠂ ᠰᠥᠩ ᠽᠧ ᠬᠠᠢ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠥᠮᠥᠰ ᠣᠷᠣᠯᠴᠠᠵᠠᠢ᠃      ★ 5 ᠰᠠᠷ᠎ᠠ ᠶᠢᠨ 27  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠪᠦᠬᠦ ᠰᠢᠶᠠᠨ ᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪᠯᠡᠷᠡᠭᠦᠯᠦᠨ ᠵᠠᠰᠠᠬᠤ ᠶᠢ ᠪᠣᠯᠭᠢᠴᠢᠯᠠᠵᠤ ᠠᠷᠠᠯᠵᠢᠶᠠᠯᠠᠬᠤ ᠶᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠪᠠ᠃ ᠭᠤᠸᠠᠨ ᠯᠢ ᠴᠦᠨ᠂ ᠸᠠᠩ ᠶᠠᠨ ᠪᠥᠸᠧ᠂ ᠪᠣᠥ ᠬᠦᠭᠵᠢᠯᠲᠦ᠂ ᠸᠠᠩ ᠵᠢᠶᠠ ᠵᠢᠶᠦ᠋ᠨ᠂ ᠴᠧᠨ ᠭᠦᠸᠧ ᠮᠢᠩ᠂ ᠨᠢᠩ ᠬᠠᠢ ᠶᠠᠨ᠂ ᠶᠠᠩ ᠪᠦᠦ ᠲᠢᠶᠠᠨ᠂ ᠯᠢᠦ ᡁᠢ ᠹᠸᠡᠭ᠂ ᠰᠦᠨ ᠵᠧᠨ ᠵᠡᠷᠭᠡ ᠰᠢᠶᠠᠨ ᠤ ᠤᠳᠤᠷᠢᠳᠤᠯᠭ᠎ᠠ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ᠢ ᠬᠠᠮᠲᠤ ᠪᠠᠷ ᠦᠵᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠭᠤᠣᠯ ᠰᠡᠳᠦᠪᠲᠦ ᠰᠡᠷᠡᠮᠵᠢᠯᠡᠭᠦᠯᠬᠦ ᠬᠥᠮᠦᠵᠢᠯ ᠢ ᠬᠦᠯᠢᠶᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号