ᠵᠧᠦ ᠴᠦᠨ ᠨᠢᠢ᠄ ᠨᠡᠶᠢᠭᠡᠮ ᠲᠣᠭᠤᠷᠢᠭ ᠤᠨ ᠰᠠᠶᠢᠨ ᠱᠦᠵᠢ ᠠᠷᠠᠳ ᠤᠯᠠᠨ ᠤ ᠰᠡᠳᠬᠢᠯ ᠤᠨ ᠬᠥᠮᠥᠨ
ᠨᠡᠶᠢᠲᠡᠯᠡᠭᠰᠡᠨ ᠴᠠᠭ᠄
2022/9/22
   ᠨᠡᠶᠢᠭᠡᠮ ᠲᠣᠭᠤᠷᠢᠭ ᠤᠨ ᠠᠵᠢᠯ ᠨᠢ ᠢᠬᠢᠷ ᠰᠢᠬᠢᠷ ᠶᠠᠷᠰᠢᠭ ᠲᠦᠪᠡᠭ ᠲᠠᠢ᠂ ᠦᠵᠡᠬᠦ ᠳᠤ ᠪᠦᠷ ᠪᠠᠭ᠎ᠠ ᠤᠴᠢᠷ ᠪᠣᠯᠪᠠᠴᠤ ᠠᠶᠢᠯ ᠡᠷᠦᠬᠡ ᠶᠢᠨ ᠵᠣᠯ ᠵᠢᠷᠭᠠᠯᠲᠤ ᠠᠮᠢᠳᠤᠷᠠᠯ ᠲᠠᠢ ᠬᠤᠯᠪᠣᠭᠳᠠᠨ᠎ᠠ᠃ ᠲᠦᠴᠢᠦᠸᠠᠨ ᠰᠢᠶᠠᠨ ᠤ ᠲᠤᠸᠠᠨ ᠵᠢᠶᠧ ᠨᠡᠶᠢᠭᠡᠮ ᠲᠣᠭᠤᠷᠢᠭ ᠲᠤ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠵᠧᠦ ᠴᠦᠨ ᠨᠢ ᠶᠢ ᠳᠤᠷᠠᠳᠬᠤ ᠳᠤ᠂ ᠰᠠᠭᠤᠭᠠᠯᠢ ᠠᠷᠠᠳ ᠤᠯᠠᠨ ᠴᠥᠮ ᠮᠠᠭᠲᠠᠨ  ᠰᠠᠶᠢᠰᠢᠶᠠᠳᠠᠭ᠃ ᠨᠡᠶᠢᠭᠡᠮ ᠲᠣᠭᠤᠷᠢᠭ ᠲᠤ ᠠᠵᠢᠯᠯᠠᠭᠰᠠᠨ 16 ᠵᠢᠯ ᠳᠤ᠂ ᠲᠡᠷᠡ ᠡᠭᠦᠷᠭᠡᠯᠡᠨ ᠠᠵᠢᠯᠯᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠶᠠᠪᠤᠳᠠᠯ ᠢ ᠢᠮᠠᠭᠲᠠ ᠥᠪᠡᠷ ᠤᠨ ᠢᠶᠠᠨ ᠶᠠᠪᠤᠳᠠᠯ ᠢᠶᠠᠷ ᠦᠵᠡᠵᠦ᠂ ᠲᠦᠷᠦᠯ ᠰᠠᠳᠤᠨ ᠲᠠᠢ ᠪᠠᠨ ᠠᠳᠠᠯᠢ ᠪᠠᠷ ᠲᠡᠳᠡᠨ ᠢ ᠬᠠᠯᠠᠮᠵᠢᠯᠠᠵᠤ᠂ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠤᠯᠠᠨ ᠳᠤ ᠴᠠᠭ ᠢᠮᠠᠭᠲᠠ ᠮᠡᠳᠡᠷᠡᠭᠦᠯᠪᠡ᠃
   ᠲᠤᠸᠠᠨ ᠵᠢᠶᠧ ᠨᠡᠶᠢᠭᠡᠮ ᠲᠣᠭᠤᠷᠢᠭ ᠤᠨ ᠬᠠᠷᠢᠶ᠎ᠠ ᠲᠣᠭᠤᠷᠢᠭ ᠤᠨ ᠶᠡᠷᠦᠩᠬᠡᠢ ᠡᠷᠦᠬᠡ ᠶᠢᠨ ᠲᠤᠭ᠎ᠠ ᠨᠢ 3230 ᠡᠷᠦᠬᠡ ᠳᠤ ᠬᠦᠷᠴᠦ᠂ ᠶᠡᠷᠦᠩᠬᠡᠢ ᠬᠥᠮᠥᠨ ᠠᠮᠠ ᠨᠢ 6670 ᠬᠥᠮᠥᠨ ᠪᠠᠶᠢᠵᠤ᠂ ᠬᠡᠪᠴᠢᠶ᠎ᠡ ᠨᠢ ᠥᠷᠭᠡᠨ ᠲᠤᠭ᠎ᠠ ᠨᠢ ᠶᠡᠭᠡ᠂ ᠬᠥᠮᠥᠨ ᠨᠢ ᠣᠯᠠᠨ ᠠᠵᠢᠯ ᠶᠠᠪᠤᠳᠠᠯ ᠨᠢ ᠣᠯᠠᠨ ᠪᠠᠶᠢᠨ᠎ᠠ᠃ ᠡᠶᠢᠮᠦ ᠣᠯᠠᠨ ᠶᠠᠪᠤᠳᠠᠯ ᠢ ᠬᠡᠷᠬᠢᠨ ᠰᠠᠶᠢᠲᠤᠷ ᠬᠠᠮᠢᠶᠠᠷᠴᠤ᠂ ᠡᠶᠢᠮᠦ ᠣᠯᠠᠨ ᠬᠥᠮᠥᠨ ᠳᠤ ᠬᠡᠷᠬᠢᠨ ᠰᠠᠶᠢᠲᠤᠷ ᠦᠢᠯᠡᠴᠢᠯᠡᠬᠦ ᠨᠢ ᠨᠡᠶᠢᠭᠡᠮ ᠲᠣᠭᠤᠷᠢᠭ ᠤᠨ ᠡᠵᠡᠨ ᠵᠧᠦ ᠴᠦᠨ ᠨᠢ ᠳᠤ ᠠᠪᠴᠤ ᠬᠡᠯᠡᠪᠡᠯ ᠨᠢᠭᠡᠨ ᠰᠢᠯᠭᠠᠯᠲᠠ ᠪᠣᠯᠬᠤ ᠶᠤᠮ᠃    ᠰᠠᠭᠤᠭᠠᠯᠢ ᠠᠷᠠᠳ ᠤᠯᠠᠮ ᠠᠴᠠ ᠤᠯᠠᠮ ᠣᠯᠠᠰᠢᠷᠠᠬᠤ ᠶᠢ ᠳᠠᠭᠠᠯᠳᠤᠨ᠂ ᠬᠡᠷᠡᠭᠴᠡᠭᠡ ᠴᠦ ᠡᠳᠦᠷ ᠢᠷᠡᠬᠦᠶ᠎ᠡ ᠨᠡᠮᠡᠭᠳᠡᠵᠦ᠂ ᠵᠧᠦ ᠴᠦᠨ ᠨᠢ ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠬᠦ ᠬᠡᠷᠡᠭᠲᠡᠢ ᠭᠡᠳᠡᠭ ᠢ ᠰᠡᠷᠡᠵᠦ ᠮᠡᠳᠡᠭᠡᠳ᠂ ᠲᠡᠷᠡ ︽1+1+N︾ ᠭᠡᠬᠦ ᠨᠡᠶᠢᠭᠡᠮ ᠤᠨ ᠵᠠᠰᠠᠯᠲᠠ ᠶᠢᠨ ᠵᠠᠭᠪᠤᠷ ᠢ ᠬᠡᠷᠡᠭᠵᠢᠭᠦᠯᠵᠦ᠂ ᠳᠠᠷᠤᠢ ᠨᠢᠭᠡ ᠰᠦᠯᠵᠢᠶᠡᠨ ᠤ ᠲᠠᠰᠤᠯᠪᠤᠷᠢ ᠶᠢᠨ ᠠᠵᠢᠯᠲᠠᠨ ᠳᠡᠭᠡᠷ᠎ᠡ ᠨᠢᠭᠡ ᠬᠡᠰᠡᠭ ᠴᠠᠭᠳᠠᠭ᠎ᠠ ᠶᠢᠨ ᠳᠡᠭᠡᠷ᠎ᠡ ᠬᠡᠳᠦᠨ ᠬᠡᠰᠡᠭ ᠳᠠᠷᠤᠭ᠎ᠠ ᠪᠤᠶᠤ ᠠᠰᠠᠷ ᠤᠨ ᠳᠠᠪᠬᠤᠷᠭ᠎ᠠ ᠶᠢᠨ ᠳᠠᠷᠤᠭ᠎ᠠ ᠶᠢ ᠨᠡᠮᠡᠨ᠎ᠡ᠃ ᠨᠢᠭᠡᠴᠢ ᠬᠠᠨᠠᠯᠵᠢ  ᠶᠢ ᠵᠣᠬᠢᠰᠲᠠᠢ ᠬᠤᠪᠢᠶᠠᠷᠢᠯᠠᠵᠤ᠂ ᠬᠠᠷᠢᠶᠠᠲᠤ ᠣᠷᠣᠨ ᠤ ᠲᠠᠯᠠᠪᠠᠶ᠂ ᠭᠠᠵᠠᠷ ᠵᠦᠢ ᠶᠢᠨ ᠪᠠᠶᠢᠷᠢᠯᠠᠯ᠂ ᠬᠥᠮᠥᠨ ᠠᠮᠠ ᠶᠢᠨ ᠬᠡᠪᠴᠢᠶ᠎ᠡ᠂ ᠨᠠᠮ ᠤᠨ ᠭᠡᠰᠢᠭᠦᠨ ᠤ ᠲᠠᠷᠬᠠᠯᠲᠠ ᠵᠡᠷᠭᠡ ᠪᠠᠶᠢᠳᠠᠯ ᠢ ᠦᠨᠳᠦᠰᠦᠯᠡᠨ᠂ ᠨᠡᠶᠢᠭᠡᠮ ᠲᠣᠭᠤᠷᠢᠭ ᠤᠨ 14 ᠲᠣᠣᠷᠵᠢᠯ ᠢ ᠳᠠᠬᠢᠨ ᠡᠮᠬᠢᠯᠡᠨ ᠰᠢᠯᠢᠳᠡᠭᠵᠢᠭᠦᠯᠵᠦ ᠲᠣᠬᠢᠷᠠᠭᠤᠯᠤᠨ᠂ ᠨᠢᠭᠡᠴᠡ ᠨᠢᠭᠡᠪᠦᠷᠢ᠂ ᠭᠡᠷ ᠪᠦᠯᠢ ᠨᠢᠭᠡᠪᠦᠷᠢ᠂ ᠵᠣᠬᠢᠶᠠᠨ ᠪᠠᠶᠢᠭᠤᠯᠤᠯᠲᠠ ᠨᠢᠭᠡᠪᠦᠷᠢ ᠶᠢ ᠴᠥᠮ ᠲᠣᠣᠷᠵᠢᠯ ᠤᠨ ᠳᠣᠲᠣᠷ᠎ᠠ ᠪᠠᠶᠢᠯᠭᠠᠵᠤ᠂ ᠪᠦᠬᠦᠨ ᠢ ᠬᠠᠮᠤᠷᠬᠤ᠂ ᠣᠷᠬᠢᠭᠳᠠᠭᠤᠯᠬᠤ ᠦᠭᠡᠢ ᠪᠠᠶᠢᠯᠭᠠᠬᠤ ᠶᠢ ᠪᠡᠶᠡᠯᠡᠭᠦᠯᠦᠨ᠂ ︽ᠣᠯᠠᠨ ᠰᠦᠯᠵᠢᠶ᠎ᠡ ᠶᠢ ᠨᠢᠭᠡᠳᠬᠡᠭᠰᠡᠨ᠂ ᠨᠢᠭᠡ ᠰᠦᠯᠵᠢᠶ᠎ᠡ ᠶᠢ ᠣᠯᠠᠨ ᠲᠠᠯ᠎ᠠ ᠪᠠᠷ ᠬᠡᠷᠡᠭᠯᠡᠭᠰᠡᠨ᠂ ᠪᠥᠬᠦ ᠬᠡᠪᠴᠢᠶ᠎ᠡ ᠶᠢ ᠬᠠᠮᠤᠷᠤᠭᠰᠠᠨ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠲᠣᠣᠷᠵᠢᠯ ᠤᠨ ᠰᠢᠰᠲ᠋ᠧᠮᠵᠢ ᠶᠢ ᠪᠦᠷᠢᠯᠳᠦᠭᠦᠯᠵᠦ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
   
ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠢ ᠢᠦᠢ ᠶᠦᠨ ᠬᠡᠯᠡᠬᠦ ᠳᠡᠭᠡᠨ᠄ ︽ᠪᠢᠳᠡ ᠶᠠᠮᠠᠷ ᠤᠴᠢᠷ ᠶᠠᠪᠤᠳᠠᠯ ᠲᠣᠬᠢᠶᠠᠯᠳᠤᠪᠠᠯ ᠴᠥᠮ ᠰᠦᠯᠵᠢᠶᠡᠨ ᠤ  ᠲᠠᠰᠤᠯᠪᠤᠷᠢ ᠶᠢᠨ ᠠᠵᠢᠯᠲᠡᠨ ᠢ ᠡᠷᠢᠳᠡᠭ᠂ ᠮᠢᠨᠤ ᠡᠵᠢ ᠣᠷᠣᠰᠢᠨ ᠠᠮᠢᠳᠤᠷᠠᠬᠤ ᠶᠢᠨ ᠭᠡᠷᠡᠴᠢᠯᠡᠯ ᠬᠢᠬᠦ ᠳᠡᠭᠡᠨ ᠴᠥᠮ ᠲᠡᠳᠡᠨᠠᠷ ᠰᠠᠨᠠᠭᠠᠴᠢᠯᠠᠭ᠎ᠠ   ᠠᠴᠠ ᠪᠠᠨ ᠭᠡᠷ ᠲᠤᠨᠢ ᠬᠦᠷᠴᠦ ᠭᠡᠷᠡᠴᠢᠯᠡᠯ ᠬᠢᠳᠡᠭ ᠪᠣᠯᠬᠤᠷ ᠦᠢᠯᠡᠴᠢᠯᠡᠭᠡ ᠨᠢ ᠮᠠᠰᠢ ᠰᠠᠶᠢᠨ ᠪᠠᠶᠢᠳᠠᠭ︾ ᠭᠡᠵᠡᠢ᠃     ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠢᠨ ᠲᠥᠯᠥᠭᠡ᠂ ᠲᠡᠷᠡ ᠨᠡᠶᠢᠭᠡᠮ ᠲᠣᠭᠤᠷᠢᠭ ᠲᠤ ︽ᠤᠯᠠᠭᠠᠨ ᠠᠨᠠᠷ︾ ᠪᠢᠴᠢᠯ ᠬᠡᠯᠪᠡᠷᠢ ᠶᠢᠨ ᠦᠢᠯᠡᠴᠢᠯᠡᠭᠡᠨ ᠤ ᠦᠷᠳᠡᠭᠡ ᠶᠢ ᠰᠢᠨ᠎ᠡ ᠪᠠᠷ ᠡᠭᠦᠳᠴᠦ᠂ ︽ᠤᠯᠠᠭᠠᠨ ᠠᠨᠠᠷ  ︾ᠪᠢᠴᠢᠯ ᠬᠡᠯᠪᠡᠷᠢ ᠶᠢᠨ ᠦᠢᠯᠡᠴᠢᠯᠡᠭᠡᠨ ᠤ ᠦᠷᠳᠡᠭᠡ ᠪᠠᠷ ᠠᠴᠢᠶᠠᠯᠠᠪᠤᠷᠢ ᠪᠣᠯᠭᠠᠵᠤ᠂ ᠰᠡᠳᠬᠢᠯ ᠵᠢᠷᠦᠬᠡ ᠪᠠᠨ ᠬᠤᠯᠪᠣᠬᠤ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠰᠠᠨ ᠠᠨᠠᠷ ᠤᠨ ᠦᠷ᠎ᠡ ᠶᠢᠨ ᠭᠡᠷ ᠣᠷᠣᠨ ᠢ ᠨᠢᠮᠪᠠᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠡ ᠦᠭᠡᠢ ᠪᠠᠲᠤᠳᠬᠠᠪᠠ᠃
     ︽ᠵᠧᠦ ᠱᠦᠵᠢ ᠮᠠᠨ ᠤ ᠨᠠᠰᠤᠲᠠᠶᠢᠴᠤᠳ ᠲᠤ ᠵᠤᠭ᠎ᠠ ᠴᠡᠩᠭᠡᠯ ᠤᠨ ᠭᠠᠵᠠᠷ ᠬᠠᠩᠭᠠᠨ ᠥᠭᠴᠦ᠂ ᠪᠢᠳᠡᠨ ᠳᠤ ᠤᠰᠤ ᠪᠤᠴᠠᠯᠭᠠᠵᠤ᠂ ᠪᠢᠳᠡᠨ ᠳᠤ ᠳᠠᠭᠤᠤ ᠬᠥᠭᠵᠢᠮ ᠤᠨ ᠨᠣᠲ   ᠢ ᠦᠨ᠎ᠡ ᠲᠥᠯᠥᠪᠦᠷᠢ ᠦᠭᠡᠢ ᠪᠠᠷ ᠳᠠᠷᠤᠮᠠᠯᠯᠠᠵᠤ ᠥᠭᠭᠦᠨ᠎ᠡ᠂ ᠶᠠᠮᠠᠷ ᠤᠴᠢᠷ ᠪᠣᠯᠤᠭᠰᠠᠨ ᠴᠤ ᠯᠠᠪᠲᠠᠢ ᠪᠦᠬᠦᠨ ᠢ ᠵᠥᠪᠰᠢᠶᠡᠷᠡᠨ᠎ᠡ᠂ ᠡᠨᠡ ᠵᠧᠦ ᠱᠦᠵᠢ ᠦᠨᠡᠬᠡᠷ ᠬᠢᠷᠢ ᠲᠡᠩᠴᠡᠭᠰᠡᠨ ᠪᠠᠶᠢᠨ᠎ᠠ︾ ᠭᠡᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢᠦ ᠱᠤ᠋ ᠹᠧᠨ ᠬᠡᠯᠡᠪᠡ᠃      ᠡᠬᠡᠯ ᠠᠷᠠᠳ ᠤᠨ ᠬᠠᠯᠠᠭᠤᠨ ᠬᠦᠢᠲᠡᠨ ᠢ ᠢᠮᠠᠭᠲᠠ ᠬᠠᠯᠠᠮᠵᠢᠯᠠᠵᠤ᠂ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠪᠣᠯ ᠵᠧᠦ ᠴᠦᠨ ᠨᠢᠢ ᠶᠢᠨ ᠠᠵᠢᠯ ᠤᠨ ᠬᠠᠷᠠᠯᠲᠠ ᠪᠣᠯᠣᠨ᠎ᠠ᠃ ᠲᠡᠷᠡ ︽ᠬᠠᠶᠢᠷ᠎ᠠ ᠬᠠᠯᠠᠮᠵᠢ ᠶᠢᠨ ᠲᠠᠩᠰᠠ ᠡᠪᠬᠡᠮᠡᠯ︾ ᠢ ᠪᠠᠶᠢᠭᠤᠯᠵᠤ᠂ ︽ᠬᠠᠶᠢᠷ᠎ᠠ ᠬᠠᠯᠠᠮᠵᠢ ᠶᠢᠨ ᠲᠡᠳᠬᠦᠮᠵᠢ︾ ᠶᠢ ᠦᠷᠨᠢᠭᠦᠯᠵᠤ᠂ ᠬᠠᠷᠢᠶ᠎ᠠ ᠣᠷᠣᠨ ᠤ ᠬᠠᠮᠲᠤ ᠪᠠᠷ ᠪᠠᠶᠢᠭᠤᠯᠬᠤ ᠨᠢᠭᠡᠴᠡ ᠶᠢ ᠵᠣᠬᠢᠶᠠᠨ ᠪᠠᠶᠢᠭᠤᠯᠵᠤ᠂ 386 ᠥᠨᠥᠴᠢᠨ᠂ ᠪᠡᠯᠪᠡᠰᠦᠨ᠂ ᠬᠤᠭᠤᠰᠤᠨ᠂ ᠵᠡᠮᠳᠡᠭ ᠵᠡᠷᠭᠡ ᠥᠨᠳᠥᠷ ᠨᠠᠰᠤᠲᠠᠢ ᠶᠠᠳᠠᠭᠤ ᠬᠦᠴᠢᠷᠳᠡᠯᠲᠡᠢ ᠬᠥᠮᠥᠰ  ᠯᠦᠭᠡ ︽ᠨᠢᠭᠡ ᠶᠢ ᠬᠠᠪᠰᠤᠷᠴᠤ ᠨᠢᠭᠡ ᠶᠢ ᠳᠡᠮᠵᠢᠬᠦ︾ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠦᠨᠡᠨ ᠰᠡᠳᠬᠢᠯ᠂ ᠬᠠᠶᠢᠷ᠎ᠠ ᠬᠠᠯᠠᠮᠵᠢ᠂ ᠬᠠᠯᠠᠭᠤᠨ ᠰᠡᠳᠬᠢᠯ ᠢᠶᠠᠷ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠢᠯᠡᠴᠢᠯᠡᠨ᠎ᠡ᠃
      ︽ᠪᠢᠳᠡ ᠪᠣᠯ ᠴᠥᠮ ᠲᠤᠸᠠᠨ ᠵᠢᠶᠧ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠶᠢᠵᠤ᠂ ᠶᠠᠮᠠᠷ ᠠᠰᠠᠭᠤᠳᠠᠯ ᠪᠠᠶᠢᠪᠠᠯ ᠴᠥᠮ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠢ ᠡᠷᠢᠵᠦ᠂ ᠲᠡᠳᠡ ᠴᠥᠮ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠪᠢᠳᠡᠨ ᠢ ᠬᠠᠪᠰᠤᠷᠤᠨ ᠰᠢᠢᠳᠪᠦᠷᠢᠯᠡᠵᠦ ᠥᠭᠲᠡᠭ︾ ᠭᠡᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠰᠦᠩ ᠯᠢ ᡁᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号