ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ᠰᠠᠨ ᠶᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ | ᠠᠯᠠᠰᠢᠨ ᠬᠤᠨᠢ ᠲᠡᠵᠢᠭᠡᠨ ᠦᠷᠡᠵᠢᠭᠦᠯᠬᠦ ᠪᠠᠷᠢᠮᠵᠢᠶᠠᠵᠢᠭᠤᠯᠤᠯᠲᠠ ᠶᠢ ᠶᠡᠬᠡᠪᠡᠷ ᠠᠬᠢᠭᠤᠯᠵᠤ᠂ ᠰᠠᠭᠤᠷᠢ ᠡᠮ᠎ᠡ ᠬᠤᠨᠢ | ᠦᠷᠡᠵᠢᠭᠦᠯᠬᠦ᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ᠂ ᠠᠯᠠᠰᠢᠨ ᠬᠤᠨᠢ ᠪᠣᠷᠳᠣᠵᠤ ᠲᠠᠷᠭᠤᠯᠠᠭᠤᠯᠬᠤ ᠠᠵᠤ | ᠦᠢᠯᠡᠰ ᠤᠨ ᠬᠡᠯᠬᠢᠶ᠎ᠡ ᠶᠢ ᠪᠠᠶᠢᠭᠤᠯᠤᠭᠰᠠᠨ ᠢᠶᠠᠷ ᠪᠠᠷᠠᠬᠤ ᠦᠭᠡᠢ ᠪᠠᠰᠠ ︽ᠦᠢᠯᠡᠳᠪᠦᠷᠢᠯᠡᠵᠦ ᠳᠡᠶᠢᠯᠬᠦ᠂ | ᠪᠣᠶᠢᠵᠢᠭᠤᠯᠵᠤ ᠳᠡᠶᠢᠯᠬᠦ᠂ ᠵᠥᠭᠡᠭᠡᠪᠦᠷᠢᠯᠡᠵᠦ ᠳᠡᠶᠢᠯᠬᠦ︾ ᠪᠡᠶ᠎ᠡ ᠪᠠᠨ ᠳᠠᠭᠠᠭᠠᠭᠰᠠᠨ ᠡᠵᠡᠩᠨᠡᠯᠲᠡ ᠶᠢᠨ ᠵᠠᠭᠪᠤᠷ ᠢ | ᠬᠠᠶᠢᠨ ᠰᠦᠪᠡᠭᠴᠢᠯᠡᠵᠦ᠂ ᠥᠨᠳᠥᠷ ᠪᠦᠲᠦᠮᠵᠢᠲᠡᠢ ᠡᠷᠭᠢᠯᠲᠡᠲᠦ ᠮᠠᠯ ᠠᠵᠤ ᠠᠬᠤᠢ ᠶᠢᠨ ᠬᠥᠭᠵᠢᠯᠲᠡ ᠶᠢᠨ | ᠪᠠᠶᠢᠷᠢᠰᠢᠯ ᠢ ᠠᠩᠬ᠎ᠠ ᠠᠯᠬᠤᠮ ᠪᠠᠶᠢᠭᠤᠯᠵᠠᠢ᠃ | ᠰᠠᠨ ᠶᠠᠩ ᠤᠨ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠳᠤ ᠣᠷᠣᠬᠤ ᠳᠤ᠂ ᠲᠡᠷᠢ ᠲᠡᠭᠰᠢ | ᠬᠤᠨᠢᠨ ᠤ ᠰᠠᠷᠠᠪᠴᠢ ᠴᠡᠪᠡᠷ ᠴᠡᠮᠴᠡᠭᠡᠷ ᠪᠠᠶᠢᠵᠤ᠂ ᠬᠥᠬᠡ ᠰᠠᠷᠠᠪᠴᠢ ᠶᠢᠨ ᠣᠷᠣᠢ ᠨᠢ ᠨᠡᠷᠡᠨ ᠤ ᠭᠡᠷᠡᠯ ᠳᠤ | ᠭᠢᠯᠠᠯᠵᠠᠵᠤ᠂ ᠠᠵᠢᠯᠴᠢᠳ ᠬᠤᠷᠠᠭ᠎ᠠ ᠢᠰᠢᠭᠡᠨ ᠤ ᠨᠣᠣᠰᠣ ᠶᠢ ᠬᠠᠶᠢᠴᠢᠯᠠᠵᠤ ᠶᠠᠭᠠᠷᠠᠯᠳᠤᠨ᠎ᠠ᠃ | ᠡᠳᠡᠭᠡᠷ ᠬᠤᠨᠢ ᠪᠣᠯ ᠴᠥᠮ 3 ᠰᠠᠷ᠎ᠠ ᠲᠠᠢ ᠬᠤᠴᠠ ᠪᠣᠯᠣᠨ᠎ᠠ᠂ ᠣᠳᠣ ᠨᠣᠣᠰᠣ ᠬᠠᠶᠢᠴᠢᠯᠠᠬᠤ ᠨᠢ ᠭᠤᠣᠯᠳᠠᠭᠤ | ᠳᠠᠷᠠᠭᠠᠴᠢ ᠶᠢᠨ ᠠᠯᠬᠤᠮ ᠳᠤ ᠪᠣᠷᠳᠣᠵᠤ ᠲᠠᠷᠭᠤᠯᠠᠭᠤᠯᠬᠤ ᠶᠢᠨ ᠲᠥᠯᠥᠭᠡ ᠶᠤᠮ᠃ ᠢᠩᠭᠢᠪᠡᠯ ᠲᠡᠭᠦᠨ ᠤ ᠰᠢᠮ᠎ᠡ | ᠲᠡᠵᠢᠭᠡᠯ ᠤᠨ ᠰᠢᠩᠭᠡᠭᠡᠯᠲᠡ ᠶᠢ ᠠᠬᠢᠭᠤᠯᠵᠤ᠂ 3 ᠰᠠᠷ᠎ᠠ ᠶᠢᠨ ᠳᠣᠲᠣᠷ᠎ᠠ ᠪᠠᠷᠢᠮᠵᠢᠶᠠᠲᠤ ᠪᠡᠶ᠎ᠡ ᠶᠢᠨ ᠬᠦᠨᠳᠦ ᠶᠢᠨ | ᠨᠡᠮᠡᠭᠳᠡᠯ ᠢ ᠪᠠᠲᠤᠯᠠᠵᠤ ᠴᠢᠳᠠᠨ᠎ᠠ︾ ᠭᠡᠵᠦ ᠥᠪᠥᠷ ᠮᠣᠩᠭᠤᠯ ᠤᠨ ᠰᠠᠨ ᠶᠠᠩ ᠮᠠᠯ ᠠᠵᠤ ᠠᠬᠤᠢ ᠶᠢᠨ ᠬᠢᠵᠠᠭᠠᠷᠲᠤ | ᠺᠣᠮᠫᠠᠨᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠳᠠᠷᠤᠭ᠎ᠠ ᠪᠦᠦ ᠪᠦᠦ ᠱᠠᠨ ᠬᠡᠯᠡᠪᠡ᠃ | ᠰᠢᠶᠠᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠣᠯᠣᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ | ᠬᠤᠪᠢ ᠳᠤ᠂ ᠣᠶᠢᠷ᠎ᠠ ᠶᠢᠨ ᠵᠢᠯ ᠤᠳ ᠲᠤ᠂ ᠠᠵᠤ ᠠᠬᠤᠶᠢᠯᠠᠯ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢᠨ | ᠵᠡᠷᠭᠡ ᠳᠤ᠂ ᠰᠠᠨ ᠶᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠪᠠᠰᠠ ᠡᠷᠯᠢᠰᠡᠵᠢᠭᠦᠯᠬᠦ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠴᠢᠷᠮᠠᠶᠢᠵᠤ᠂ ᠠᠯᠠᠰᠢᠨ ᠬᠤᠨᠢᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | | ︽ᠪᠢᠳᠡ ᠭᠤᠣᠯᠳᠠᠭᠤ ᠬᠤᠶᠠᠷ ᠵᠦᠢᠯ ᠤᠨ ᠡᠭᠦᠯᠳᠡᠷ ᠢ ᠬᠡᠷᠡᠭᠯᠡᠨ᠎ᠡ᠃ ᠨᠢᠭᠡ ᠵᠦᠢᠯ ᠨᠢ ᠰᠠᠹᠤᠺ ᠪᠣᠯᠣᠨ ᠡᠮ᠎ᠡ | ᠬᠤᠨᠢ ᠶᠢ ᠬᠤᠶᠠᠷ ᠡᠰᠢᠲᠦ ᠡᠷᠯᠢᠰᠡᠵᠢᠭᠦᠯᠦᠨᠡ ; ᠬᠤᠶᠠᠳᠤᠭᠠᠷ ᠵᠦᠢᠯ ᠨᠢ ᠬᠤᠨᠢ ᠪᠣᠯᠣᠨ ᠡᠮ᠎ᠡ ᠬᠤᠨᠢ ᠶᠢ ᠬᠤᠶᠠᠷ | ᠡᠰᠢᠲᠦ ᠡᠷᠯᠢᠰᠡᠵᠢᠭᠦᠯᠵᠤ᠂ ᠮᠡᠷᠭᠡᠵᠢᠯ ᠢ ᠰᠠᠶᠢᠵᠢᠷᠠᠭᠤᠯᠬᠤ ᠳᠤ ᠭᠤᠣᠯᠳᠠᠭᠤ ᠬᠥᠮᠥᠨ ᠤ ᠬᠦᠴᠦ ᠪᠠᠷ ᠬᠡᠭᠡᠯᠲᠦᠭᠦᠯᠬᠦ | ᠠᠷᠭ᠎ᠠ ᠶᠢ ᠬᠡᠷᠡᠭᠯᠡᠨ᠎ᠡ᠃ ᠢᠩᠭᠢᠪᠡᠯ ᠬᠤᠨᠢᠨ ᠤ ᠥᠰᠦᠯᠲᠡ ᠶᠢ ᠠᠬᠢᠭᠤᠯᠬᠤ ᠮᠥᠷᠲᠡᠭᠡᠨ ᠴᠢᠨᠠᠷ ᠴᠢᠨᠰᠠᠭ᠎ᠠ ᠶᠢ ᠴᠤ | ᠰᠠᠶᠢᠵᠢᠷᠠᠭᠤᠯᠤᠨ᠎ᠠ︾ ᠭᠡᠵᠦ ᠥᠪᠥᠷ ᠮᠣᠩᠭᠤᠯ ᠤᠨ ᠰᠠᠨ ᠶᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ | ᠲᠡᠵᠢᠭᠡᠨ ᠦᠷᠡᠵᠢᠭᠦᠯᠬᠦ ᠲᠠᠯᠠᠪᠠᠢ ᠶᠢᠨ ᠳᠠᠷᠤᠭ᠎ᠠ ᠪᠦᠦ ᠪᠦᠦ ᠱᠠᠨ ᠬᠡᠯᠡᠪᠡ᠃ | ᠥᠪᠥᠷ ᠮᠣᠩᠭᠤᠯ ᠤᠨ ᠰᠠᠨ ᠶᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠪᠣᠯ ᠶᠦᠩ ᠠᠨ | ᠪᠠᠯᠭᠠᠰᠤ ᠶᠢᠨ ᠬᠠᠷᠠᠴᠢᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ 2015 ᠣᠨ ᠳᠤ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠠᠯᠠᠰᠢᠨ ᠬᠤᠨᠢ ᠲᠡᠵᠢᠭᠡᠨ ᠦᠷᠡᠵᠢᠭᠦᠯᠬᠦ᠂ ᠡᠭᠦᠯᠳᠡᠷ ᠤᠨ ᠮᠠᠯ ᠢ | ᠥᠷᠭᠡᠳᠬᠡᠨ ᠦᠷᠡᠵᠢᠭᠦᠯᠬᠦ᠂ ᠠᠮᠢᠳᠤ ᠬᠤᠨᠢ ᠠᠷᠠᠯᠵᠢᠶᠠᠯᠠᠬᠤ᠂ ᠮᠡᠷᠭᠡᠵᠢᠯ ᠢ ᠰᠤᠳᠤᠯᠤᠨ ᠨᠡᠭᠡᠭᠡᠬᠦ᠂ ᠲᠡᠵᠢᠭᠡᠯ | ᠪᠣᠷᠳᠤᠭ᠎ᠠ ᠡᠳ᠋ᠰᠢᠭᠦᠯᠬᠦ᠂ ᠣᠷᠭᠠᠨᠢᠭ ᠪᠣᠷᠳᠣᠭᠤᠷ ᠤᠨ ᠦᠢᠯᠡᠳᠪᠦᠷᠢᠯᠡᠯ ᠢ ᠨᠢᠭᠡ ᠴᠣᠭᠴᠠᠵᠢᠭᠤᠯᠤᠭᠰᠠᠨ ᠲᠡᠵᠢᠭᠡᠨ | ᠦᠷᠡᠵᠢᠭᠦᠯᠬᠦ ᠳᠠᠭᠠᠭᠤᠯᠤᠭᠴᠢ ᠠᠵᠤ ᠠᠬᠤᠶᠢᠯᠠᠯ ᠪᠣᠯᠣᠨ᠎ᠠ᠃17 ᠰᠠᠭᠤᠷᠢ 2 ᠲᠦᠮᠡᠨ ᠲᠡᠭᠰᠢ ᠳᠥᠷᠪᠡᠯᠵᠢᠨ | ᠮᠧᠲᠷ ᠤᠨ ᠰᠢᠨ᠎ᠡ ᠬᠡᠯᠪᠡᠷᠢ ᠶᠢᠨ ᠳᠤᠯᠠᠭᠠᠨ ᠬᠠᠳᠠᠭᠠᠯᠠᠬᠤ ᠬᠤᠨᠢᠨ ᠰᠠᠷᠠᠪᠴᠢ ᠶᠢ ᠪᠠᠶᠢᠭᠤᠯᠵᠤ᠂ ᠦᠢᠯᠡᠳᠪᠦᠷᠢ ᠶᠢᠨ | ᠲᠣᠭᠤᠷᠢᠭ ᠲᠤ ᠪᠠᠰᠠ ᠡᠰᠢ ᠰᠦᠷᠡᠯ ᠢ ᠤᠯᠠᠷᠢᠭᠤᠯᠤᠭᠰᠠᠨ ᠲᠡᠵᠢᠭᠡᠯ ᠪᠣᠷᠳᠤᠭ᠎ᠠ ᠡᠳ᠋ᠰᠢᠭᠦᠯᠬᠦ᠂ ᠣᠷᠭᠠᠨᠢᠭ | ᠪᠣᠷᠳᠣᠭᠤᠷ ᠡᠳ᠋ᠰᠢᠭᠦᠯᠬᠦ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ ᠪᠠᠶᠢᠭᠤᠯᠵᠤ᠂ ᠠᠵᠤ ᠠᠬᠤᠶᠢᠯᠠᠯ ᠤᠨ | ᠶᠡᠷᠦᠩᠬᠡᠢ ᠲᠡᠵᠢᠭᠡᠨ ᠦᠷᠡᠵᠢᠭᠦᠯᠬᠦ ᠴᠢᠳᠠᠪᠤᠷᠢ ᠶᠢ 2 ᠲᠦᠮᠡ ᠳᠤ ᠬᠦᠷᠦᠭᠦᠯᠦᠨ᠎ᠡ᠃ | ︽ᠣᠳᠣᠬᠠᠨ ᠳᠤ ᠺᠣᠮᠫᠠᠨᠢ ᠳᠤ 1 ᠲᠦᠮᠡᠨ ᠰᠠᠭᠤᠷᠢ ᠡᠮ᠎ᠡ ᠬᠤᠨᠢ ᠲᠡᠵᠢᠭᠡᠵᠦ ᠪᠠᠶᠢᠨ᠎ᠠ᠂ ᠵᠢᠯ ᠳᠤ 3 ᠲᠦᠮᠡᠨ | ᠬᠤᠴᠠ ᠭᠠᠷᠭᠠᠵᠤ᠂ ᠵᠢᠯ ᠪᠦᠷᠢ ᠬᠤᠴᠠ ᠪᠣᠯᠣᠨ ᠠᠯᠠᠰᠢᠨ ᠬᠤᠴᠠ ᠬᠤᠶᠠᠷ ᠵᠦᠢᠯ ᠤᠨ ᠬᠡᠯᠪᠡᠷᠢ ᠪᠠᠷ ᠵᠠᠬ᠎ᠠ | ᠳᠡᠯᠭᠡᠭᠦᠷ ᠲᠤ ᠬᠠᠨᠳᠤᠭᠤᠯᠵᠤ᠂ ᠬᠤᠴᠠ ᠭᠤᠣᠯᠳᠠᠭᠤ ᠲᠤᠬᠠᠢ ᠶᠢᠨ ᠭᠠᠵᠠᠷ ᠤᠨ ᠠᠷᠠᠳ ᠢᠷᠭᠡᠳ ᠲᠤ | ᠬᠠᠨᠳᠤᠭᠤᠯᠵᠤ᠂ ᠠᠯᠠᠰᠢᠨ ᠬᠤᠴᠠ ᠶᠢ ᠭᠤᠣᠯᠳᠠᠭᠤ ᠱᠠᠨᠳᠦ᠋ᠩ᠂ ᠾᠧᠪᠧᠢ᠂ ᠾᠧᠨᠠᠨ ᠵᠢᠴᠢ ᠰᠢᠨᠵᠢᠶᠠᠩ ᠵᠡᠷᠭᠡ | ᠭᠠᠵᠠᠷ ᠲᠤ ᠬᠠᠨᠳᠤᠭᠤᠯᠵᠤ᠂ ᠵᠢᠯ ᠪᠦᠷᠢ 1.5 ᠲᠦᠮᠡ ᠠᠴᠠ 2 ᠲᠦᠮᠡᠨ ᠬᠤᠴᠠ ᠭᠠᠷᠭᠠᠬᠤ ᠪᠤᠶᠤ ᠵᠠᠬ᠎ᠠ | ᠳᠡᠯᠭᠡᠭᠦᠷ ᠲᠤ ᠬᠠᠨᠳᠤᠭᠤᠯᠵᠤ᠂ ᠳᠠᠷᠠᠭ᠎ᠠ ᠠᠯᠬᠤᠮ ᠳᠤ ᠪᠢᠳᠡ ᠪᠠᠰᠠ ᠡᠭᠦᠯᠳᠡᠷ ᠰᠠᠶᠢᠵᠢᠷᠠᠭᠤᠯᠬᠤ ᠪᠠᠷ ᠴᠢᠷᠮᠠᠶᠢᠵᠤ᠂ | ᠠᠯᠠᠰᠢᠨ ᠬᠤᠨᠢᠨ ᠤ ᠴᠢᠨᠠᠷ ᠴᠢᠨᠰᠠᠭ᠎ᠠ ᠶᠢ ᠨᠡᠮᠡᠭᠳᠡᠭᠦᠯᠦᠨ᠂ ᠬᠢᠩᠭᠠᠨ ᠤ ᠠᠯᠠᠰᠢᠨ ᠬᠤᠨᠢᠨ ᠤ ᠴᠢᠨᠠᠷ ᠴᠢᠨᠰᠠᠭ᠎ᠠ ᠶᠢ | ᠪᠤᠶ ᠪᠣᠯᠭᠠᠨ᠎ᠠ︾ ᠭᠡᠵᠦ ᠥᠪᠥᠷ ᠮᠣᠩᠭᠤᠯ ᠤᠨ ᠰᠠᠨ ᠶᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ | ᠲᠡᠵᠢᠭᠡᠨ ᠦᠷᠡᠵᠢᠭᠦᠯᠬᠦ ᠲᠠᠯᠠᠪᠠᠢ ᠶᠢᠨ ᠳᠠᠷᠤᠭ᠎ᠠ ᠪᠦᠦ ᠪᠦᠦ ᠱᠠᠨ ᠬᠡᠯᠡᠪᠡ᠃ | | | | |