ᠤᠯᠤᠰ ᠲᠦᠷᠦ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/3
 ᠰᠢᠶᠠᠨ ᠤ ᠤᠯᠤᠰ ᠲᠥᠷᠥ   ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠨ ᠪᠥᠸᠧ ᠣᠷᠴᠢᠮᠬᠠᠨ ᠳᠤ ᠤᠯᠤᠰ ᠲᠥᠷᠥ   ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠨ ᠯᠢ ᠵᠢᠶᠦ᠋ᠨ᠂ ᠯᠢ ᠳ᠋ᠧ ᠯᠢᠶᠠᠩ᠂ ᠸᠠᠩ ᠬᠠᠢ ᠵᠢᠶᠦ᠋ᠨ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠭᠡᠰᠢᠭᠦᠨ ᠪᠠ ᠰᠢᠶᠠᠩ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠭᠠᠨ ᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠤ ᠵᠥᠪᠯᠡᠬᠦ ᠵᠦᠢᠯ᠂ ᠡᠳᠦᠷ ᠤᠨ ᠳᠠᠷᠠᠭᠠᠯᠠᠯ᠂ ᠪᠠᠶᠢᠩᠭᠤ ᠶᠢᠨ ᠬᠤᠷᠢᠶᠠᠨ ᠤ ᠮᠡᠳᠡᠭᠦᠯᠦᠯᠲᠡ᠂ ᠰᠠᠨᠠᠯ ᠳᠤᠷᠠᠳᠤᠯᠭ᠎ᠠ ᠶᠢᠨ ᠮᠡᠳᠡᠭᠦᠯᠦᠯᠲᠡ᠂ 2022 ᠣᠨ ᠤ ᠤᠯᠤᠰ ᠲᠥᠷᠥ ᠶᠢᠨ ᠵᠥᠪᠯᠡᠯᠭᠡᠨ ᠤ ᠰᠢᠯᠢᠳᠡᠭ ᠭᠡᠰᠢᠭᠦᠳ ᠤᠨ ᠰᠠᠨᠠᠭᠤᠯᠭ᠎ᠠ ᠶᠢᠨ ᠨᠡᠷᠡᠰ ᠵᠡᠷᠭᠡ ᠬᠤᠯᠪᠣᠭᠳᠠᠯ ᠪᠦᠬᠦᠢ ᠵᠦᠢᠯᠡᠰ ᠢ ᠬᠢᠨᠠᠨ ᠶᠠᠷᠢᠯᠴᠠᠵᠤ ᠪᠠᠲᠤᠯᠠᠵᠤ᠂ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠶᠠᠷᠢᠯᠴᠠᠵᠤ ᠪᠠᠲᠤᠯᠠᠪᠠ᠃ ᠬᠤᠷᠠᠯ ᠠᠴᠠ ᠵᠢᠭᠠᠵᠦ ᠭᠠᠷᠭᠠᠭᠰᠠᠨ ᠨᠢ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯ 1 ᠰᠠᠷ᠎ᠠ ᠶᠢᠨ 3 ᠠᠴᠠ 1 ᠰᠠᠷ᠎ᠠ ᠶᠢᠨ 5  ᠤ ᠡᠳᠦᠷ ᠪᠣᠯᠲᠠᠯ᠎ᠠ ᠬᠤᠷᠠᠯᠳᠤᠨ᠎ᠠ᠃ᠪᠦᠬᠦ ᠭᠡᠰᠢᠭᠦᠳ ᠤᠨ ᠬᠤᠷᠠᠯ ᠪᠣᠯ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠵᠥᠪᠯᠡᠬᠦ ᠶᠢᠨ ᠨᠢᠭᠡᠨ ᠴᠢᠬᠤᠯᠠ ᠬᠡᠯᠪᠡᠷᠢ ᠮᠥᠨ᠂ ᠤᠯᠤᠰ ᠲᠦᠷᠦ ᠶᠢᠨ ᠵᠥᠪᠯᠡᠯᠭᠡᠨ ᠤ ᠪᠦᠬᠦᠯᠢ ᠴᠣᠭᠴᠠ ᠶᠢᠨ ᠳᠦᠷᠢ ᠲᠥᠷᠬᠦ ᠪᠠ ᠭᠡᠰᠢᠭᠦᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠴᠢᠬᠤᠯᠠ ᠴᠣᠩᠬᠤ ᠮᠥᠨ᠂ ᠭᠡᠰᠢᠭᠦᠳ ᠡᠨᠡ ᠵᠢᠯ ᠳᠤ ᠨᠢᠭᠡ ᠤᠳᠠᠭ᠎ᠠ ᠬᠢᠬᠦ ᠲᠣᠬᠢᠶᠠᠯ ᠢ ᠨᠠᠨᠳᠢᠩᠨᠠᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠶᠡᠭᠡ ᠬᠤᠷᠠᠯ ᠤᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠰᠠᠬᠢᠵᠤ᠂ ᠰᠠᠶᠢᠨ ᠰᠠᠶᠢᠬᠠᠨ ᠬᠤᠷᠠᠯ ᠤᠨ ᠰᠤᠷᠲᠠᠯ ᠢ ᠴᠢᠷᠮᠠᠶᠢᠨ ᠪᠤᠢ ᠪᠣᠯᠭᠠᠬᠤ ᠶᠢ ᠬᠦᠰᠡᠵᠦ ᠪᠠᠶᠢᠨ᠎ᠠ᠃ ᠬᠤᠷᠠᠯ ᠠᠴᠠ ᠴᠢᠬᠤᠯᠠᠴᠢᠯᠠᠭᠰᠠᠨ‌ᠨᠢ᠂ ᠨᠢᠭᠡ ᠳᠤ᠂ ᠶᠡᠭᠡ ᠬᠤᠷᠠᠯ ᠤᠨ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠬᠡᠷᠡᠭᠲᠡᠢ᠃ᠪᠠᠶᠢᠩᠭᠤ ᠶᠢᠨ ᠭᠡᠰᠢᠭᠦᠨ ᠪᠠ ᠰᠢᠶᠠᠩ ᠪᠠᠯᠭᠠᠰᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠭᠠᠨ ᠤ ᠳᠤᠭᠤᠶᠢᠯᠠᠩ ᠤᠨ ᠳᠠᠷᠤᠭ᠎ᠠ ᠱᠠᠭᠠᠷᠳᠠᠯᠭ᠎ᠠ ᠶᠣᠰᠣᠭᠠᠷ ᠲᠦᠷᠦᠭᠦᠯᠡᠨ ᠲᠣᠭᠲᠠᠭᠰᠠᠨ ᠴᠠᠭ ᠲᠠᠭᠠᠨ ᠬᠤᠷᠠᠯ ᠳᠤ ᠣᠷᠣᠯᠴᠠᠵᠤ᠂ ᠬᠤᠷᠠᠯ ᠤᠨ ᠠᠵᠢᠯ ᠳᠤ ᠭᠠᠷᠬᠤ ᠨᠤᠷᠮ᠎ᠠ ᠶᠢ ᠦᠨᠡᠨ ᠬᠦ ᠪᠠᠲᠤᠯᠠᠬᠤ ᠬᠡᠷᠡᠭᠲᠡᠢ ᠂ ᠲᠦᠷᠦᠭᠦᠯᠡᠨ ᠰᠠᠬᠢᠯᠭ᠎ᠠ ᠪᠠᠲᠤ ᠶᠢ ᠰᠠᠬᠢᠵᠤ᠂ ᠬᠤᠷᠠᠯ ᠤᠨ ᠲᠠᠯᠠᠪᠠᠢ ᠶᠢᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠬᠤ‌‍ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠲᠤᠰ ᠳᠤᠭᠤᠶᠢᠯᠠᠩ ᠤᠨ ᠭᠡᠰᠢᠭᠦᠳ ᠲᠤ ᠢᠯᠡᠭᠦᠬᠡᠨ ᠰᠠᠨᠠᠭᠤᠯᠵᠤ᠂ ᠴᠠᠭ ᠲᠤᠬᠠᠢ ᠳᠤᠨᠢ ᠬᠤᠷᠠᠯ ᠳᠤ ᠣᠷᠣᠯᠴᠠᠵᠤ᠂ ᠨᠠᠷᠢᠨ ᠬᠢᠨᠠᠮᠠᠭᠠᠢ ᠰᠣᠨᠣᠰᠴᠤ᠂ ᠢᠳᠡᠪᠬᠢᠲᠡᠢ ᠪᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ᠬᠤᠶᠠᠷ ᠲᠤ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠬᠦ ᠬᠡᠷᠡᠭᠲᠡᠢ᠃ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠨᠠᠷᠢᠨ ᠬᠢᠨᠠᠮᠠᠭᠠᠢ ᠪᠣᠳᠣᠯᠬᠢᠯᠠᠵᠤ᠂ ᠲᠠᠬᠢᠨ ᠳᠠᠪᠲᠠᠨ ᠲᠤᠩᠭᠠᠨ ᠪᠣᠳᠣᠯᠬᠢᠯᠠᠵᠤ᠂ ᠰᠠᠶᠢᠨ ᠰᠠᠨᠠᠭᠤᠯᠭ᠎ᠠ ᠶᠢ ᠴᠠᠭ ᠲᠤᠬᠠᠢ ᠳᠤᠨᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ ᠲᠤ ᠮᠡᠳᠡᠭᠦᠯᠦᠨ ᠬᠦᠷᠭᠡᠵᠦ᠂ ᠠᠯᠪᠠᠨ ᠭᠡᠷ ᠨᠢ ᠰᠠᠨᠠᠭᠤᠯᠭ᠎ᠠ ᠶᠢ ᠦᠨᠳᠦᠰᠦᠯᠡᠨ ᠵᠠᠰᠠᠪᠤᠷᠢ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ᠰᠠᠨᠠᠯ ᠵᠥᠪᠯᠡᠯᠭᠡ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠲᠤᠰᠢᠶᠠᠬᠤ ᠠᠵᠢᠯ ᠢ ᠰᠠᠶᠢᠲᠤᠷ ᠬᠢᠵᠦ᠂ ᠰᠢᠶᠠᠨ ᠤ ᠨᠠᠮ ᠤᠨ ᠬᠤᠷᠢᠶᠠᠨ ᠤ ᠭᠤᠣᠯ ᠠᠵᠢᠯ ᠢᠶᠠᠷ ᠭᠤᠣᠯᠯᠠᠭᠤᠯᠤᠨ᠂ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠬᠡᠷᠡᠭᠴᠡᠭᠡ ᠲᠠᠢ ᠰᠠᠨᠠᠭᠤᠯᠭ᠎ᠠ ᠳᠤᠷᠠᠳᠬᠤ ᠬᠡᠷᠡᠭᠲᠡᠢ᠃ᠭᠤᠷᠪᠠ ᠳᠤ ᠶᠡᠭᠡ ᠬᠤᠷᠠᠯ ᠤᠨ ᠦᠢᠯᠡᠴᠢᠯᠡᠭᠡ ᠶᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠶᠡᠭᠡ ᠬᠤᠷᠠᠯ ᠤᠨ ᠠᠵᠢᠯᠲᠠᠳ ᠬᠠᠷᠢᠭᠤᠴᠠᠯᠭ᠎ᠠ ᠶᠢᠨ ᠤᠬᠠᠮᠰᠠᠷ ᠢ ᠪᠤᠢ ᠪᠣᠯᠭᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠨᠢᠭᠲᠠ ᠬᠠᠮᠵᠢᠯᠴᠠᠵᠤ᠂ ᠪᠦᠯᠬᠦᠮᠳᠡᠨ ᠬᠠᠮᠵᠢᠯᠴᠠᠵᠤ᠂ ᠵᠣᠬᠢᠶᠠᠨ ᠪᠠᠶᠢᠭᠤᠯᠵᠤ ᠦᠢᠯᠡᠴᠢᠯᠡᠬᠦ ᠪᠠ ᠵᠣᠬᠢᠴᠠᠭᠤᠯᠤᠨ ᠠᠬᠢᠭᠤᠯᠬᠤ ᠠᠵᠢᠯ ᠢ ᠨᠠᠷᠢᠨ ᠨᠢᠭᠲᠠ ᠰᠠᠶᠢᠲᠤᠷ ᠬᠢᠵᠦ᠂ ᠬᠤᠷᠠᠯ ᠳᠤ ᠣᠷᠣᠯᠴᠠᠭᠰᠠᠳ ᠲᠤ ᠠᠯᠢ ᠴᠢᠳᠠᠬᠤ ᠪᠠᠷ ᠳᠥᠭᠦᠮ ᠳᠥᠲᠡ ᠪᠦᠷᠢᠨ ᠭᠦᠢᠴᠡᠳ ᠦᠢᠯᠡᠴᠢᠯᠡᠭᠡ ᠬᠠᠩᠭᠠᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠬᠤᠷᠠᠯ ᠤᠨ ᠲᠡᠭᠦᠰ ᠠᠮᠵᠢᠯᠲᠠ ᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ‌‍ᠭ᠊ ‍ᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号