2022 ᠣᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠭᠤᠷᠪᠠᠳᠤᠭᠠᠷ ᠬᠤᠭᠤᠴᠠᠭ᠎ᠠ  ︵3︶
ᠨᠡᠶᠢᠲᠡᠯᠡᠭᠰᠡᠨ ᠴᠠᠭ᠄
2022/8/31
       ★ 6 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠪᠥᠬᠦ ᠰᠢᠶᠠᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ ᠂ ᠪᠥᠬᠦ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠲᠧᠯᠸᠢᠰ ᠳ᠋ᠢᠶᠠᠩᠬᠤᠸᠠ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠴᠠᠭ ᠠᠭᠤᠷ ᠵᠡᠷᠭᠡ ᠰᠠᠯᠠᠭ᠎ᠠ ᠮᠥᠴᠢᠷ ᠤᠨ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ★ 6 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠦᠴᠢᠦᠸᠠᠨ ᠰᠢᠶᠠᠨ ᠤ ᠲᠣᠰᠬᠤᠨ ᠳᠤ ᠰᠠᠭᠤᠭ᠎ᠠ ᠺᠠᠳ᠋ᠷᠴᠤᠳ ᠲᠤ ᠨᠥᠬᠦᠪᠦᠷᠢ ᠣᠯᠭᠤᠬᠤ ᠲᠥᠰᠥᠯ︾ ︽ᠲᠦᠴᠢᠦᠸᠠᠨ ᠰᠢᠶᠠᠨ ᠤ 2022 ᠣᠨ ᠤ ᠬᠤᠶᠠᠳᠤᠭᠠᠷ ᠪᠦᠯᠦᠭ ᠤᠨ ᠵᠣᠯᠭᠠᠭᠤᠯᠬᠤ ᠪᠡᠯᠡ ᠮᠥᠩᠭᠦ ᠶᠢ ᠬᠡᠷᠡᠭᠵᠢᠭᠦᠯᠬᠦ ᠲᠥᠷᠥᠯ ᠵᠦᠢᠯ ᠤᠨ ᠬᠡᠷᠡᠭᠯᠡᠯᠲᠡ ᠶᠢᠨ ᠲᠥᠯᠥᠪᠯᠡᠭᠡ︾ ︽ᠲᠦᠴᠢᠦᠸᠠᠨ ᠰᠢᠶᠠᠨ ᠤ ᠠᠵᠤ ᠠᠬᠤᠶᠢᠯᠠᠯ ᠤᠨ ᠳᠠᠮᠫᠤᠷᠠᠯ ᠤᠨ ᠠᠵᠢᠯ ᠤᠨ ᠵᠠᠰᠠᠭ ᠤᠨ ᠣᠷᠳᠣᠨ ᠪᠠ ᠬᠦᠷᠢᠶᠡᠯᠡᠩ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠬᠦ ᠲᠥᠰᠥᠯ︾ ︽ᠲᠦᠴᠢᠦᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠮᠫᠤᠷᠠᠯ ᠤᠨ ᠵᠠᠷᠤᠳᠠᠯ ᠢ ᠲᠤᠰᠠᠯᠠᠬᠤ ᠪᠡᠯᠡ ᠮᠥᠩᠭᠦ ᠶᠢ ᠬᠡᠷᠡᠭᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠲᠦᠴᠢᠦᠸᠠᠨ ᠰᠢᠶᠠᠨ ᠤ ᠡᠩ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠯᠡᠨ ᠵᠢᠱᠢᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠲᠦᠴᠢᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ︾ ︽ᠲᠦᠴᠢᠦᠸᠠᠨ ᠰᠢᠶᠠᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠲᠥᠰᠥᠯ︾ ︽ᠲᠦᠴᠢᠦᠸᠠᠨ ᠰᠢᠶᠠᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ︾ ᠬᠢᠨᠠᠨ ᠵᠦᠪᠯᠡᠵᠦ᠂ ᠰᠢᠶᠠᠨ ᠤ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠵᠢᠯ ᠤᠨ ᠡᠬᠢᠨ ᠠᠴᠠ ᠨᠠᠰᠢᠬᠢ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ ᠪᠠᠶᠢᠳᠠᠯ ᠢ ᠨᠡᠪᠲᠡᠷᠡᠭᠦᠯᠪᠡ᠃      ★ 6 ᠰᠠᠷ᠎ᠠ ᠶᠢᠨ 21 ᠤ ᠡᠳᠦᠷ᠂ ᠪᠥᠬᠦ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠪᠣᠯᠪᠠᠰᠤᠨ ᠢ ᠡᠭᠦᠳᠦᠨ ᠪᠠᠶᠢᠭᠤᠯᠬᠤ ᠬᠠᠷᠢᠯᠴᠠᠨ ᠪᠠᠶᠢᠴᠠᠭᠠᠬᠤ ᠠᠵᠢᠯ ᠤᠨ ᠳᠤᠭᠤᠶᠢᠯᠠᠩ ᠲᠦᠴᠢᠦᠸᠠᠨ ᠰᠢᠶᠠᠨ ᠳᠤ ᠬᠦᠷᠴᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠵᠢᠯᠣᠭᠤᠳᠪᠠ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠶᠠᠩ ᠪᠦᠦ ᠲᠢᠶᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃      ★ 6 ᠰᠠᠷ᠎ᠠ ᠶᠢᠨ 23 ᠤ ᠡᠳᠦᠷ᠂ ᠹᠠᠩᠱᠠᠨ ᠲᠣᠭᠤᠷᠢᠭ ︱ ᠲᠦᠴᠢᠦᠸᠠᠨ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠵᠤ᠂ ᠹᠠᠩᠱᠠᠨ ᠤ ᠲᠦᠴᠢᠦᠸᠠᠨ ᠬᠤᠶᠠᠷ ᠭᠠᠵᠠᠷ ᠤᠨ ᠨᠡᠪᠲᠡᠷᠡᠯᠴᠡᠭᠡ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠶᠠᠷ ᠲᠠᠯ᠎ᠠ ᠪᠠᠷ ᠢᠶᠠᠨ ᠲᠠᠷᠠᠭᠠᠴᠢ ᠶᠢᠨ ᠠᠯᠬᠤᠮ ᠤᠨ ᠬᠠᠮᠵᠢᠯᠴᠠᠬᠤ ᠠᠵᠢᠯ ᠤᠨ ᠲᠠᠯ᠎ᠠ ᠪᠠᠷ ᠰᠣᠯᠢᠯᠴᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠬᠤᠷᠠᠯ ᠳᠤ ᠣᠷᠣᠯᠴᠠᠪᠠ᠃      ★ 6 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠥᠯᠥᠪᠯᠡᠨ ᠪᠦᠲᠦᠭᠡᠨ ᠪᠠᠶᠢᠭᠤᠯᠬᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠶᠡᠭᠡ ᠬᠤᠷᠠᠯ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠲᠦᠴᠢᠦᠸᠠᠨ ᠰᠢᠶᠠᠨ ᠬᠤᠪᠢᠶᠠᠷᠢ ᠬᠤᠷᠠᠯ ᠤᠨ ᠲᠠᠯᠠᠪᠠᠢ ᠪᠣᠯᠤᠭᠰᠠᠨ ᠤ ᠬᠤᠪᠢ ᠳᠤ ᠬᠥᠬᠡᠬᠤᠲᠠ ᠶᠢᠨ ᠴᠢᠩ ᠱᠦᠢ ᠾᠧ ᠰᠢᠶᠠᠨ ᠤ ᠭᠤᠣᠯ ᠬᠤᠷᠠᠯ ᠤᠨ ᠲᠠᠯᠠᠪᠠᠢ ᠪᠣᠯᠣᠨ ᠵᠠᠯᠠᠶᠢᠳ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠲᠠᠢ ᠲᠤᠬᠠᠢ ᠶᠢᠨ ᠴᠠᠭ ᠤᠨ ᠸᠢᠳᠢᠤ᠋ ᠪᠠᠷ ᠵᠠᠯᠭᠠᠵᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ 3 ᠲᠦᠷᠦᠯ ᠵᠦᠢᠯ ᠢ ᠲᠥᠪᠯᠡᠷᠡᠭᠦᠯᠦᠨ ᠡᠬᠢᠯᠡᠭᠦᠯᠵᠡᠢ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠣᠣ ᠪᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠱᠤᠸᠠᠩ ᠴᠧᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠨ ᠪᠥᠸᠧ ᠵᠡᠷᠭᠡ ᠠᠶᠢᠮᠠᠭ ᠰᠢᠶᠠᠨ ᠤ ᠤᠳᠤᠷᠢᠳᠤᠯᠭ᠎ᠠ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠠᠷᠢᠯᠭ᠎ᠠ ᠶᠢᠨ ᠠᠵᠤ ᠠᠬᠤᠶᠢᠯᠠᠯ ᠤᠨ ᠲᠥᠯᠥᠭᠡᠯᠡᠭᠴᠢ ᠲᠦᠴᠢᠦᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃      ★ 6 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠣᠷᠴᠢᠨ ᠲᠣᠭᠤᠷᠢᠨ ᠡᠬᠢ ᠪᠠᠶᠠᠯᠢᠭ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠯᠢᠦ ᠶᠦᠩ ᡁᠢ ᠨᠠᠷ ᠲᠦᠴᠢᠦᠸᠠᠨ ᠰᠢᠶᠠᠨ ᠳᠤ ᠬᠦᠷᠴᠦ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ᠂ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ ᠤᠨ ᠬᠠᠤᠯᠢ ᠲᠣᠭᠲᠠᠭᠠᠬᠤ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ ᠲᠦᠩ ᠪᠦ᠋ ᠯᠢᠨ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠭᠤᠸᠠᠨ ᠯᠢ ᠴᠦᠨ᠂ ᠴᠢᠦᠢ ᠲᠦᠩ ᠨᠢᠶᠠᠨ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号