ᠴᠧᠨ ᠬᠤᠤ᠄ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠤᠭ ᠰᠠᠨᠠᠭ᠎ᠠ ᠪᠠᠨ ᠪᠠᠲᠤ ᠰᠠᠬᠢᠵᠤ ᠠᠷᠠᠳ ᠤᠨ ᠲᠥᠯᠥᠭᠡ ᠪᠣᠳᠠᠲᠠᠢ ᠠᠵᠢᠯᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠨ᠎ᠠ
ᠨᠡᠶᠢᠲᠡᠯᠡᠭᠰᠡᠨ ᠴᠠᠭ᠄
2023/1/7
   ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠣᠯᠣᠨ ᠳᠠᠪᠠᠭᠤᠯᠢᠭ ᠲᠠᠭᠠᠨ ᠰᠠᠭᠤᠷᠢᠯᠠᠵᠤ᠂ ᠠᠶᠢᠯ ᠡᠷᠦᠬᠡ ᠪᠠᠷ ᠶᠠᠪᠤᠵᠤ ᠠᠷᠠᠳ ᠤᠨ ᠪᠠᠶᠢᠳᠠᠯ ᠢ ᠰᠤᠷᠪᠤᠯᠵᠢᠯᠠᠬᠤ ᠶᠢ ᠪᠠᠷᠢᠮᠲᠠᠯᠠᠵᠤ᠂ ᠬᠦᠭᠵᠢᠬᠦ ᠠᠷᠭ᠎ᠠ ᠤᠬᠠᠭᠠᠨ ᠢ ᠴᠢᠷᠮᠠᠶᠢᠨ ᠰᠤᠷᠤᠯᠴᠠᠵᠤ ᠴᠢᠳᠠᠮᠠᠭᠠᠢ ᠪᠠᠷ ᠰᠡᠳᠬᠢᠨ᠂ ᠪᠦᠬᠦ ᠪᠠᠯᠭᠠᠰᠤᠨ ᠤ ᠺᠠᠳ᠋ᠷ ᠤᠯᠠᠨ ᠲᠦᠮᠡᠨ ᠢ ᠳᠠᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠭᠤᠴᠠᠯᠭ᠎ᠠ ᠪᠣᠯᠣᠨ ᠡᠭᠦᠷᠭᠡᠯᠡᠯ ᠢ ᠲᠠᠶᠢᠯᠪᠤᠷᠢᠯᠠᠪᠠ᠃ ᠲᠡᠷᠡ ᠪᠣᠯ ᠳᠠᠷᠤᠢ ᠰᠢᠶᠠᠨ ᠤ ᠱᠠᠲᠤᠨ ᠤ ᠠᠷᠠᠳ ᠤᠨ ᠲᠥᠯᠥᠭᠡᠯᠡᠭᠴᠢ᠂ ᠯᠢᠤ ᠬᠣ᠋ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠴᠧᠨ ᠬᠤᠤ ᠪᠣᠯᠣᠨ᠎ᠠ᠃     ᠢᠲᠡᠭᠡᠯ ᠪᠢᠰᠢᠷᠡᠯ ᠪᠠᠲᠤ ᠴᠢᠩᠭ᠎ᠠ᠂ ᠲᠥᠷᠥ ᠶᠢᠨ ᠪᠣᠳᠣᠯᠭ᠎ᠠ ᠶᠢᠨ ︽ᠮᠡᠷᠭᠡᠨ ᠬᠥᠮᠥᠨ︾ ᠪᠣᠯᠣᠨ᠎ᠠ     ᠲᠡᠷᠡ ᠢᠮᠠᠭᠲᠠ ᠤᠯᠤᠰ ᠲᠦᠷᠦ ᠶᠢᠨ ᠤᠨᠤᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠪᠠᠷᠢᠮᠲᠠᠯᠠᠵᠤ᠂ ᠠᠵᠢᠯ ᠤᠨ ᠬᠡᠷᠡᠭᠴᠡᠭᠡ ᠳᠤ ᠵᠣᠬᠢᠴᠠᠬᠤ ᠡᠯ᠎ᠡ ᠲᠠᠯ᠎ᠠ ᠶᠢᠨ ᠴᠢᠳᠠᠪᠤᠷᠢ ᠶᠢ ᠨᠥᠭᠡᠴᠡᠯᠡᠵᠦ᠂ ᠬᠥᠳᠡᠭᠡ ᠲᠣᠰᠬᠤᠨ ᠤ ᠠᠵᠢᠯ ᠤᠨ ᠰᠤᠷᠤᠯᠴᠠᠯᠭ᠎ᠠ ᠪᠠ ᠣᠶᠢᠯᠠᠭᠠᠯᠲᠠ ᠶᠢ ᠴᠢᠬᠤᠯᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠦᠷᠦ ᠶᠢᠨ ᠪᠣᠳᠣᠯᠭ᠎ᠠ ᠶᠢ ᠨᠡᠯᠢᠶᠡᠳ ᠤᠯᠠᠨ ᠰᠤᠷᠤᠯᠴᠠᠵᠠᠢ᠃ ᠲᠡᠷᠡ ᠤᠯᠤᠰ ᠲᠦᠷᠦ ᠶᠢᠨ ᠵᠣᠭᠰᠣᠯᠲᠠ ᠪᠠᠲᠤ᠂ ᠠᠵᠢᠯ ᠳᠠᠭᠠᠨ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ᠂ ᠬᠠᠤᠯᠢ ᠶᠣᠰᠣᠭᠠᠷ ᠬᠢᠨᠠᠯᠲᠠ ᠲᠠᠯᠪᠢᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠤᠨ ᠠᠮᠢᠳᠤᠷᠠᠯ ᠢ ᠠᠩᠬᠠᠷᠴᠤ ᠤᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠢᠳᠡᠪᠬᠢᠲᠡᠢ ᠦᠯᠢᠭᠡᠷ ᠳᠠᠭᠤᠷᠢᠶᠠᠯ ᠪᠣᠯᠵᠠᠢ᠃ ᠲᠡᠷᠡ ᠨᠠᠮ ᠤᠨ ᠬᠤᠷᠢᠶᠠᠨ ᠤ ᠤᠳᠤᠷᠢᠳᠤᠯᠭ᠎ᠠ ᠶᠢᠨ ᠳᠣᠣᠷ᠎ᠠ ᠠᠵᠢᠯ ᠢᠶᠠᠨ ᠥᠷᠨᠢᠭᠦᠯᠬᠦ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠶᠠᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠵᠥᠪᠯᠡᠬᠦ ᠰᠡᠳᠦᠪ ᠢ ᠬᠢᠨᠠᠨ ᠶᠠᠷᠢᠯᠴᠠᠬᠤ ᠳᠤ ᠨᠠᠮ ᠤᠨ ᠬᠤᠷᠢᠶᠠᠨ ᠤ ᠭᠤᠣᠯᠳᠠᠯᠭ᠎ᠠ ᠲᠠᠢ ᠨᠢᠭᠲᠠ ᠤᠶᠠᠯᠳᠤᠭᠤᠯᠵᠤ᠂ ᠵᠣᠬᠢᠶᠠᠨ ᠪᠠᠶᠢᠭᠤᠯᠬᠤ ᠠᠵᠢᠯᠯᠠᠭ᠎ᠠ ᠳᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠪᠦᠬᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠳᠠᠭᠠᠭᠤᠯᠤᠨ ᠪᠦᠯᠬᠦᠮᠳᠡᠨ ᠠᠵᠢᠯᠯᠠᠵᠤ᠂ ᠴᠢᠷᠮᠠᠶᠢᠨ ᠲᠡᠮᠡᠴᠡᠪᠡ᠃ ᠤᠯᠠᠨ ᠲᠦᠮᠡᠨ ᠤ ᠬᠦᠰᠡᠯ ᠰᠠᠨᠠᠭ᠎ᠠ ᠶᠢ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠵᠡᠷᠭᠡ ᠡᠯ᠎ᠡ ᠵᠠᠩᠭᠢᠯᠠᠭ᠎ᠠ ᠳᠤ ᠢᠯᠡᠷᠡᠭᠦᠯᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠪᠠᠯ ᠪᠢ ᠬᠠᠷᠢᠭᠤ ᠲᠤᠰᠬᠠᠯ ᠲᠠᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃     ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠠᠨ ᠲᠦᠮᠡᠨ ᠤ ︽ᠣᠷᠣᠯᠠᠨ ᠥᠭᠦᠯᠡᠭᠴᠢ︾ ᠪᠣᠯᠣᠨ᠎ᠠ     ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠤᠯᠤᠭᠰᠠᠨ ᠤ ᠬᠤᠪᠢ ᠳᠤ᠂ ᠲᠡᠷᠡ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢ ᠪᠠᠷᠢᠮᠲᠠᠯᠠᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠵᠦ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠥᠷᠥ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ︾ ᠶᠡᠷᠦᠩᠬᠡᠢ ᠱᠠᠭᠠᠷᠳᠠᠯᠭ᠎ᠠ ᠶᠢ ᠲᠤᠤᠱᠯᠠᠭᠤᠯᠵᠤ᠂ ︽ᠲᠥᠯᠥᠭᠡᠯᠡᠭᠴᠢ ᠶᠢᠨ ᠬᠠᠤᠯᠢ︾ ᠶᠢ ᠲᠦᠷᠦᠭᠦᠯᠡᠨ ᠲᠤᠤᠱᠯᠠᠭᠤᠯᠵᠤ᠂ ᠠᠷᠠᠳ ᠲᠦᠮᠡᠨ ᠤ ᠬᠦᠰᠡᠯ ᠵᠣᠷᠢᠭ ᠢ ᠲᠤᠰᠬᠠᠨ᠂ ᠤᠯᠠᠨ ᠲᠦᠮᠡᠨ ᠤ ᠰᠠᠶᠢᠨ ᠣᠷᠣᠯᠠᠨ ᠥᠭᠦᠯᠡᠭᠴᠢ ᠪᠣᠯᠵᠤ᠂ ᠵᠠᠰᠠᠭ ᠤᠨ ᠣᠷᠳᠣᠨ ᠤ ᠠᠵᠢᠯ ᠢ ᠠᠬᠢᠭᠤᠯᠬᠤ᠂ ᠤᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠯᠠᠭᠤᠯᠤᠨ᠂ ᠮᠠᠰᠢ ᠤᠯᠠᠨ ᠡᠷᠬᠢᠮ ᠨᠠᠨᠳᠢᠨ ᠰᠠᠨᠠᠭᠤᠯᠭ᠎ᠠ ᠢ ᠳᠤᠷᠠᠳᠤᠨ ᠭᠠᠷᠭᠠᠵᠠᠢ᠃ ᠲᠤᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠷ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠤᠯᠠᠨ ᠲᠦᠮᠡᠨ ᠳᠤ ᠪᠣᠳᠠᠲᠤ ᠶᠠᠪᠤᠳᠠᠯ ᠬᠢᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠡᠶᠢᠳᠡ70 ᠭᠠᠷᠤᠢ ᠡᠷᠤᠭᠡ ᠳᠤ ᠬᠦᠷᠴᠦ ᠰᠤᠷᠪᠤᠯᠵᠢᠯᠠᠬᠤ᠂ ᠲᠣᠬᠤᠨᠢᠭᠤᠯᠬᠤ᠂ ᠬᠠᠪᠰᠤᠷᠤᠨ ᠭᠦᠢᠴᠡᠳᠬᠡᠬᠦ᠂ ᠬᠦᠴᠢᠷᠳᠡᠯᠲᠡᠢ ᠶᠢ ᠨᠢ ᠬᠠᠪᠰᠤᠷᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠣᠩᠭᠤᠭᠤᠯᠢ ᠶᠢᠨ ᠠᠷᠠᠳ ᠲᠠᠢ ᠬᠠᠷᠢᠯᠴᠠᠬᠤ᠂ ᠰᠣᠩᠭᠤᠭᠤᠯᠢ ᠶᠢᠨ ᠠᠷᠠᠳ ᠲᠤ ᠦᠢᠯᠡᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠪᠡ᠃ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠪᠠᠶᠠᠵᠢᠨ ᠴᠢᠨᠡᠭᠡᠯᠢᠭᠵᠢᠬᠦ ᠶᠢᠨ ︽ᠳᠠᠭᠠᠭᠤᠯᠤᠭᠴᠢ︾ ᠪᠣᠯᠣᠨ᠎ᠠ     ᠲᠡᠷᠡ ᠬᠤᠪᠢᠳᠠᠨ ᠬᠠᠮᠢᠶᠠᠷᠴᠤ ᠪᠠᠶᠢᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠠᠭᠠᠨ ᠰᠠᠭᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠢ ᠬᠠᠮᠵᠢᠨ ︽ᠡᠷᠦᠬᠡ ᠪᠦᠷᠢ ᠳᠤ ᠭᠤᠷᠪᠠᠨ ᠦᠬᠡᠷ ᠨᠣᠭᠳᠠᠵᠤ᠂ ᠡᠷᠦᠬᠡ ᠪᠦᠷᠢ ᠳᠤ ᠭᠤᠷᠪᠠᠨ ᠮᠦ ᠡᠮ ᠨᠣᠭᠳᠠᠵᠤ᠂ ᠲᠦᠮᠡᠨ ᠮᠦ ᠬᠦᠢᠯᠡᠰᠦ ᠰᠢᠳ ᠲᠦᠮᠡᠨ ᠮᠦ ᠡᠪᠡᠰᠦ + ᠬᠦᠷᠢᠶ᠎ᠡ ᠬᠠᠰᠢᠶᠠᠨ ᠤ ᠠᠵᠤ ᠠᠬᠤᠢ︾ ᠭᠡᠬᠦ ᠵᠢᠷᠭᠤᠭᠠᠨ ᠲᠣᠮᠣ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠢ ᠰᠤᠳᠤᠯᠤᠨ ᠲᠣᠭᠲᠠᠭᠠᠪᠠ᠃ ᠣᠯᠠᠨ ᠲᠦᠮᠡᠨ ᠤ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠴᠢᠭᠯᠡᠭᠦᠯᠦᠨ᠂ ᠦᠬᠡᠷ᠂ ᠡᠮ᠂ ᠬᠦᠢᠯᠡᠰᠦ᠂ ᠰᠢᠳ᠂ ᠡᠪᠡᠰᠦ ᠵᠡᠷᠭᠡ ᠠᠵᠤ ᠦᠢᠯᠡᠰ ᠠᠴᠠ ᠭᠠᠷᠳᠠᠵᠤ᠂ ᠠᠵᠤ ᠦᠢᠯᠡᠰ ᠤᠨ ᠪᠣᠶᠢᠵᠢᠭᠤᠯᠤᠯᠲᠠ ᠪᠠ ᠪᠤᠵᠠᠭᠠᠶᠢᠷᠠᠭᠤᠯᠤᠯᠲᠠ ᠶᠢ ᠵᠢᠱᠢᠶ᠎ᠡ ᠦᠵᠡᠭᠦᠯᠦᠨ ᠠᠬᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠢ ᠳᠥᠷᠪᠡᠨ ᠵᠢᠯ ᠳᠤ ᠭᠤᠷᠪᠠ ᠳᠠᠬᠢᠨ 4 ᠲᠦᠮᠡᠨ ᠲᠣᠯᠣᠭᠠᠢ ᠶᠢ ᠳᠠᠪᠠᠭᠤᠯᠵᠤ᠂ 3200 ᠭᠠᠷᠤᠢ ᠲᠠᠷᠢᠶᠠᠴᠢᠨ ᠡᠷᠦᠬᠡ ᠶᠢ ᠳᠠᠶᠢᠴᠢᠯᠠᠨ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 1 ᠲᠦᠮᠡᠨ ᠲᠥᠭᠦᠷᠢᠭ ᠨᠡᠮᠡᠭᠳᠡᠭᠦᠯᠪᠡ᠃ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠢ 5000 ᠭᠠᠷᠤᠢ ᠮᠦ ᠪᠠᠶᠢᠭᠤᠯᠵᠤ᠂ ᠤᠯᠠᠭᠠᠨ ᠴᠠᠨ᠎ᠠ᠂ ᠬᠤᠨᠴᠢᠨ᠂ ᠴᠢᠨ᠋ᠸ᠎ᠠ ᠶᠢᠨ ᠬᠠᠯᠲᠠᠷ ᠵᠡᠷᠭᠡ ᠵᠢᠩᠬᠢᠨᠢ ᠡᠮ ᠤᠨ ᠮᠠᠲ᠋ᠧᠷᠢᠶᠠᠯ ᠢ ᠥᠷᠨᠢᠭᠦᠨ ᠬᠥᠭᠵᠢᠭᠦᠯᠵᠦ᠂ 230 ᠭᠠᠷᠤᠢ ᠲᠠᠷᠢᠶᠠᠴᠢᠨ ᠡᠷᠦᠬᠡ ᠶᠢ ᠳᠠᠶᠢᠴᠢᠯᠠᠨ᠂ ᠡᠷᠦᠬᠡ ᠪᠦᠷᠢ ᠶᠢᠨ ᠣᠷᠣᠯᠭ᠎ᠠ ᠶᠢ ᠳᠤᠮᠳᠠᠴᠢ ᠪᠠᠷ 5000 ᠲᠥᠭᠦᠷᠢᠭ ᠠᠴᠠ ᠳᠡᠭᠡᠭᠰᠢ ᠨᠡᠮᠡᠭᠳᠡᠭᠦᠯᠪᠡ᠃ ᠠᠭᠤᠯᠠ ᠶᠢᠨ ᠬᠦᠢᠯᠡᠰᠦ ᠶᠢᠨ ᠦᠵᠡᠮᠵᠢ ᠶᠢ ᠯᠡ ᠣᠯᠵᠤ  ᠬᠠᠷᠠᠵᠤ᠂ ᠦᠷ᠎ᠡ ᠠᠰᠢᠭ ᠦᠭᠡᠢ ᠪᠠᠶᠢᠬᠤ ᠣᠳᠣᠬᠢ ᠪᠠᠶᠢᠳᠠᠯ ᠢ ᠬᠤᠪᠢᠷᠠᠭᠤᠯᠵᠤ᠂ 500 ᠭᠠᠷᠤᠢ ᠮᠦ ᠠᠭᠤᠯᠠ ᠶᠢᠨ ᠬᠦᠢᠯᠡᠰᠦ ᠶᠢ ᠵᠠᠯᠭᠠᠵᠤ ᠰᠢᠯᠢᠳᠡᠭᠵᠢᠭᠦᠯᠦᠨ᠂ ᠲᠠᠷᠢᠬᠤ᠂ ᠲᠡᠭᠦᠬᠦ ᠵᠡᠷᠭᠡ ᠡᠯ᠎ᠡ ᠭᠤᠭᠴᠤᠭ᠎ᠠ ᠶᠢᠨ ᠠᠰᠢᠭ ᠣᠷᠣᠯᠭ᠎ᠠ ᠶᠢ ᠨᠡᠮᠡᠭᠳᠡᠭᠦᠯᠵᠡᠢ᠃ ᠬᠦᠷᠢᠶ᠎ᠡ ᠬᠠᠰᠢᠶ᠎ᠠ ᠶᠢᠨ ᠠᠵᠤ ᠠᠬᠤᠢ ᠪᠠᠷ ᠭᠤᠣᠯᠳᠠᠯᠭ᠎ᠠ ᠪᠣᠯᠭᠠᠨ᠂ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠᠷ ᠴᠢᠭᠯᠡᠯ ᠪᠣᠯᠭᠠᠵᠤ᠂ ᠰᠢᠳ + ᠡᠮ ᠤᠨ ᠮᠠᠲ᠋ᠧᠷᠢᠶᠠᠯ ᠤᠨ ᠪᠣᠰᠤᠭ᠎ᠠ ᠴᠣᠭᠴᠠᠲᠤ ᠳᠠᠷᠢᠬᠤ ᠵᠠᠭᠪᠤᠷ ᠢ ᠭᠦᠨᠵᠡᠭᠡᠢ ᠬᠡᠷᠡᠭᠵᠢᠭᠦᠯᠵᠦ᠂ ᠬᠦᠷᠢᠶ᠎ᠡ ᠬᠠᠰᠢᠶᠠᠨ ᠤ ᠰᠢᠳ ᠡᠮ ᠤᠨ ᠮᠠᠲ᠋ᠧᠷᠢᠶᠠᠯ ᠲᠠᠷᠢᠭᠰᠠᠨ ᠡᠷᠦᠬᠡ ᠨᠡᠶᠢᠲᠡ 500 ᠭᠠᠷᠤᠢ ᠡᠷᠦᠬᠡ᠂ 340 ᠮᠦ ᠳᠠᠷᠢᠵᠤ᠂ ᠵᠢᠱᠢᠶ᠎ᠡ ᠦᠵᠡᠭᠦᠯᠬᠦ ᠬᠦᠷᠢᠶᠡᠯᠡᠩ 3 ᠭᠠᠵᠠᠷ 900 ᠭᠠᠷᠤᠢ ᠮᠦ ᠳᠠᠷᠢᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠠᠷᠠᠳ ᠣᠯᠠᠨ ᠤ ᠤᠷᠤᠯᠭ᠎ᠠ ᠶᠢ ᠨᠡᠮᠡᠭᠳᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号