ᠸᠠᠩ ᠱᠢ ᠢᠦᠢ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠠᠬᠢᠨ ᠪᠠᠷᠠᠯᠠᠭᠴᠢ​
ᠨᠡᠶᠢᠲᠡᠯᠡᠭᠰᠡᠨ ᠴᠠᠭ᠄
2023/1/8
   ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠢᠷᠠᠭᠤ ᠠᠯᠳᠠᠷ ᠤᠨ ᠴᠣᠯᠠ ᠮᠥᠨ᠂ ᠨᠡᠩ ᠴᠤ ᠬᠦᠨᠳᠦ ᠬᠠᠷᠢᠭᠤᠴᠠᠯᠭ᠎ᠠ ᠮᠥᠨ︾᠂ ᠲᠡᠭᠦᠨ ᠤ ᠰᠡᠳᠬᠢᠯ ᠳᠤ ᠢᠷᠠᠭᠤ ᠠᠯᠳᠠᠷᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠢᠯᠬᠠᠵᠤ᠂ ︽ᠦᠨᠳᠦᠰᠦᠨ ᠬᠠᠤᠯᠢ︾ ᠪᠠ ᠬᠠᠤᠯᠢ ᠴᠠᠭᠠᠵᠠ ᠠᠴᠠ ᠣᠯᠭᠤᠭᠰᠠᠨ ᠡᠷᠬᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠬᠦ᠂ ᠠᠷᠠᠳ ᠤᠨ ᠲᠥᠯᠥᠭᠡ ᠣᠷᠣᠯᠠᠨ ᠥᠭᠦᠯᠡᠬᠦ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠵᠡᠷᠭᠡ ᠲᠠᠯ᠎ᠠ ᠪᠠᠷ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠭᠰᠠᠨ ᠪᠠᠶᠢᠨ᠎ᠠ᠃ ᠲᠡᠷᠡ ᠪᠣᠯ ᠳᠠᠷᠤᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠮᠥᠨ᠂ ᠲᠦᠴᠢᠦᠸᠠᠨ ᠪᠠᠯᠭᠠᠰᠤᠨ ᠳᠤ ᠲᠣᠮᠢᠯᠠᠨ ᠰᠠᠭᠤᠯᠭᠠᠭᠰᠠᠨ ᠰᠢᠨ᠎ᠡ ᠲᠣᠰᠬᠤᠨ ᠤ ᠨᠢᠭᠡᠳᠦᠭᠡᠷ ᠱᠦᠵᠢ᠂ ᠠᠷᠪᠠᠨ ᠨᠠᠢᠮᠠᠳᠤᠭᠠᠷ ᠬᠤᠭᠤᠴᠠᠭᠠᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠱᠢ ᠢᠦᠢ ᠪᠣᠯᠣᠨ᠎ᠠ᠃
    ᠲᠤᠰ ᠪᠡᠶ᠎ᠡ ᠶᠢᠨ ᠰᠤᠷᠤᠯᠴᠠᠯᠭ᠎ᠠ ᠪᠠᠨ ᠴᠢᠩᠭᠠᠳᠬᠠᠬᠤ ᠶᠢ ᠪᠠᠷᠢᠮᠲᠠᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ‌‍ᠲ᠋ᠡᠭᠡᠭᠰᠢᠯᠡᠭᠦᠯᠦᠨ᠎ᠡ    ᠨᠠᠶᠠᠭᠠᠳ ᠣᠨ ᠳᠤ ᠲᠥᠷᠥᠭᠰᠡᠨ ᠲᠡᠷᠡ ︽ᠲᠡᠮᠦᠷ   ᠢ ᠳᠠᠪᠲᠠᠬᠤ ᠳᠤ ᠥᠪᠡᠷ   ᠢᠶᠠᠨ ᠬᠠᠲᠠᠭᠤ ᠪᠠᠶᠢᠬᠤ ᠬᠡᠷᠡᠭᠲᠡᠢ︾ ᠭᠡᠳᠡᠭ   ᠢ ᠰᠠᠶᠢᠨ ᠮᠡᠳᠡᠵᠦ ᠪᠠᠶᠢᠪᠠ᠃ ᠲᠡᠷᠡ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠬᠠᠤᠯᠢ ᠶᠣᠰᠣᠭᠠᠷ ᠲᠥᠯᠥᠭᠡᠯᠡᠭᠴᠢ ᠶᠢᠨ ᠡᠷᠬᠡ ᠲᠤᠰᠢᠶᠠᠯ ᠢᠶᠠᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠰᠤᠷᠤᠯᠴᠠᠯᠭ᠎ᠠ ᠪᠠ ᠪᠣᠯᠪᠠᠰᠤᠷᠠᠯ ᠳᠤ ᠢᠳᠡᠪᠬᠢᠲᠡᠢ ᠣᠷᠣᠯᠴᠠᠵᠤ᠂ ︽ᠬᠢᠩᠭᠠᠨ ᠠᠶᠢᠮᠠᠭ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ︵ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ︶ ᠰᠢᠶᠠᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠯ ᠤᠨ ᠠᠩᠭᠢ︾ ᠳᠡᠭᠡᠷ᠎ᠡ᠂ ᠲᠡᠷᠡ ᠲᠤᠰᠬᠠᠢ ᠮᠡᠷᠭᠡᠵᠢᠯᠲᠡᠨ ᠫᠷᠤᠹᠥᠰᠰᠤᠷ ᠨᠢᠭᠡᠪᠦᠷᠢ ᠶᠢᠨ ᠬᠢᠴᠢᠶᠡᠯᠯᠡᠬᠦ ᠶᠢ ᠨᠠᠷᠢᠨ ᠬᠢᠨᠠᠮᠠᠭᠠᠢ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠭᠤᠴᠠᠯᠭ᠎ᠠ ᠶᠢᠨ ᠤᠬᠠᠮᠰᠠᠷ᠂ ᠠᠯᠪᠠᠨ ᠵᠠᠷᠤᠴᠠ ᠶᠢᠨ ᠤᠬᠠᠮᠰᠠᠷ᠂ ᠬᠠᠤᠯᠢ ᠴᠠᠭᠠᠵᠠ ᠶᠢᠨ ᠤᠬᠠᠮᠰᠠᠷ ᠪᠣᠯᠣᠨ ᠠᠵᠢᠯᠯᠠᠬᠤ ᠠᠷᠭ᠎ᠠ᠂ ᠪᠠᠶᠢᠴᠠᠭᠠᠨ ᠰᠤᠳᠤᠯᠬᠤ ᠴᠢᠳᠠᠪᠤᠷᠢ᠂ ᠰᠠᠨᠠᠯ ᠵᠥᠪᠯᠡᠯᠭᠡ ᠳᠤᠷᠠᠳᠴᠤ ᠠᠷᠭ᠎ᠠ ᠤᠬᠠᠭᠠᠨ ᠭᠠᠷᠭᠠᠬᠤ ᠲᠦᠪᠰᠢᠨ ᠤ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠵᠠᠢ᠃
  ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠷᠢᠮᠲᠠᠯᠠᠵᠤ᠂ ᠠᠷᠠᠳ ᠤᠨ ᠲᠥᠯᠥᠭᠡ ᠢᠳᠡᠪᠬᠢᠲᠡᠢ ᠪᠠᠷ ᠣᠷᠣᠯᠠᠨ ᠥᠭᠦᠯᠡᠬᠦ ᠬᠡᠷᠡᠭᠲᠡᠢ   ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠲᠥᠯᠥᠭᠡ ᠲᠥᠯᠥᠭᠡᠯᠡᠨ᠎ᠡ ︾᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭᠠᠨ ᠳᠤ᠂ ᠲᠡᠷᠡ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠠᠵᠢᠯ ᠤᠨ ᠰᠠᠨᠠᠭᠤᠯᠭ᠎ᠠ ᠪᠠ ᠰᠠᠨᠠᠯ ᠢᠶᠠᠨ ᠢᠳᠡᠪᠬᠢᠲᠡᠢ ᠳᠤᠷᠠᠳᠴᠠᠢ᠃ᠬᠤᠷᠠᠯ ᠲᠡᠭᠦᠰᠦᠭᠰᠡᠨ ᠬᠤᠭᠤᠴᠠᠭᠠᠨ ᠳᠤ᠂ ᠲᠡᠷᠡ ᠢᠳᠡᠪᠬᠢᠲᠡᠢ ᠪᠠᠷ ᠰᠣᠩᠭᠤᠭᠤᠯᠢ ᠶᠢᠨ ᠠᠷᠠᠳ ᠲᠠᠢ ᠬᠠᠷᠢᠯᠴᠠᠵᠤ᠂ ᠤᠯᠠᠨ ᠲᠦᠮᠡᠨ ᠢ ᠰᠤᠷᠪᠤᠯᠵᠢᠯᠠᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ ᠰᠣᠨᠣᠰᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠣᠶᠢᠯᠠᠭᠠᠵᠤ᠂ ︽ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠬᠢᠯᠡᠬᠦ ᠶᠢ ᠵᠣᠷᠢᠭᠵᠢᠭᠤᠯᠬᠤ ᠲᠤᠬᠠᠢ ᠰᠠᠨᠠᠭᠤᠯᠭ᠎ᠠ︾ ᠶᠢ ᠳᠡᠪᠰᠢᠭᠦᠯᠵᠦ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠲᠠᠨ ᠢ ᠠᠰᠠᠷᠠᠬᠤ ᠬᠦᠷᠢᠶᠡᠯᠡᠩ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠡᠢ᠃ ᠲᠡᠷᠡ ᠪᠠᠰᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠷᠨᠢᠭᠦᠯᠦᠭᠰᠡᠨ ᠰᠢᠶᠠᠨ ᠤ ᠬᠤᠳᠠ ᠶᠢᠨ ᠲᠣᠭᠤᠷᠢᠭ ᠤᠨ ᠭᠠᠵᠠᠷ ᠲᠠᠷᠢᠶᠠᠨ ᠤ ᠳᠡᠯᠭᠡᠴᠡ ᠶᠢᠨ ᠠᠵᠤ ᠠᠬᠤᠢ ᠶᠢᠨ ᠪᠠᠶᠢᠴᠠᠭᠠᠨ ᠰᠤᠳᠤᠯᠤᠯᠲᠠ ᠳᠤ ᠢᠳᠡᠪᠬᠢᠲᠡᠢ ᠣᠷᠣᠯᠴᠠᠵᠤ᠂ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠭᠠᠳ ᠠᠩᠬᠠᠨ ᠤ ᠮᠠᠲ᠋ᠧᠷᠢᠶᠠᠯ ᠢ ᠣᠯᠵᠤ᠂ ᠭᠠᠵᠠᠷ ᠲᠠᠷᠢᠶᠠᠨ ᠤ ᠳᠡᠯᠭᠡᠴᠡ ᠶᠢᠨ ᠠᠵᠤ ᠠᠬᠤᠢ ᠶᠢᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠲᠤᠭᠤᠷᠪᠢᠬᠤ ᠳᠤ ᠣᠷᠣᠯᠴᠠᠵᠤ᠂ ᠭᠠᠵᠠᠷ ᠲᠠᠷᠢᠶᠠᠨ ᠤ ᠳᠡᠯᠭᠡᠴᠡ ᠶᠢᠨ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠨ ᠬᠥᠭᠵᠢᠬᠦ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃     ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠤᠴᠢᠷ ᠶᠠᠪᠤᠳᠠᠯ ᠪᠦᠲᠦᠭᠡᠬᠦ ᠪᠠᠷ ᠴᠢᠷᠮᠠᠶᠢᠬᠤ ᠬᠡᠷᠡᠭᠲᠡᠢ   ︽ᠤᠯᠠᠨ ᠲᠦᠮᠡᠨ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠶᠡᠷᠦᠨᠢ ᠬᠠᠶᠢᠷ᠎ᠠ ᠰᠡᠳᠬᠢᠯᠭᠡ ᠲᠠᠢ ᠬᠤᠯᠪᠣᠭᠳᠠᠳᠠᠭ︾᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠲᠥᠯᠥᠭᠡᠯᠡᠭᠴᠢ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠲᠤᠬᠠᠶᠢᠯᠠᠭᠰᠠᠨ ᠠᠵᠢᠯ ᠢᠶᠠᠨ ᠨᠡᠩ ᠴᠢᠷᠮᠠᠶᠢᠨ ᠰᠠᠶᠢᠲᠤᠷ ᠬᠢᠬᠦ ᠬᠡᠷᠡᠭᠲᠡᠢ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠲᠡᠷᠡ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠭᠦᠷᠭᠡ ᠬᠠᠷᠢᠭᠤᠴᠠᠯᠭ᠎ᠠ ᠳᠤ ᠣᠷᠣᠯᠴᠠᠵᠤ᠂ ᠲᠣᠰᠬᠤᠨ ᠤ ᠠᠷᠠᠳ ᠢ ᠲᠦᠷᠦᠯ ᠰᠠᠳᠤᠨ ᠢᠶᠠᠨ ᠪᠣᠯᠭᠠᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠰᠡᠳᠬᠢᠯ ᠲᠠᠯᠪᠢᠵᠤ᠂ ᠬᠠᠶᠢᠷ᠎ᠠ ᠰᠡᠳᠬᠢᠯᠭᠡ ᠪᠠᠷ᠂ ᠬᠦᠴᠦ ᠣᠷᠣᠭᠤᠯᠤᠨ ᠰᠠᠶᠢᠲᠤᠷ ᠬᠢᠵᠡᠢ᠃ ᠠᠷᠠᠳ ᠤᠨ ᠪᠠᠶᠢᠳᠠᠯ ᠢ ᠣᠢᠯᠠᠭᠠᠬᠤ ᠪᠣᠯ ᠲᠡᠭᠦᠨ ᠤ ᠡᠳᠦᠷ ᠪᠦᠷᠢ ᠶᠢᠨ ᠵᠠᠪᠠᠯ ᠬᠢᠬᠦ ᠠᠵᠢᠯ ᠮᠥᠨ᠃ ᠲᠡᠷᠡ ᠣᠯᠠᠨ ᠲᠦᠮᠡᠨ ᠤ ᠲᠥᠯᠥᠭᠡ ᠰᠠᠨᠳᠤᠷᠴᠤ᠄ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ ᠳᠤ ᠰᠤᠷᠪᠤᠯᠵᠢᠯᠠᠨ ᠲᠣᠬᠤᠨᠢᠭᠤᠯᠵᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ᠂ ᠬᠢᠨᠠᠨ ᠬᠡᠮᠵᠢᠬᠦ ᠡᠷᠦᠬᠡ ᠶᠢ ᠬᠠᠪᠰᠤᠷᠤᠨ ᠤᠳᠠᠭᠠᠨ ᠴᠢᠨᠠᠷᠲᠠᠢ ᠡᠪᠡᠳᠴᠢᠨ ᠤ ᠦᠨᠡᠮᠯᠡᠯ ᠬᠢᠯᠭᠡᠵᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠨ ᠮᠡᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠬᠥᠮᠥᠰ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠪᠠ ᠬᠦᠢᠲᠡᠨ ᠢ ᠰᠡᠷᠭᠡᠶᠢᠯᠡᠬᠦ ᠡᠳ᠋ ᠪᠣᠳᠠᠰ ᠢ ᠵᠣᠬᠢᠴᠠᠭᠤᠯᠤᠨ᠂ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠨᠢ ᠬᠥᠭᠵᠢᠭᠦᠯᠵᠦ᠂ ᠲᠣᠰ ᠪᠡᠶ᠎ᠡ ᠶᠢᠨ ᠠᠵᠢᠯ ᠤᠨ ᠳᠠᠪᠠᠭᠤᠯᠢᠭ ᠢ ᠨᠢ ᠠᠰᠢᠭᠯᠠᠨ᠂ ᠲᠣᠰᠬᠤᠨ ᠤ ᠲᠠᠸᠠᠷ ᠤᠨ ᠲᠡᠮᠳᠡᠭ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠨᠤᠲᠤᠭ ᠤᠨ ᠣᠨᠴᠠ ᠭᠠᠷᠤᠯᠲᠠ ᠶᠢᠨ ᠭᠤᠭᠤᠳ᠂ ᠰᠠᠷᠢᠮᠰᠠᠭ᠂ ᠤᠯᠠᠭᠠᠨ ᠭᠦᠢᠯᠡᠰᠦ ᠶᠢᠨ ᠪᠣᠷᠤᠯᠠᠭᠤᠯᠭ᠎ᠠ ᠶᠢᠨ ᠵᠠᠮ ᠮᠥᠷ ᠢ ᠥᠷᠭᠡᠳᠬᠡᠵᠦ᠂ ᠡᠷᠦᠬᠡ ᠶᠢᠨ ᠳᠤᠮᠳᠠᠴᠢ ᠣᠷᠣᠯᠭ᠎ᠠ ᠶᠢ 1000 ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠶᠢ ᠬᠠᠪᠰᠤᠷᠤᠨ ᠪᠡᠶᠡᠯᠡᠭᠦᠯᠦᠨ᠎ᠡ᠃ ᠲᠡᠷᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠵᠣᠷᠢᠭ ᠰᠠᠨᠠᠭ᠎ᠠ ᠶᠢ ᠲᠤᠬᠠᠶᠢᠯᠠᠭᠰᠠᠨ ᠠᠵᠢᠯ ᠳᠠᠭᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠰᠬᠤᠨ ᠤ ᠺᠠᠳ᠋ᠷ ᠤᠨ ᠰᠡᠳᠬᠢᠯ ᠳᠠᠬᠢ ᠰᠠᠶᠢᠨ ᠤᠳᠤᠷᠢᠳᠤᠯᠭ᠎ᠠ ᠪᠣᠯᠵᠤ᠂ ᠲᠣᠰᠬᠤᠨ ᠤ ᠠᠷᠠᠳ ᠤᠨ ᠰᠡᠳᠬᠢᠯ ᠳᠠᠬᠢ ᠰᠠᠶᠢᠨ ᠱᠦᠵᠢ ᠪᠣᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠥᠳᠡᠭᠡ ᠲᠣᠰᠬᠤᠨ ᠤ ᠵᠠᠰᠠᠯᠲᠠ᠂ ᠣᠷᠴᠢᠨ ᠲᠣᠭᠤᠷᠢᠨ ᠤ ᠵᠠᠰᠠᠯᠲᠠ᠂ ᠠᠵᠤ ᠦᠢᠯᠡᠰ ᠤᠨ ᠲᠦᠷᠦᠯ ᠵᠦᠢᠯ ᠳᠤ ᠣᠷᠣᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠪᠠ᠃     ︽ᠨᠠᠮᠤᠷ ᠤᠨ ᠵᠢᠮᠢᠰ ᠶᠠᠭᠤᠨ ᠤ ᠤᠴᠢᠷ ᠠᠴᠠ ᠪᠣᠯᠤᠭᠰᠠᠨ ᠢ ᠠᠰᠠᠭᠤᠬᠤᠶ᠎ᠠ᠂ ᠬᠠᠪᠤᠷ ᠤᠨ ᠰᠠᠯᠬᠢ ᠪᠣᠷᠣᠭᠠᠨ ᠤ ᠠᠶ᠎ᠠ ᠪᠠᠷ ᠪᠢᠯᠬᠠᠨ᠎ᠠ︾᠃ ᠲᠡᠭᠦᠨ ᠤ ᠠᠵᠢᠯ ᠨᠢ ᠪᠦᠷ ᠤᠳᠤᠷᠢᠳᠤᠯᠭ᠎ᠠ ᠶᠢᠨ ᠵᠥᠪᠰᠢᠶᠡᠷᠡᠯ ᠪᠠ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ᠂ ᠲᠡᠷᠡ᠄ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠣᠯ ᠳᠠᠷᠤᠢ ᠮᠢᠨᠤ ᠲᠡᠮᠡᠴᠡᠯ ᠤᠨ ᠬᠦᠴᠦᠨ ᠴᠢᠳᠠᠯ ᠤᠨ ᠡᠬᠢ ᠪᠤᠯᠠᠭ ᠮᠥᠨ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡ ᠬᠦᠨᠳᠦ ᠵᠠᠮ ᠬᠤᠯᠠ ᠪᠠᠶᠢᠨ᠎ᠠ᠂ ᠡᠷᠬᠡᠪᠰᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠤᠯᠠᠨ ᠲᠦᠮᠡᠨ ᠤ ᠥᠭᠦᠯᠡᠭᠴᠢ ᠶᠢ ᠰᠠᠶᠢᠲᠤᠷ ᠬᠢᠵᠦ᠂ ᠨᠡᠩ ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠡᠳᠬᠢᠯ ᠲᠠᠯᠪᠢᠨ ᠰᠡᠳᠬᠢᠯᠭᠡ ᠪᠠᠷ ᠢᠶᠠᠨ ᠨᠢᠭᠡᠨ ᠬᠢᠷᠢ ᠲᠡᠩᠴᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠠᠬᠢᠨ ᠪᠠᠷᠠᠯᠠᠭᠴᠢ ᠪᠣᠯᠬᠤ ᠬᠡᠷᠡᠭᠲᠡᠢ ᠭᠡᠵᠦ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号