ᠬᠠᠬᠢᠷ ᠡᠪᠦᠯ ᠤᠨ ᠬᠦᠢᠲᠡᠨ ᠳᠤ ᠠᠵᠢᠯᠴᠢᠨ ᠤ ᠡᠪᠯᠡᠯ ᠳᠤ ᠬᠠᠶᠢᠷ᠎ᠠ ᠬᠠᠯᠠᠮᠵᠢ ᠬᠦᠷᠭᠡᠨ᠎ᠡ
ᠨᠡᠶᠢᠲᠡᠯᠡᠭᠰᠡᠨ ᠴᠠᠭ᠄
2023/1/10
    ᠣᠶᠢᠷ᠎ᠠ ᠳᠤ᠂ ᠲᠦᠴᠢᠦᠸᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠲᠣᠬᠤᠨᠢᠭᠤᠯᠬᠤ ᠳᠤᠭᠤᠶᠢᠯᠠᠩ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ 2023 ᠣᠨ ᠤ ︽ᠬᠤᠶᠠᠷ ᠪᠠᠶᠠᠷ︾ ᠤᠨ ᠡᠳᠦᠷ ᠲᠤ ᠬᠠᠶᠢᠷ᠎ᠠ ᠬᠠᠯᠠᠮᠵᠢ ᠬᠦᠷᠭᠡᠬᠦ ᠵᠢᠴᠢ ︽ᠬᠥᠯᠥᠰᠦᠨ ᠠᠵᠢᠯᠴᠢᠨ ᠢ ᠬᠠᠪᠤᠷ ᠤᠨ ᠤᠯᠠᠷᠢᠯ ᠳᠤ ᠳᠤᠯᠠᠭᠠᠯᠠᠬᠤ︾ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
    ᠲᠣᠬᠤᠨᠢᠭᠤᠯᠬᠤ ᠳᠤᠭᠤᠶᠢᠯᠠᠩ ᠤᠨ ᠬᠢᠨ ᠲᠤᠰ ᠲᠤᠰ ᠵᠢᠢ ᠵᠦ ᠠᠵᠤ ᠦᠢᠯᠡᠰ︵ᠥᠪᠥᠷ ᠮᠣᠩᠭᠤᠯ︶︶ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠩ ᠹᠠᠩ ᠣᠨᠴᠠᠯᠢᠭᠲᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠨ ᠶᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠭᠤᠷᠪᠠᠨ ᠭᠤᠣᠯᠳᠠᠯᠭ᠎ᠠ ᠲᠠᠢ ᠠᠵᠤ ᠠᠬᠤᠶᠢᠯᠠᠯ ᠳᠤ︽ᠬᠤᠶᠠᠷ ᠪᠠᠶᠠᠷ ᠤᠨ ᠡᠳᠦᠷ︾  ᠤᠨ ᠵᠥᠩᠨᠡᠯ ᠪᠠ ᠲᠣᠬᠤᠨᠢᠭᠤᠯᠬᠤ ᠪᠣᠳᠠᠰ ᠬᠦᠷᠭᠡᠪᠡ᠃
    ᠬᠦᠷᠦᠭᠰᠡᠨ ᠭᠠᠵᠠᠷ ᠪᠣᠯᠭᠠᠨ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠴᠥᠮ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ ᠬᠥᠯᠥᠰᠦᠨ ᠠᠵᠢᠯᠴᠢᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠥᠷᠭᠡᠨ ᠤᠯᠠᠨ ᠬᠥᠯᠥᠰᠦᠨ ᠠᠵᠢᠯᠴᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号