ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠵᠢᠴᠢ ᠪᠠᠭᠰᠢ ᠶᠢᠨ ᠪᠠᠶᠠᠷ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2022/9/9
 ᠭᠤᠴᠢᠨ ᠨᠠᠢᠮᠠᠳᠤᠭᠠᠷ ᠪᠠᠭᠰᠢ ᠶᠢᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ᠂ 9 ᠰᠠᠷ᠎ᠠ ᠶᠢᠨ 1 ᠤ ᠡᠳᠦᠷ᠂ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠵᠢᠴᠢ ᠪᠠᠭᠰᠢ ᠶᠢᠨ ᠪᠠᠶᠠᠷ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠠᠨ ᠪᠥᠸᠧ᠂ ᠨᠢᠩ ᠬᠠᠢ ᠶᠠᠨ᠂ ᠶᠠᠩ ᠪᠦᠦ ᠲᠢᠶᠠᠨ᠂ ᠯᠢᠦ ᡁᠢ ᠹᠧᠩ᠂ ᠼᠤᠤ ᠶᠦᠩ ᠰᠢᠨ᠂ ᠪᠦᠦ ᠬᠤᠩ ᠶᠢᠩ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠵᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠵᠠᠢ᠃ 
 
  ᠶᠡᠭᠡ ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠡᠷᠬᠢᠯᠡᠭᠦᠯᠵᠤ᠂ ᠬᠤᠷᠠᠯ ᠳᠤ ᠣᠷᠣᠯᠴᠠᠭᠰᠠᠨ ᠪᠦᠬᠦ ᠬᠥᠮᠥᠰ ᠰᠢᠷᠳᠡᠬᠦ ᠶᠣᠰᠣᠯᠠᠯ ᠶᠠᠪᠤᠭᠤᠯᠵᠤ᠂ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠪᠠ᠃ 
 
  ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠪᠠᠶᠠᠷ ᠤᠨ ᠦᠭᠡ ᠬᠡᠯᠡᠬᠦ ᠳᠡᠭᠡᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ᠂ ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠲᠤ ᠵᠢᠯ ᠲᠤᠷᠰᠢ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠥᠷᠭᠡᠨ ᠣᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠪᠠ ᠢᠷᠦᠭᠡᠯ ᠳᠡᠪᠰᠢᠭᠦᠯᠵᠦ᠂ ᠨᠢᠭᠡᠳᠦᠭᠡᠷ ᠳᠤᠮᠳᠠᠳᠤ ᠰᠤᠷᠭᠠᠭᠤᠯᠢ ᠳᠤ ᠰᠠᠶ᠋ᠢᠬᠠᠨ ᠣᠷᠣᠵᠤ ᠰᠤᠷᠤᠯᠴᠠᠭᠰᠠᠨ ᠰᠢᠨ᠎ᠡ ᠰᠤᠷᠤᠭᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠲᠠᠨ ᠵᠢᠴᠢ ᠥᠷᠭᠡᠨ ᠤᠯᠠᠨ ᠪᠠᠭᠰᠢ ᠰᠤᠷᠤᠭᠴᠢᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠳᠤᠮᠳᠠ ᠪᠠᠭᠰᠢ ᠰᠤᠷᠤᠭᠴᠢᠳ ᠤᠨ ᠭᠡᠷ ᠪᠦᠯᠢ ᠪᠣᠯᠬᠤ ᠶᠢ ᠬᠦᠰᠡᠵᠦ ᠪᠠᠶᠢᠨ᠎ᠠ︔ ᠪᠠᠭᠰᠢ ᠨᠠᠷ ᠪᠠᠭᠰᠢ ᠶᠢᠨ ᠶᠣᠰᠣ ᠮᠣᠷᠠᠯ ᠢᠶᠠᠨ ᠴᠢᠩᠭᠠᠳᠬᠠᠬᠤ ᠳᠤᠮᠳᠠ ᠰᠤᠷᠤᠭᠴᠢᠳ ᠤᠨ ᠨᠠᠶᠢᠵᠠ ᠪᠣᠯᠬᠤ ᠶᠢ ᠬᠦᠰᠡᠵᠦ ᠪᠠᠶᠢᠨ᠎ᠠ︔ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢᠨ ᠶᠠᠪᠤᠴᠠ ᠳᠤ ᠤᠯᠤᠰ ᠤᠨ ᠲᠤᠯᠭᠠᠭᠤᠷᠢ ᠬᠦᠴᠦᠨ ᠪᠣᠯᠬᠤ ᠶᠢ ᠬᠦᠰᠡᠵᠦ ᠪᠠᠶᠢᠨ᠎ᠠ ᠭᠡᠪᠡ
  ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ᠂ ᠰᠢᠨ᠎ᠡ ᠰᠤᠷᠤᠭᠴᠢ ᠶᠢᠨ ᠲᠥᠯᠥᠭᠡᠯᠡᠭᠴᠢ᠂ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠥᠯᠥᠭᠡᠯᠡᠭᠴᠢ ᠵᠢᠴᠢ ᠪᠠᠭᠰᠢ ᠶᠢᠨ ᠲᠥᠯᠥᠭᠡᠯᠡᠭᠴᠢ ᠲᠤᠰ ᠲᠤᠰ ᠦᠭᠡ ᠬᠡᠯᠡᠪᠡ᠃
   ᠶᠡᠭᠡ ᠬᠤᠷᠠᠯ ᠠᠴᠠ ︽ᠲᠦᠴᠢᠦᠸᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ 2021 ︱ 2022 ᠰᠤᠷᠤᠯᠭ᠎ᠠ ᠶᠢᠨ ᠣᠨ ᠤ ᠬᠥᠬᠢᠭᠦᠯᠦᠨ ᠰᠠᠶᠢᠰᠢᠶᠠᠬᠤ ᠲᠣᠭᠲᠠᠭᠠᠯ︾ ᠢ ᠤᠩᠰᠢᠨ ᠨᠡᠶᠢᠲᠡᠯᠡᠵᠦ᠂ ᠰᠢᠯᠢᠳᠡᠭ ᠠᠩᠭᠢ ᠶᠢᠨ ᠡᠷᠬᠢᠯᠡᠭᠴᠢ᠂ ᠰᠢᠯᠢᠳᠡᠭ ᠪᠠᠭᠰᠢ᠂ ᠰᠢᠯᠢᠳᠡᠭ ᠠᠵᠢᠯᠲᠠᠨ᠂ ᠭᠤᠷᠪᠠᠨ ᠰᠠᠶᠢᠨᠲᠠᠢ ᠰᠣᠷᠣᠭᠴᠢ᠂ 2021 ︱ 2022 ᠰᠤᠷᠤᠯᠭ᠎ᠠ ᠶᠢᠨ ᠣᠨ ᠤ ᠠᠵᠢᠯ ᠠᠴᠠ ᠪᠠᠨ ᠠᠮᠠᠷᠠᠭᠰᠠᠨ ᠪᠠᠭᠰᠢ ᠠᠵᠢᠯᠴᠢᠨ ᠵᠡᠷᠭᠡ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃ 
 
  ᠰᠢᠯᠢᠳᠡᠭ ᠰᠤᠷᠤᠬᠴᠢ ᠺᠠᠳ᠋ᠷ᠂ ᠥᠨᠳᠥᠷ ᠳᠤᠮᠳᠠᠳᠤ ᠶᠢᠨ ᠭᠤᠷᠪᠠᠳᠤᠭᠠᠷ ᠤᠨ ᠤ ᠠᠷᠪᠠᠨ ᠳᠣᠯᠣᠳᠤᠭᠠᠷ ᠠᠩᠭᠢ ᠶᠢᠨ ᠳᠠᠷᠤᠭ᠎ᠠ ᠵᠠᠩ ᠢ ᠶᠠᠩ᠄ ︽ᠡᠨᠡ ᠱᠠᠩᠨᠠᠯ ᠢ ᠰᠤᠷᠭᠠᠭᠤᠯᠢ ᠠᠴᠠ ᠣᠯᠭᠤᠭᠰᠠᠨ ᠳᠠᠭᠠᠨ ᠮᠠᠰᠢ ᠠᠵᠠᠲᠠᠢ ᠪᠠᠶᠢᠨ᠎ᠠ᠃ ᠡᠩ ᠲᠡᠷᠢᠭᠦᠨ ᠳᠤ ᠪᠢ ᠪᠠᠭᠰᠢ ᠳᠠᠭᠠᠨ ᠲᠠᠯᠠᠷᠬᠠᠨ᠎ᠠ᠂ ᠪᠠᠰᠠ ᠮᠢᠨᠤ ᠰᠤᠷᠭᠠᠭᠤᠯᠢ ᠡᠨᠡ ᠭᠤᠷᠪᠠᠨ ᠵᠢᠯ ᠤᠨ ᠲᠤᠷᠰᠢ ᠨᠠᠮᠠᠶᠢ ᠴᠢᠷᠮᠠᠶᠢᠨ ᠬᠥᠮᠥᠵᠢᠭᠦᠯᠦᠭᠰᠡᠨ ᠳᠤ ᠲᠠᠯᠠᠷᠬᠠᠨ᠎ᠠ᠃ ᠪᠢ ᠲᠠᠷᠠᠭ᠎ᠠ ᠵᠢᠯ ᠰᠠᠶᠢᠨ ᠬᠢᠷᠢ ᠪᠦᠲᠦᠮᠵᠢ ᠣᠯᠵᠤ᠂ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ ᠨᠤᠲᠤᠭ ᠲᠠᠭᠠᠨ ᠬᠠᠷᠢᠵᠤ᠂ ᠡᠬᠡ ᠤᠯᠤᠰ ᠤᠨ ᠢᠶᠠᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠡᠭᠦᠨ ᠤ ᠵᠡᠷᠭᠡ ᠳᠤ᠂ ᠪᠠᠭᠰᠢ   ᠶᠢᠨ ᠪᠠᠶᠠᠷ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠪᠠᠭᠰᠢ ᠨᠠᠷ ᠤᠨ ᠪᠠᠶᠠᠷ ᠤᠨ ᠮᠡᠨᠳᠦ ᠬᠦᠷᠭᠡᠶ᠎ᠡ︾ ᠭᠡᠵᠦ ᠬᠡᠯᠡᠪᠡ᠃    ᠰᠢᠯᠢᠳᠡᠭ ᠠᠩᠭᠢ ᠶᠢᠨ ᠡᠷᠬᠢᠯᠡᠭᠴᠢ᠂ ᠥᠨᠳᠥᠷ ᠳᠤᠮᠳᠠᠳᠤ ᠶᠢᠨ ᠬᠤᠶᠠᠷ ᠨᠠᠢᠮᠠᠳᠤᠭᠠᠷ ᠠᠩᠭᠢ ᠶᠢᠨ ᠠᠩᠭᠢ ᠶᠢᠨ ᠡᠷᠬᠢᠯᠡᠭᠴᠢ ᠵᠠᠩ ᠢᠦᠢ ᠢᠯᠡᠷᠬᠡᠶᠢᠯᠡᠬᠦ ᠳᠡᠭᠡᠨ᠄ ︽ᠵᠠᠯᠠᠭᠤ ᠪᠠᠭᠰᠢ ᠶᠢᠨ ᠲᠥᠯᠥᠭᠡᠯᠡᠭᠴᠢ ᠪᠣᠯᠤᠭᠰᠠᠨ ᠤ ᠬᠤᠪᠢ ᠳᠤ ᠰᠢᠯᠢᠳᠡᠭ ᠠᠩᠭᠢ ᠶᠢᠨ ᠡᠷᠬᠢᠯᠡᠭᠴᠢ ᠶᠢᠨ ᠢᠷᠠᠭᠤ ᠠᠯᠳᠠᠷ ᠢ ᠭᠥᠷᠳᠡᠭᠰᠡᠨ ᠳᠡᠭᠡᠨ ᠮᠠᠰᠢ ᠣᠮᠣᠭᠰᠢᠵᠤ ᠪᠠᠶᠢᠨ᠎ᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠡᠨᠡ ᠬᠦ ᠳᠣᠭᠳᠣᠯᠤᠯ ᠢ ᠬᠥᠳᠡᠯᠭᠡᠭᠦ ᠬᠦᠴᠦᠨ ᠪᠣᠯᠭᠠᠵᠤ᠂ ᠬᠢᠴᠢᠶᠡᠨ ᠴᠢᠷᠮᠠᠶᠢᠵᠤ᠂ ᠪᠥᠬᠦ ᠰᠡᠳᠬᠢᠯ ᠢᠶᠠᠷ ᠢᠶᠠᠨ ᠵᠢᠳᠬᠦᠵᠦ᠂ ᠰᠤᠷᠤᠭᠴᠢᠳ ᠤᠨ ᠰᠢᠯᠢᠳᠡᠭ ᠬᠢᠷᠢ ᠪᠦᠲᠦᠮᠵᠢ ᠪᠠᠷ ᠢᠶᠠᠨ ᠨᠡᠶᠢᠭᠡᠮ ᠳᠤ ᠠᠴᠢ ᠬᠠᠷᠢᠭᠤᠯᠵᠤ᠂ ᠰᠤᠷᠭᠠᠭᠤᠯᠢ ᠳᠤ ᠠᠴᠢ ᠬᠠᠷᠢᠭᠤᠯᠵᠤ᠂ ᠡᠴᠢᠭᠡ ᠡᠬᠡ ᠳᠡᠭᠡᠨ ᠠᠴᠢ ᠬᠠᠷᠢᠭᠤᠯᠬᠤ ᠶᠢ ᠬᠦᠰᠡᠵᠦ ᠪᠠᠶᠢᠨ᠎ᠠ︾ ᠭᠡᠵᠡᠢ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号