2023 ᠣᠨ ᠤ ᠲᠦᠴᠢᠤᠸᠠᠨ ᠰᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/1/9
      -- 2023 ᠣᠨ ᠤ 1 ᠰᠠᠷ᠎ᠠ ᠶᠢᠨ 6 ᠤ ᠡᠳᠦᠷ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ                                                 ᠰᠢᠶᠠᠨ ᠤ ᠳᠠᠷᠤᠭ᠎ᠠ ᠸᠠᠩ ᠶᠦᠩ ᠵᠢᠶᠠ  ᠲᠥᠯᠥᠭᠡᠯᠡᠭᠴᠢᠳ ᠠ᠋᠄    ᠤᠳᠤ ᠪᠢ ᠰᠢᠶᠠᠨ ᠤ ᠠᠷᠠᠳ ᠤᠨ ᠵᠠᠰᠠᠭ ᠤᠨ ᠤᠷᠳᠦᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠃ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯᠳᠤᠭᠠᠨ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠭᠠᠷᠭᠠᠬᠤ ᠪᠣᠯᠪᠠᠤ᠃  2022 ᠣᠨ ᠤ ᠠᠵᠢᠯ ᠤᠨ ᠡᠷᠭᠢᠴᠡᠭᠦᠯᠦᠯ  2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠡᠯᠳᠤᠭᠰᠠᠨ ᠵᠢᠯ ᠮᠥᠨ᠂ ᠪᠠᠰᠠ ᠴᠤ ᠮᠠᠨ ᠤ ᠰᠢᠶᠠᠨ ᠤ ᠠᠵᠠ ᠲᠣᠬᠢᠶᠠᠯ ᠢ ᠠᠮᠵᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠥᠭᠵᠢᠯᠲᠡ ᠪᠠᠨ ᠲᠦᠷᠭᠡᠳᠬᠡᠬᠦ‍ ᠨᠢᠭᠡ ᠵᠢᠯ ᠮᠥᠨ᠃ ᠲᠡᠦᠬᠡ ᠶᠢᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠤᠨ ᠡᠮᠦᠨ᠎ᠡ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠵᠠᠬᠢᠷᠭ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠭᠡᠳ ᠢᠯᠡᠳᠲᠡ ᠦᠷ᠎ᠡ ᠪᠦᠲᠦᠮᠵᠢ ᠣᠯᠪᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 94 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠨ᠎ᠡ︔ ᠲᠣᠭᠲᠠᠮᠠᠯ ᠬᠦ᠋ᠷᠦᠩᠬ᠋ᠡ ᠶᠢᠨ ᠪᠡᠯᠡ ᠣᠷᠣᠭᠤᠯᠤᠯᠲᠠ ᠶᠢ 56 ᠳ᠋ᠦᠩᠰᠢᠭᠤᠷ ᠲᠥᠭᠦᠷᠢᠭ ᠪᠡᠶᠡᠯᠡᠭᠦᠯᠵᠦ᠂ 50% ᠪᠠᠷ ᠨᠡᠮᠡᠭᠳᠡᠭᠦᠯᠦᠨ᠎ᠡ ; ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 15% ᠪᠠᠷ ᠨᠡᠮᠡᠭᠳᠡᠭᠦᠯᠦᠨ᠎ᠡ ; ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 14 ᠳ᠋ᠦᠩᠰᠢᠭᠤᠷ ᠲᠥᠭᠦᠷᠢᠭ ᠲᠤ ᠬᠦᠷᠴᠦ᠂ 3% ᠪᠠᠷ ᠨᠡᠮᠡᠭᠳᠡᠪᠡ ; ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 38 ᠳ᠋ᠦᠩᠰᠢᠭᠤᠷ ᠲᠥᠭᠦᠷᠢᠭ ᠪᠡᠶᠡᠯᠡᠭᠦᠯᠵᠦ᠂ 9% ᠪᠠᠷ ᠨᠡᠮᠡᠭᠳᠡᠭᠦᠯᠪᠡ ; ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 33708 ᠲᠥᠭᠦᠷᠢᠭ ᠪᠠ 14625 ᠲᠥᠭᠦᠷᠢᠭ ᠪᠡᠶᠡᠯᠡᠭᠦᠯᠵᠦ᠂ 6% ᠪᠠ 8% ᠪᠠᠷ ᠨᠡᠮᠡᠭᠳᠡᠪᠡ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠴᠥᠮ ᠪᠦᠬᠦ ᠠᠶᠢᠮᠠᠭ ᠤᠨ ᠡᠩᠨᠡᠭᠡᠨ ᠳᠤ ᠤᠷᠤᠪᠡ᠃    ᠨᠢᠭᠡ᠂ ᠨᠡᠮᠡᠭᠳᠡᠯ ᠤᠨ ᠬᠥᠳᠡᠯᠭᠡᠭᠦᠷ ᠢ ᠢᠳᠡᠪᠬᠢᠲᠡᠢ ᠪᠠᠷ ᠪᠣᠶᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠪᠡᠯᠡ ᠣᠷᠣᠭᠤᠯᠤᠯᠲᠠ ᠶᠢ ᠠᠳᠬᠤᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠶᠠᠨ ᠤ ᠬᠡᠪᠴᠢᠶᠡᠨ ᠤ ᠬᠥᠭᠵᠢᠯᠲᠡ ᠶᠢᠨ ᠨᠥᠭᠡᠴᠡ ᠬᠦᠴᠦᠨ ᠢ ᠨᠡᠩ ᠭᠦᠢᠴᠡᠳ ᠪᠣᠯᠭᠠᠨ᠎ᠠ᠃ ᠪᠡᠯᠡ ᠣᠷᠣᠭᠤᠯᠤᠯᠲᠠ ᠶᠢ ᠪᠦᠬᠦ ᠲᠠᠯ᠎ᠠ ᠪᠠᠷ ᠳᠠᠶᠢᠴᠢᠯᠠᠪᠠ᠃ ᠳᠡᠭᠡᠭᠰᠢ 34 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠯᠵᠤ᠂ ᠠᠳᠠᠯᠢ ᠬᠤᠭᠤᠴᠠᠭᠠᠨ ᠤ  ᠬᠢ ᠠᠴᠠ 14% ᠪᠠᠷ ᠨᠡᠮᠡᠭᠳᠡᠪᠡ︔ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 5 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 328% ᠪᠠᠷ ᠨᠡᠮᠡᠭᠳᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 28.8 ᠳ᠋ᠦᠩᠰᠢᠭᠤᠷ ᠲᠥᠭᠦᠷᠢᠭ ᠲᠣᠬᠢᠷᠠᠭᠤᠯᠵᠤ᠂ 17% ᠪᠠᠷ ᠨᠡᠮᠡᠭᠳᠡᠭᠦᠯᠦᠨ᠎ᠡ᠃ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢ 40 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ 14% ᠪᠠᠷ ᠨᠡᠮᠡᠭᠳᠡᠭᠦᠯᠦᠨ᠎ᠡ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 28.6 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠵᠠᠷᠤᠯᠭ᠎ᠠ ᠶᠢᠨ 72% ᠢ ᠡᠵᠡᠯᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠠᠯᠪᠢᠭᠰᠠᠨ ᠵᠢᠭᠡᠯᠡᠯᠭᠡ 45.7 ᠳ᠋ᠦᠩᠰᠢᠭᠤᠷ ᠲᠥᠭᠦᠷᠢᠭ ᠲᠤ ᠬᠦᠷᠴᠦ᠂ ᠵᠢᠭᠡᠯᠡᠯᠭᠡ ᠶᠢᠨ ᠦᠯᠡᠳᠡᠪᠦᠷᠢ 50.6 ᠳ᠋ᠦᠩᠰᠢᠭᠤᠷ ᠲᠥᠭᠦᠷᠢᠭ ᠲᠤ ᠬᠦᠷᠴᠦ᠂ 76%  ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠡᠷᠴᠢᠮ ᠲᠣᠭᠲᠠᠭᠤᠨ ᠢᠶᠠᠷ ᠳᠡᠭᠡᠭᠰᠢᠯᠡᠪᠡ᠃  ᠲᠥᠷᠥᠯ ᠵᠦᠢᠯ ᠢ ᠪᠥᠬᠦ ᠶᠠᠪᠤᠴᠠ ᠪᠠᠷ ᠲᠦᠯᠬᠢᠨ ᠠᠬᠢᠭᠤᠯᠤᠨ᠎ᠠ᠃ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠥᠪᠯᠡᠷᠡᠭᠦᠯᠦᠨ ᠬᠢᠨᠠᠨ ᠵᠥᠪᠰᠢᠶᠡᠷᠡᠵᠦ᠂ ᠲᠥᠷᠥᠯ ᠵᠦᠢᠯ ᠢ ᠡᠬᠢᠯᠡᠭᠦᠯᠬᠦ ᠪᠠ ᠠᠵᠢᠯ ᠢᠶᠠᠨ ᠰᠡᠷᠭᠦᠭᠡᠬᠦ ᠳᠤ ᠪᠥᠬᠦ ᠠᠶᠢᠮᠠᠭ ᠲᠤ ᠲᠡᠷᠢᠭᠦᠯᠡᠪᠡ᠃ 27 ᠠᠶᠢᠮᠠᠭ ᠤᠨ ᠲᠠᠰ ᠤᠨ ᠴᠢᠬᠤᠯᠠ ᠶᠡᠭᠡ ᠲᠥᠷᠥᠯ ᠵᠦᠢᠯ᠂ 85 ᠰᠢᠶᠠᠨ ᠤ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 56 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠮᠠᠯᠲᠠᠵᠤ ᠬᠥᠨᠳᠡᠶᠢᠷᠡᠭᠦᠯᠦᠭᠰᠡᠨ ᠣᠷᠣᠨ᠂ ᠳᠣᠷᠣᠭᠰᠢ ᠰᠠᠭᠤᠭᠰᠠᠨ ᠣᠷᠣᠨ ᠢ ᠵᠠᠰᠠᠬᠤ ᠲᠥᠷᠥᠯ ᠵᠦᠢᠯ ᠤᠨ ᠣᠨ ᠤ ᠪᠡᠯᠡ ᠣᠷᠣᠭᠤᠯᠤᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠲᠦᠴᠢᠦᠸᠠᠨ ᠤ ᠲᠠᠢ ᠫᠢᠩ ᠨᠢᠰᠬᠡᠯ ᠤᠨ ᠪᠠᠭᠤᠳᠠᠯ ᠤᠨ ᠲᠤᠬᠠᠢ ᠶᠢᠨ ᠵᠢᠯ ᠤᠨ ᠪᠦᠲᠦᠭᠡᠨ ᠪᠠᠶᠢᠭᠤᠯᠤᠯᠲᠠ᠂ ᠲᠤᠬᠠᠢ ᠶᠢᠨ ᠵᠢᠯ ᠤᠨ ᠠᠩᠬᠠᠨ ᠤ ᠠᠶᠠᠯᠠᠯ ᠨᠢ ᠪᠦᠬᠦ ᠰᠢᠶᠠᠨ ᠤ ᠠᠷᠠᠳ ᠲᠦᠮᠡᠨ ᠤ ᠤᠯᠠᠨ ᠵᠢᠯ ᠤᠨ ᠬᠦᠰᠡᠭᠰᠡᠭᠡᠷ ᠢᠷᠡᠭᠰᠡᠨ ︽ᠠᠭᠠᠷ ᠤᠨ ᠠᠶᠠᠯᠠᠯ ᠤᠨ ᠵᠡᠭᠦᠳᠦ︾  ᠶᠢ ᠲᠡᠷᠭᠡᠯᠰᠢᠭᠦᠯᠵᠡᠢ᠃ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠵᠡᠷᠭᠡ 49 ᠵᠦᠢᠯᠡᠰ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠵᠤ᠂ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃ ᠪᠦᠬᠦ ᠬᠦᠷᠢᠶᠡᠨ ᠳᠤ ᠠᠮᠢᠵᠢᠷᠠᠯ ᠤᠨ ᠬᠦᠴᠦᠨ ᠢ‌‍ᠪᠥ᠋ᠬᠦ ᠠᠶᠢᠮᠠᠭ ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠬᠦ ᠳᠤ ᠣᠷᠣᠯᠴᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠲᠥᠰᠥᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠬᠠᠲᠠᠭᠤ ᠴᠥᠮ᠎ᠡ ᠶᠢᠨ 20 ᠵᠦᠢᠯ ᠤᠨ ᠠᠷᠭ᠎ᠠ ᠬᠡᠮᠵᠢᠶ᠎ᠡ ᠶᠢ ᠰᠢᠨ᠎ᠡ ᠪᠠᠷ ᠡᠭᠦᠳᠦᠨ ᠭᠠᠷᠭᠠᠪᠠ᠃ ᠠᠵᠤ ᠠᠬᠤᠶᠢᠯᠠᠯ ᠳᠤ ᠣᠷᠣᠵᠤ ᠬᠡᠷᠡᠭᠴᠡᠭᠡ ᠶᠢ ᠠᠰᠠᠭᠤᠬᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠲᠠᠶᠢᠯᠬᠤ ᠠᠵᠢᠯ ᠢ ᠬᠡᠪ ᠤᠨ ᠪᠠᠶᠢᠳᠠᠯ ᠢᠶᠠᠷ ᠥᠷᠨᠢᠭᠦᠯᠵᠦ᠂ 3434 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠵᠤ᠂ 3095 ᠲᠦᠮᠡᠨ ᠲᠥᠭᠦᠷᠢᠭ ᠤᠨ ᠭᠠᠶᠢᠯᠢ ᠶᠢ ᠲᠤᠯᠭᠠᠨ ᠪᠤᠴᠠᠭᠠᠯᠭᠠᠪᠠ᠃ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 92 ᠤᠳᠠᠭ᠎ᠠ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ 200 ᠲᠦᠮᠡᠨ ᠲᠥᠭᠦᠷᠢᠭ ᠲᠠᠷᠬᠠᠭᠠᠪᠠ᠃ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ 44.6 ᠲᠦᠮᠡᠨ ᠲᠥᠭᠦᠷᠢᠭ᠃ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠵᠠᠬ᠎ᠠ ᠳᠡᠯᠭᠡᠭᠦᠷ᠂ ᠨᠡᠷᠡᠨ ᠬᠡᠷᠡᠯᠳᠦ ᠰᠢᠨ᠎ᠡ ᠬᠤᠲᠠ ᠵᠡᠷᠭᠡ ᠠᠷᠠᠳ ᠲᠤ ᠲᠥᠬᠦᠮ ᠦᠵᠡᠭᠦᠯᠬᠦ ᠥᠷᠯᠥᠭᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ 6 ᠭᠠᠵᠠᠷ ᠢ ᠡᠬᠢᠯᠡᠭᠦᠯᠵᠦ᠂ ᠭᠠᠵᠠᠷ ᠲᠠᠷᠢᠶᠠᠨ ᠤ ᠳᠡᠯᠭᠡᠴᠡ ᠶᠢᠨ ᠠᠵᠤ ᠠᠬᠤᠢ ᠦᠷᠭᠦᠯᠵᠢᠯᠡᠨ ᠰᠠᠶᠢᠵᠢᠷᠠᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ 4 ᠰᠢᠨ᠎ᠡ ᠪᠠᠷ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 2093 ᠰᠢᠨ᠎ᠡ ᠪᠠᠷ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠪᠠ᠃    ᠬᠤᠶᠠᠷ᠂ ᠬᠥᠭᠵᠢᠯᠲᠡ ᠶᠢᠨ ᠰᠠᠭᠤᠷᠢ ᠶᠢ ᠪᠠᠲᠤ ᠡᠵᠡᠮᠳᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠪᠴᠢᠶ᠎ᠡ ᠶᠢ ᠥᠷᠭᠡᠳᠬᠡᠵᠦ᠂ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠬᠥᠭᠵᠢᠯᠲᠡ ᠶᠢ ᠲᠦᠷᠭᠡᠨ ᠪᠥᠭᠡᠳ ᠲᠣᠭᠲᠠᠭᠤᠨ ᠢᠶᠠᠷ ᠬᠥᠭᠵᠢᠭᠦᠯᠪᠡ᠃  ᠲᠠᠷᠢᠶᠠᠯᠠᠩ ᠤᠨ ᠦᠷ᠎ᠡ ᠠᠰᠢᠭ ᠢ ᠦᠷᠭᠦᠯᠵᠢᠯᠡᠨ ᠨᠡᠮᠡᠭᠳᠡᠭᠦᠯᠪᠡ᠃ 95 ᠲᠦᠮᠡᠨ ᠮᠦ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠵᠦ᠂ 1500 ᠮᠠᠰᠢᠨ ᠴᠠᠬᠢᠯᠭᠠᠨ ᠤ ᠬᠤᠳᠳᠤᠭ ᠢ ᠰᠡᠯᠪᠢᠨ ᠵᠠᠰᠠᠵᠤ᠂ 35 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ 819 ᠮᠦ ᠲᠠᠷᠢᠶᠠᠨ ᠭᠠᠵᠠᠷ ᠢ ᠨᠡᠮᠡᠵᠦ ᠬᠠᠰᠤᠵᠤ ᠡᠯᠭᠦᠭᠰᠡᠨ ᠲᠥᠷᠥᠯ ᠵᠦᠢᠯ ᠢᠶᠠᠷ ᠳᠠᠬᠢᠨ ᠬᠠᠭᠠᠯᠪᠤᠷᠢᠯᠠᠪᠠ᠃ ᠰᠢᠷ᠎ᠠ ᠪᠤᠷᠴᠠᠭ ᠢ 11 ᠲᠦᠮᠡᠨ ᠮᠦ ᠥᠷᠭᠡᠳᠬᠡᠨ ᠳᠠᠷᠢᠵᠤ᠂ ᠰᠢᠷ᠎ᠠ ᠪᠤᠷᠴᠠᠭ ᠤᠨ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ 1 ᠲᠦᠮᠡᠨ ᠮᠦ ᠳᠠᠷᠢᠨ᠎ᠠ᠃ ᠠᠮᠤ ᠪᠤᠳᠠᠭᠠᠨ ᠤ ᠤᠨᠠᠯᠲᠠ 24 ᠳ᠋ᠦᠩᠰᠢᠭᠤᠷ ᠵᠢᠩ ᠳᠤ ᠬᠦᠷᠴᠦ᠂ ᠲᠤᠯᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ᠃ ᠦᠷ ᠤᠨ ᠲᠤᠶᠠᠭ᠎ᠠ᠂ ᠭᠤᠸᠠᠩ ᠭᠤᠸᠠᠩ ᠲᠦᠮᠡᠨ ᠲᠣᠯᠣᠭᠠᠢ ᠪᠠᠷᠢᠮᠵᠢᠶᠠᠵᠢᠭᠰᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠦᠷᠦᠯ ᠵᠦᠢᠯ ᠢ ᠴᠠᠭ ᠲᠤᠬᠠᠢ ᠳᠤᠨᠢ ᠠᠬᠢᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠠᠭᠠᠳᠬᠠᠯ ᠤᠨ ᠲᠤᠷᠰᠢᠯᠲᠠ ᠶᠢᠨ ᠲᠦᠷᠦᠯ ᠵᠦᠢᠯ ᠢ ᠪᠦᠲᠦᠮᠵᠢᠲᠡᠢ ᠬᠡᠷᠡᠭᠵᠢᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠭᠡᠯᠡᠯᠭᠡ ᠶᠢᠨ ᠳᠠᠮ ᠬᠦᠦ ᠶᠢ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ 120 ᠮᠠᠯ ᠠᠵᠤ ᠠᠬᠤᠢ ᠶᠢ ᠬᠠᠮᠠᠭᠠᠯᠠᠪᠠ᠃ 27.7 ᠲᠦᠮᠡᠨ ᠲᠣᠯᠣᠭᠠᠢ ᠠᠯᠠᠰᠢᠨ ᠰᠠᠭᠠᠯᠢ ᠶᠢᠨ ᠦᠨᠢᠶ᠎ᠡ ᠲᠠᠢ ᠪᠠᠶᠢᠵᠤ᠂ 52% ᠢᠶᠠᠷ ᠨᠡᠮᠡᠭᠳᠡᠪᠡ᠃ 20 ᠠᠶᠢᠮᠠᠭ ᠤᠨ ᠲᠠᠰ ᠤᠨ ᠵᠢᠷᠤᠮᠵᠢᠭᠰᠠᠨ ᠬᠤᠷᠰᠢᠶ᠎ᠠ ᠶᠢ ᠪᠣᠶᠢᠵᠢᠭᠤᠯᠵᠤ᠂ 229 ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢ ᠮᠠᠭᠠᠳᠯᠠᠨ ᠲᠣᠭᠲᠠᠭᠠᠵᠤ᠂ ᠶᠢᠨ ᠵᠤ᠋ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠨᠢ ᠤᠯᠤᠰ ᠤᠨ ᠲᠠᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠪᠠᠷ ᠦᠨᠡᠯᠡᠭᠳᠡᠪᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠪᠠ ᠭᠦᠢᠯᠭᠡᠭᠡᠨ ᠤ ᠠᠵᠤ ᠠᠬᠤᠶᠢᠯᠠᠯ 74 ᠪᠣᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠨᠣᠷᠮ᠎ᠠ ᠶᠢ 42% ᠪᠣᠯᠲᠠᠯ᠎ᠠ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠣᠨᠴᠠ ᠭᠠᠷᠤᠯᠲᠠ ᠶᠢᠨ ᠨᠠᠷᠠᠲᠤ ᠲᠡᠮᠳᠡᠭᠲᠦ ᠶᠢᠨ ᠲᠠᠸᠠᠷ ᠤᠨ ᠲᠡᠮᠳᠡᠭ ᠢ 320 ᠭᠡᠷᠡᠴᠢᠯᠡᠨ ᠨᠤᠲᠠᠯᠠᠵᠤ᠂ ︽ ᠲᠠᠢ ᠾᠧ ᠨᠠᠷᠢᠮᠤ︾ ᠨᠢ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠲᠥᠷᠥᠯ ᠵᠦᠢᠯ ᠤᠨ ᠬᠢᠨᠠᠨ ᠲᠣᠭᠲᠠᠭᠠᠯᠲᠠ ᠳᠤ ᠬᠢᠷᠢ ᠲᠡᠩᠴᠡᠪᠡ᠃  ᠱᠤ᠋ ᠭᠤᠸᠠᠩ᠂ ᠰᠠᠶᠢᠨᠬᠤᠸᠠᠷ ᠲᠣᠭᠤᠷᠢᠭ ᠤᠨ ᠮᠢᠩᠭᠠᠨ ᠮᠦ ᠣᠶᠤᠨᠲᠤ ᠲᠠᠷᠢᠶᠠᠯᠠᠩ ᠤᠨ ᠲᠥᠷᠥᠯ ᠵᠦᠢᠯ ᠢ ᠪᠣᠳᠠᠲᠠᠢ ᠪᠠᠷ ᠡᠬᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠠᠭ ᠲᠤᠬᠠᠢ ᠳᠤᠨᠢ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠵᠢᠯ ᠤᠨ ᠦᠢᠯᠡᠳᠬᠦᠨ ᠤ ᠥᠷᠲᠡᠭ 6.5 ᠳ᠋ᠦᠩᠰᠢᠭᠤᠷ ᠲᠥᠭᠦᠷᠢᠭ ᠲᠤ ᠬᠥᠷᠪᠡ᠃ ᠮᠠᠨ ᠤ ᠰᠢᠶᠠᠨ ᠤᠯᠤᠰ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠰᠢᠯᠭᠠᠷᠠᠭᠤᠯᠤᠯᠲᠠ ᠶᠢᠨ ᠨᠡᠷᠡᠰ ᠲᠤ ᠰᠣᠩᠭᠤᠭᠳᠠᠪᠠ᠃ ᠠᠵᠤ ᠦᠢᠯᠡᠳᠪᠦᠷᠢ ᠲᠣᠭᠲᠠᠭᠤᠨ ᠢᠶᠠᠷ ᠳᠡᠭᠡᠭᠰᠢᠯᠡᠪᠡ᠃ ᠨᠡᠭᠡᠭᠡᠯᠲᠡ ᠶᠢᠨ ᠲᠣᠭᠤᠷᠢᠭ ᠤᠨ ᠣᠶᠤᠨᠲᠤ ᠬᠦᠷᠢᠶᠡᠯᠡᠩ ᠲᠣᠭᠤᠷᠢᠭ ᠤᠨ ᠲᠥᠷᠥᠯ ᠵᠦᠢᠯ᠂ ᠲᠤᠭ᠎ᠠ ᠪᠠᠷᠢᠮᠲᠠ ᠵᠢᠴᠢ ᠬᠢᠨᠠᠨ ᠵᠥᠪᠰᠢᠶᠡᠷᠡᠬᠦ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ᠂ ᠨᠡᠭᠡᠭᠡᠯᠲᠡ ᠶᠢᠨ ᠲᠣᠭᠤᠷᠢᠭ ᠤᠨ ᠵᠢᠯ ᠤᠨ ᠦᠢᠯᠡᠳᠬᠦᠨ ᠤ ᠥᠷᠲᠡᠭ 30 ᠳ᠋ᠦᠩᠰᠢᠭᠤᠷ ᠲᠥᠭᠦᠷᠢᠭ ᠲᠤ ᠬᠥᠷᠪᠡ᠃ 6 ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 14.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠰᠢᠨ᠎ᠡ ᠡᠨᠧᠷᠭᠢ ᠶᠢᠨ ᠰᠤᠷᠪᠤᠯᠵᠢ ᠶᠢ ᠬᠥᠭᠵᠢᠭᠦᠯᠬᠦ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠳᠤᠮᠳᠠᠲᠦ ᠤᠯᠤᠰ ᠤᠨ ᠭᠤᠸᠠᠩᠳᠦᠩ ᠤᠨ ᠴᠦᠮ᠎ᠡ ᠶᠢᠨ ᠡᠨᠧᠷᠭᠢ ᠶᠢᠨ ᠵᠦᠢᠯᠡᠰ ᠤᠨ ᠪᠠᠷᠢᠯᠭ᠎ᠠ ᠶᠢᠨ ᠠᠵᠢᠯ ᠢ ᠰᠡᠷᠭᠦᠭᠡᠵᠦ ᠪᠦᠲᠦᠭᠡᠨ ᠪᠠᠶᠢᠭᠤᠯᠪᠠ᠃ ᠫᠢᠩ ᠴᠤᠸᠠᠨ ᠤ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ᠂  ᠦᠪᠦᠷ ᠮᠤᠩᠭᠤᠯ ᠤᠨ ᠡᠨᠡᠷᠬᠢ  ᠶᠢᠨ ᠰᠤᠷᠪᠤᠯᠵᠢ ᠶᠢᠨ 9 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠠᠵᠢᠯ ᠡᠬᠢᠯᠡᠪᠡ᠃ ᠬᠤᠸᠠ ᠨᠧᠩ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠰᠢᠨ ᠱᠧᠩ 20 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠥᠷᠥᠯ ᠵᠦᠢᠯ ᠢ ᠦᠨᠳᠦᠰᠦᠨ ᠳᠡᠭᠡᠨ ᠳᠠᠭᠤᠰᠬᠠᠪᠠ᠃ ᠲᠤᠶᠢᠯᠲᠤ ᠴᠢᠳᠬᠤᠯᠲᠠ ᠶᠢᠨ ᠠᠵᠤ ᠦᠢᠯᠡᠳᠪᠦᠷᠢ ᠶᠢᠨ ᠮᠠᠰᠢᠨ ᠬᠥᠮᠥᠨ᠂ ᠷᠦᠢᠯ ᠦᠬᠡᠷ ᠬᠤᠨᠢᠨ ᠤ ᠪᠣᠷᠳᠤᠭ᠎ᠠ ᠪᠣᠯᠪᠠᠰᠤᠷᠠᠭᠤᠯᠬᠤ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠯᠢᠦᠢ ᠹᠧᠩ ᠴᠢᠤᠸᠠᠨ ᠤ ᠬᠦᠢᠲᠡᠨ ᠬᠡᠯᠬᠢᠶᠡᠲᠦ ᠪᠣᠯᠪᠠᠰᠤᠷᠠᠭᠤᠯᠬᠤ ᠲᠥᠪ ᠲᠤ 5000 ᠠᠯᠠᠰᠢᠨ ᠦᠬᠡᠷ ᠢ ᠠᠯᠠᠵᠤ ᠨᠢᠲᠤᠯᠵᠠᠢ᠃ ᠮᠣᠭᠠᠢ ᠶᠢᠨ ᠡᠷᠢᠶᠡᠨ ᠴᠢᠯᠠᠭᠤᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ᠳᠤ 2 ᠡᠭᠡᠯᠵᠢ ᠶᠢᠨ ᠦᠢᠯᠡᠳᠪᠦᠷᠢᠵᠢᠭᠦᠯᠬᠦ ᠲᠤᠷᠰᠢᠯᠲᠠ ᠶᠢ ᠪᠡᠶᠡᠯᠡᠭᠦᠯᠪᠡ᠃ ᠰᠢᠩ ᠮᠧᠶ ᠰᠢᠨᠵᠢᠯᠡᠬᠦ ᠤᠬᠠᠭᠠᠨ ᠮᠡᠷᠭᠡᠵᠢᠯ᠂ ᠯᠦᠩ ᠲᠧᠩ ᠤᠨ ᠨᠡᠭᠦᠷᠡᠰᠦ ᠤᠬᠢᠶᠠᠬᠤ ᠳᠦᠷᠢᠮ ᠳᠤ ᠣᠷᠣᠵᠤ ᠲᠠᠰ ᠳᠠᠪᠰᠢᠵᠤ᠂ ᠳᠦᠷᠢᠮ ᠳᠠᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 16 ᠪᠣᠯᠵᠤ᠂ ᠦᠢᠯᠡᠳᠬᠦᠨ ᠤ ᠶᠡᠷᠦᠩᠬᠡᠢ ᠥᠷᠲᠡᠭ 60 ᠳ᠋ᠦᠩᠰᠢᠭᠤᠷ ᠲᠥᠭᠦᠷᠢᠭ ᠲᠤ ᠬᠦᠷᠴᠦ᠂ 45% ᠪᠠᠷ ᠨᠡᠮᠡᠭᠳᠡᠪᠡ᠃ ᠵᠢᠭᠤᠯᠴᠢᠯᠠᠯ ᠤᠨ ᠦᠢᠯᠡᠰ ᠲᠦᠷᠭᠡᠨ ᠰᠢᠪᠲᠤᠯᠤᠯᠲᠠ ᠲᠠᠢ ᠪᠣᠯᠪᠠ᠃ 4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ᠂ ᠡᠷᠳᠡᠨᠢ ᠶᠢᠨ ᠴᠢᠯᠠᠭᠤ᠂ ᠨᠠᠷᠠᠲᠤ ᠬᠥᠮᠥᠰ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠭᠡᠨᠡᠳᠲᠡ ᠶᠢᠨ ᠳᠠᠭᠠᠷᠢᠯᠲᠠ ᠶᠢᠨ ᠬᠥᠪᠥᠮᠡᠯ ᠤᠷᠤᠰᠬᠠᠯ᠂ ᠬᠠᠰᠢᠯᠭ᠎ᠠ ᠶᠢᠨ ᠳᠣᠣᠷᠠᠬᠢ ᠣᠶ ᠰᠢᠭᠤᠢ᠂ ᠬᠠᠯᠢᠮᠤ ᠶᠢᠨ ᠡᠯᠡᠰᠦᠨ ᠲᠠᠩ᠂ ᠲᠤᠲᠤᠷᠭ᠎ᠠ ᠶᠢᠨ ᠵᠡᠭᠦᠳᠦ ᠶᠢᠨ ᠣᠷᠣᠨ ᠵᠠᠢ ᠵᠡᠷᠭᠡ ᠦᠵᠡᠮᠵᠢ ᠶᠢᠨ ᠣᠷᠣᠨ ᠢ ᠠᠰᠢᠭᠯᠠᠯᠲᠠ ᠳᠤ ᠣᠷᠣᠭᠤᠯᠵᠤ᠂ ᠰᠢᠨ᠎ᠡ ᠪᠠᠷ ᠬᠥᠭᠵᠢᠭᠰᠡᠨ ᠰᠦᠯᠵᠢᠶᠡᠨ ᠳᠤ ᠣᠷᠣᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠷᠤᠭᠰᠢ ᠨᠢᠭᠡ ᠠᠯᠬᠤᠮ ᠤᠷᠤᠭᠰᠢᠯᠠᠵᠤ᠂ ︽ᠵᠢᠭᠤᠯᠴᠢᠯᠠᠯ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠠᠭᠪᠤᠷ ᠨᠢ ᠪᠥᠬᠦ ᠠᠶᠢᠮᠠᠭ ᠤᠨ ᠥᠯᠢᠭᠡᠷ ᠳᠠᠭᠤᠷᠢᠶᠠᠯ ᠪᠣᠯᠪᠠ᠃ ᠦᠷ ᠤᠨ ᠲᠤᠶᠠᠭ᠎ᠠ᠂ ᠰᠠᠶᠢᠨᠬᠤᠸᠠᠷ ᠲᠣᠭᠤᠷᠢᠭ ᠤᠨ ᠵᠤᠭᠠᠴᠠᠯ ᠤᠨ ᠰᠠᠭᠤᠷᠢ ᠲᠥᠬᠦᠭᠡᠷᠦᠮᠵᠢ ᠪᠠᠬᠢᠵᠢᠨ ᠲᠡᠭᠦᠯᠳᠡᠷᠵᠢᠪᠡ᠃ ᠦᠵᠦᠮ ᠲᠡᠭᠦᠬᠦ ᠨᠠᠶᠢᠷ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠲᠦᠳᠡᠭ ᠭᠠᠯ ᠤᠨ ᠦᠳᠡᠰᠢᠯᠡᠭᠡ ᠵᠡᠷᠭᠡ ᠪᠠᠶᠠᠷ ᠤᠨ ᠡᠳᠦᠷ ᠤᠨ ᠠᠵᠢᠯᠯᠠᠭ᠎ᠠ ᠶᠢ 10 ᠤᠳᠠᠭ᠎ᠠ ᠡᠷᠬᠢᠯᠡᠵᠦ᠂ ︽ᠪᠤᠯᠠᠭ ᠪᠣᠯ ᠰᠡᠳᠬᠢᠯ︾ ᠭᠡᠬᠦ ᠰᠣᠶᠣᠯ ᠤᠨ ᠡᠭᠦᠳᠦᠯᠲᠡ ᠶᠢᠨ ᠰᠢᠷᠢᠰ ᠲᠠᠸᠠᠷ ᠢ 50 ᠵᠦᠢᠯ ᠰᠤᠳᠤᠯᠤᠨ ᠪᠦᠲᠦᠭᠡᠪᠡ᠃ ᠪᠥᠬᠦ ᠵᠢᠯ ᠳᠤ ᠨᠡᠶᠢᠲᠡ 84.5 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 6.3 ᠳ᠋ᠦᠩᠰᠢᠭᠤᠷ ᠲᠥᠭᠦᠷᠢᠭ ᠲᠤ ᠬᠦᠷᠴᠦ᠂ 35% ᠪᠠᠷ ᠨᠡᠮᠡᠭᠳᠡᠪᠡ᠃    ᠭᠤᠷᠪᠠ᠂ ᠬᠤᠳᠠ ᠬᠥᠳᠡᠭᠡ ᠶᠢᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠦᠷᠢᠯᠡᠵᠦ᠂ ᠵᠡᠷᠭᠡ ᠳᠡᠰ ᠢ ᠳᠡᠭᠡᠭᠰᠢᠯᠡᠭᠦᠯᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠶᠡᠭᠡ ᠪᠠᠷ ᠰᠠᠶᠢᠵᠢᠷᠠᠭᠤᠯᠤᠨ᠎ᠠ᠃  ᠬᠤᠳᠠ ᠶᠢᠨ ᠴᠢᠳᠠᠮᠵᠢ ᠨᠡᠩ ᠲᠡᠭᠦᠯᠳᠡᠷᠵᠢᠪᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠠ ᠬᠤᠳᠠ ᠶᠢᠨ ᠲᠣᠭᠤᠷᠢᠭ ᠤᠨ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠡᠮᠡᠭᠡᠲᠦ ᠭᠤᠣᠯ ᠤᠨ ᠶᠡᠷᠦᠩᠬᠡᠶᠢᠯᠡᠭᠰᠡᠨ ᠵᠠᠰᠠᠯᠲᠠ ᠶᠢᠨ ᠲᠦᠷᠦᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂  ᠡᠮᠦᠨ᠎ᠡ ᠨᠠᠭᠤᠷ ᠤᠨ ᠨᠤᠭᠤ ᠭᠠᠵᠠᠷ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ᠂ ᠭᠤᠣᠯ ᠴᠡᠴᠡᠷᠯᠢᠭ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠂ ᠮᠢᠩ ᠰᠢᠩ ᠴᠡᠴᠡᠷᠯᠢᠭ ᠤᠨ ᠵᠤᠭᠠᠴᠠᠯ ᠤᠨ ᠬᠦᠷᠢᠶᠡᠯᠡᠩ ᠢ ᠪᠠᠶᠢᠭᠤᠯᠤᠨ ᠪᠦᠲᠦᠭᠡᠵᠦ᠂ ᠡᠮᠦᠨ᠎ᠡ ᠲᠣᠭᠤᠷᠢᠭ ᠤᠨ ᠬᠤᠳᠠ ᠶᠢᠨ ᠨᠣᠭᠤᠭ᠎ᠠ ᠶᠢᠨ ᠬᠦᠷᠢᠶᠡᠯᠡᠩ ᠢ ᠰᠠᠭᠤᠭᠠᠯᠢ ᠠᠷᠠᠳ ᠤᠨ ᠰᠡᠯᠡᠭᠦᠴᠡᠯ ᠤᠨ ᠺᠠᠷᠲᠯᠠᠬᠤ ᠭᠠᠵᠠᠷ᠂ ᠬᠤᠳᠠ ᠶᠢᠨ ᠬᠦᠷᠢᠶᠡᠯᠡᠩ ᠢ ᠨᠢᠭᠡ ᠴᠣᠭᠴᠠᠵᠢᠭᠤᠯᠤᠭᠰᠠᠨ ᠬᠡᠯᠪᠡᠷᠢ ᠶᠢᠨ ᠠᠩᠬ᠎ᠠ ᠠᠯᠬᠤᠮ ᠤᠨ ᠪᠦᠲᠦᠴᠡ ᠪᠣᠯᠭᠠᠪᠠ᠃ ᠠᠮᠢ ᠠᠬᠤᠢ ᠶᠢᠨ ᠲᠡᠷᠭᠡ ᠵᠣᠭᠰᠤᠭᠠᠬᠤ ᠪᠠᠶᠢᠷᠢ ᠶᠢ 252 ᠪᠠᠶᠢᠭᠤᠯᠤᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠲᠠᠯᠠᠪᠠᠢ ᠶᠢ 16.8 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ 4 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ᠎ᠡ᠃ ᠭᠠᠳᠠᠷ ᠲᠠᠯ᠎ᠠ ᠶᠢ ᠳᠡᠪᠢᠰᠬᠦ᠂ ᠤᠰᠤᠨ ᠵᠠᠮ ᠢ ᠭᠠᠵᠠᠷ ᠲᠤ ᠣᠷᠣᠭᠤᠯᠬᠤ᠂ ᠬᠤᠭᠤᠯᠠᠢ ᠶᠢᠨ ᠲᠣᠣᠷ ᠢ ᠥᠭᠡᠷᠡᠴᠢᠯᠡᠬᠦ ᠵᠡᠷᠭᠡ ᠵᠠᠮ ᠤᠨ ᠲᠣᠣᠷ ᠤᠨ ᠢᠨᠵᠧᠨᠧᠷᠢᠩ ᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠵᠤ᠂ ᠬᠢᠩᠭᠠᠨ ᠵᠡᠭᠡᠯᠢ᠂ ᠰᠢᠨᠬᠤᠸᠠ ᠵᠠᠮ ᠵᠡᠷᠭᠡ 9 ᠵᠤᠷᠪᠤᠰ ᠵᠡᠭᠡᠯᠢ ᠵᠠᠮ ᠢ ᠳᠡᠰ ᠳᠡᠪᠰᠢᠭᠦᠯᠦᠨ ᠳᠡᠰ ᠳᠡᠪᠰᠢᠭᠦᠯᠪᠡ᠃ ᠬᠤᠲᠠ ᠶᠢᠨ ᠲᠣᠭᠤᠷᠢᠭ ᠤᠨ ᠭᠤᠣᠯ ᠵᠠᠮ ᠳᠡᠭᠡᠷ᠎ᠡ ᠵᠠᠮ ᠬᠠᠷᠢᠯᠴᠠᠭᠠᠨ ᠤ ᠳᠤᠬᠢᠶᠠᠨ ᠳ᠋ᠧᠩ ᠢ ᠪᠦᠬᠦᠨ ᠢ ᠪᠦᠷᠬᠦᠭᠦᠯᠬᠦ ᠶᠢ ᠲᠣᠭᠲᠠᠩᠭᠤᠢ ᠲᠡᠷᠭᠡ ᠵᠣᠭᠰᠤᠭᠠᠬᠤ ᠶᠢ ᠬᠢᠨᠠᠨ ᠬᠠᠮᠢᠶᠠᠷᠬᠤ᠂ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠴᠡᠭᠴᠡᠯᠡᠨ ᠵᠠᠰᠠᠬᠤ᠂ ᠰᠠᠭᠤᠷᠢ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠨᠠᠷᠢᠯᠢᠭ ᠣᠨᠣᠴᠠᠲᠠᠢ ᠪᠥᠭᠡᠳ ᠬᠡᠪ ᠤᠨ ᠪᠠᠶᠢᠳᠠᠯ ᠲᠠᠢ ᠪᠠᠶᠢᠯᠭᠠᠬᠤ᠂ ᠠᠮᠢᠳᠤᠷᠠᠯ ᠤᠨ ᠬᠤᠭ ᠨᠣᠪᠰᠢ ᠶᠢ ᠡᠳᠦᠷ ᠠᠴᠠ ᠡᠳᠦᠷ ᠴᠡᠪᠡᠷᠯᠡᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠣᠭᠲᠠᠭᠤᠨ ᠢᠶᠠᠷ ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠪᠠᠲᠤᠳᠬᠠᠬᠤ ᠶᠢᠨ ᠲᠣᠭᠤᠷᠢᠨ ᠳᠤ᠂ ᠪᠠᠶᠢᠩᠭᠤᠵᠢᠭᠤᠯᠤᠭᠰᠠᠨ ᠬᠥᠳᠡᠯᠦᠩᠭᠦᠢ ᠬᠢᠨᠠᠨ ᠬᠡᠮᠵᠢᠯᠲᠡ᠂ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ᠂ ᠶᠠᠳᠠᠭᠤ   ᠠᠴᠠ ᠠᠩᠭᠢᠵᠢᠷᠠᠭᠤᠯᠬᠤ ᠡᠷᠦᠬᠡ᠂ ᠬᠢᠨᠠᠨ ᠬᠡᠮᠵᠢᠬᠦ ᠡᠷᠦᠬᠡ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 15224 ᠲᠥᠭᠦᠷᠢᠭ ᠲᠤ ᠬᠦᠷᠴᠦ᠂ 18.5% ᠪᠠᠷ ᠨᠡᠮᠡᠭᠳᠡᠨ᠂ ᠳᠠᠬᠢᠨ ᠶᠠᠳᠠᠭᠤᠷᠠᠭᠰᠠᠨ ᠦᠭᠡᠢ ᠮᠥᠷᠲᠡᠭᠡᠨ ᠶᠠᠳᠠᠭᠤᠷᠠᠭᠰᠠᠨ ᠦᠭᠡᠢ᠃ 4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠡᠯᠡ ᠮᠥᠩᠭᠦ ᠶᠢ ᠵᠣᠯᠭᠠᠭᠤᠯᠬᠤ᠂ ᠪᠡᠭᠡᠵᠢᠩ ᠥᠪᠥᠷ ᠮᠣᠩᠭᠤᠯ ᠬᠠᠮᠵᠢᠯᠴᠠᠬᠤ᠂ ᠴᠢᠭ ᠲᠣᠭᠲᠠᠭᠠᠨ ᠬᠠᠪᠰᠤᠷᠤᠨ ᠲᠡᠳᠬᠦᠬᠦ 119 ᠲᠥᠷᠥᠯ ᠵᠦᠢᠯ ᠢ ᠬᠡᠷᠡᠭᠵᠢᠭᠦᠯᠪᠡ᠃ ᠬᠦᠢᠲᠡᠨ ᠰᠣᠷᠭᠤᠭ ᠢᠳᠡᠭᠡᠨ ᠤ ᠬᠥᠮᠥᠷᠭᠡ᠂ ᠵᠢᠵᠢᠭ ᠬᠡᠯᠪᠡᠷᠢ ᠶᠢᠨ ᠬᠡᠷᠡᠯ ᠴᠡᠨᠡᠭ ᠤᠨ ᠴᠠᠬᠢᠯᠭᠠᠨ ᠥᠷᠲᠡᠭᠡ ᠵᠡᠷᠭᠡ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠰᠧ ᠵᠢᠶᠠ ᠽᠢ ᠲᠣᠰᠬᠤᠨ ᠤ ᠤᠰᠤ ᠬᠠᠩᠭᠠᠬᠤ ᠤᠰᠤ ᠵᠠᠯᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠰᠢᠨ ᠾᠧ ᠲᠣᠰᠬᠤᠨ ᠵᠡᠷᠭᠡ 3 ᠲᠣᠰᠬᠤᠨ ᠤ ᠬᠥᠮᠥᠨ ᠮᠠᠯ ᠢ ᠰᠠᠯᠭᠠᠬᠤ ᠲᠤᠷᠰᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ 345 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ᠂ 157 ᠺᠢᠯᠣᠮᠧᠲᠷ ᠤᠨ ᠴᠠᠬᠢᠯᠭᠠᠨ ᠬᠦᠴᠦᠨ ᠤ ᠱᠤᠭᠤᠮ᠂ 70 ᠺᠢᠯᠣᠮᠧᠲᠷ ᠤᠨ ᠬᠥᠳᠡᠭᠡ ᠲᠣᠰᠬᠤᠨ ᠤ ᠵᠠᠮ ᠢ ᠥᠭᠡᠷᠡᠴᠢᠯᠡᠨ ᠵᠠᠰᠠᠪᠠ᠃ ᠵᠠᠰᠠᠭ ᠵᠠᠬᠢᠷᠭᠠᠨ ᠤ ᠲᠣᠰᠬᠤᠨ ᠤ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ ᠲᠥᠯᠦᠪᠵᠢᠭᠦᠯᠭᠡ ᠶᠢ ᠪᠦᠬᠦᠨ ᠢ ᠦᠵᠡᠰᠬᠦᠯᠡᠩᠲᠦ ᠰᠠᠶᠢᠬᠠᠨ ᠫᠧᠷᠰ ᠤᠳᠪᠠᠯᠠ ᠵᠠᠮ ᠳᠠᠭᠠᠤ ᠳᠡᠯᠭᠡᠷᠡᠨ᠎ᠡ᠃ ᠶᠢᠨ ᠰᠢᠩ᠂ ᠪᠦᠦ ᠴᠧᠩ ᠵᠡᠷᠭᠡ 7 ᠲᠣᠰᠬᠤᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠣᠯᠪᠠ᠃ ᠣᠷᠣᠯᠠᠨ ᠲᠠᠷᠢᠵᠤ ᠣᠷᠣᠯᠠᠨ ᠲᠠᠷᠢᠬᠤ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠪᠡ᠃ ᠶᠡᠭᠡ ᠰᠢᠳ᠂ ᠨᠠᠩᠭᠢ ᠡᠷᠳᠡᠨᠢ ᠰᠢᠰᠢ᠂ ᠪᠣᠷᠣ ᠰᠠᠷᠢᠮᠰᠠᠭ ᠵᠡᠷᠭᠡ ᠪᠠᠶᠠᠵᠢᠯ ᠤᠨ ᠠᠵᠤ ᠦᠢᠯᠡᠰ ᠲᠦᠷᠭᠡᠨ ᠢᠶᠠᠷ ᠬᠥᠭᠵᠢᠪᠡ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠪᠦᠬᠦ ᠰᠢᠶᠠᠨ ᠤ ᠵᠠᠰᠠᠭ ᠵᠠᠬᠢᠷᠭᠠᠨ ᠤ ᠭᠠᠴᠠᠭ᠎ᠠ ᠴᠥᠮ 20 ᠲᠦᠮᠡᠨ ᠲᠥᠭᠦᠷᠢᠭ ᠢ ᠳᠠᠪᠠᠵᠠᠢ᠃ ᠦ᠋ ᠰᠠᠨ᠂ ᠳ᠋ᠦᠩ ᠴᠢᠤᠸᠠᠨ ᠵᠡᠷᠭᠡ 19 ᠲᠣᠰᠬᠤᠨ ᠬᠦᠷᠢᠶᠡᠨ ᠤ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠰᠬᠤᠨ ᠪᠣᠯᠪᠠ᠃ ︽ᠲᠦᠷᠪᠡᠨ ᠬᠦᠳᠡᠭᠡ ᠶᠢᠨ ᠢᠨᠵᠧᠨᠧᠷᠢᠩ︾ ② ᠢ ᠯᠠᠪᠳᠠᠭᠤᠨ ᠪᠠᠲᠤᠲᠠᠢ ᠥᠷᠨᠢᠭᠦᠯᠵᠦ᠂ ︽ᠵᠢᠷᠭᠤᠭ᠎ᠠ ᠶᠢ ᠭᠠᠴᠠᠭ᠎ᠠ ᠡᠷᠦᠬᠡ ᠳᠤ ᠬᠦᠷᠭᠡᠬᠦ︾ ᠠᠵᠢᠯ ᠢ ᠭᠦᠨᠵᠡᠭᠡᠢ ᠬᠡᠷᠡᠭᠵᠢᠭᠦᠯᠪᠡ᠃ ᠰᠢᠨ ᠹᠧᠩ᠂ ᠯᠢᠦ ᠾᠧ ᠵᠡᠷᠭᠡ 10 ᠲᠣᠰᠬᠤᠨ ᠳᠤ ︽ᠨᠠᠷᠢᠨ ᠲᠠᠩᠰᠠ ᠶᠢᠨ ᠳᠦᠷᠢᠮ︾ ︽ᠬᠤᠪᠢ ᠬᠤᠷᠠᠮᠳᠤᠭᠤᠯᠬᠤ ᠳᠦᠷᠢᠮ︾ ᠢ ᠲᠤᠷᠰᠢᠨ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠾᠧ ᠹᠠ ᠲᠣᠰᠬᠤᠨ ᠢ ᠪᠥᠬᠦ ᠤᠯᠤᠰ ᠤᠨ ᠲᠣᠰᠬᠤᠨ ᠤ ᠲᠠᠰ ᠤᠨ ︽ᠪᠣᠯᠪᠠᠰᠤᠨ ᠰᠢᠶᠠᠩ ᠤᠨ ᠰᠤᠷᠲᠠᠯ ᠤᠨ ᠪᠠᠶᠢᠭᠤᠯᠤᠯᠲᠠ︾ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠪᠡ᠃ ᠪᠥᠬᠦ ᠤᠯᠤᠰ ᠤᠨ ᠠᠩᠬᠠᠳᠠᠭᠴᠢ ᠰᠢᠶᠠᠨ ᠤ ᠱᠠᠲᠤᠨ ᠤ ᠲᠠᠷᠢᠶᠠᠯᠠᠩ ᠤᠨ ᠴᠠᠭ ᠠᠭᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ᠂ ᠣᠶᠤᠨᠲᠤ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠣᠷᠣᠨ ᠲᠦᠴᠢᠦᠸᠠᠨ ᠳᠤ ᠪᠠᠶᠢᠭᠤᠯᠤᠭᠳᠠᠪᠠ᠃ ᠠᠮᠢ ᠠᠬᠤᠢ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠢᠳᠪᠦᠷᠢᠳᠤ ᠲᠠᠶᠢᠨ ᠢ ᠭᠦᠨᠵᠡᠭᠡᠢ ᠰᠠᠶᠢᠲᠤᠷ ᠬᠢᠵᠦ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢ ᠱᠠᠯᠠᠪᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠪᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ  ᠲᠦᠷᠦᠯ ᠵᠦᠢᠯ ᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠪᠣᠬᠢᠷᠳᠤᠯ ᠶᠡᠬᠡᠲᠡᠢ ᠲᠦᠯᠡᠰᠢ ᠶᠢ ᠰᠢᠲᠠᠬᠤ ᠶᠢ ᠴᠠᠭᠠᠵᠠᠯᠠᠬᠤ ᠣᠷᠣᠨ ᠢ ᠵᠠᠭᠠᠭᠯᠠᠨ ᠲᠣᠭᠲᠠᠭᠠᠵᠤ ᠬᠡᠷᠡᠭᠵᠢᠭᠦᠯᠦᠨ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠠᠭᠤᠰᠴᠤ᠂ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ 4 ᠦᠷᠳᠡᠭᠡ ᠶᠢ ᠠᠰᠢᠭᠯᠠᠯᠲᠠ ᠳᠤ ᠣᠷᠣᠭᠤᠯᠵᠤ᠂ ᠠᠶᠤᠯ ᠲᠠᠢ ᠬᠠᠶᠠᠭᠳᠠᠮᠠᠯ ᠪᠣᠳᠠᠰ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠬᠠᠮᠢᠶᠠᠷᠪᠠ᠃ ᠬᠥᠷᠥᠰᠥ ᠰᠢᠷᠣᠢ ᠶᠢ ᠬᠠᠮᠠᠭᠠᠯᠠᠬᠤ ᠲᠠᠯᠠᠪᠠᠶ ᠶᠢ 15 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ 6 ᠲᠦᠮᠡᠨ ᠮᠦ ᠮᠣᠳᠣ ᠳᠠᠷᠢᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ 29.18% ᠳᠤ ᠬᠦᠷᠴᠡᠢ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ 90%᠂ ᠠᠭᠠᠷ ᠰᠠᠶᠢᠨ ᠡᠳᠦᠷ ᠤᠨ ᠲᠤᠭ᠎ᠠ 97% ᠪᠠᠶᠢᠵᠤ᠂ ᠤᠯᠤᠰ ᠤᠨ ᠡᠵᠡᠮᠳᠡᠯ ᠤᠨ ᠬᠢᠨᠠᠨ ᠬᠡᠮᠵᠢᠯᠲᠡ ᠶᠢᠨ ᠣᠭᠲᠣᠯᠣᠭᠠᠰᠤ ᠶᠢᠨ ᠤᠰᠤᠨ ᠤ ᠴᠢᠨᠠᠷ ᠢ ᠭᠤᠷᠪᠠᠳᠤᠭᠠᠷ ᠲᠥᠷᠥᠯ ᠠᠴᠠ ᠳᠡᠭᠡᠭᠰᠢ ᠪᠠᠶᠢᠯᠭᠠᠬᠤ ᠶᠢ ᠪᠠᠲᠤᠯᠠᠪᠠ᠃    ᠳᠥᠷᠪᠡ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠳᠤ ᠪᠤᠶᠠᠨ ᠵᠢᠷᠭᠠᠯ ᠶᠢ ᠨᠡᠶᠢᠳᠡᠮ ᠬᠦᠷᠲᠡᠭᠡᠨ᠎ᠡ᠃ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃  ᠲᠦᠷᠪᠡᠳᠦᠭᠡᠷ ᠬᠡᠤᠬᠡᠳ ᠤᠨ ᠴᠡᠴᠡᠷᠯᠢᠭ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ᠂ ᠵᠢᠦᠢ ᠯᠢ ᠶᠢᠨ ᠪᠠᠭᠰᠢ ᠶᠢᠨ ᠡᠷᠭᠢᠯᠲᠡ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠢᠷᠭᠤᠳᠤᠭᠠᠷ ᠬᠡᠤᠬᠡᠳ ᠤᠨ ᠴᠡᠴᠡᠷᠯᠢᠭ᠂ ᠲᠤᠯᠤᠳᠤᠭᠠᠷ ᠬᠡᠤᠬᠡᠳ ᠤᠨ ᠴᠡᠴᠡᠷᠯᠢᠭ ᠦᠨᠳᠦᠰᠦᠨ ᠳᠡᠭᠡᠨ ᠪᠠᠷᠢᠯᠭ᠎ᠠ ᠳᠠᠭᠤᠰᠴᠤ᠂ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠲᠣᠮᠳᠠᠳᠤ ᠰᠤᠷᠭᠠᠭᠤᠯᠢ ᠶᠢᠨ ᠬᠤᠶᠠᠳᠤᠭᠠᠷ ᠰᠤᠷᠭᠠᠭᠤᠯᠢ ᠶᠢᠨ ᠲᠣᠭᠤᠷᠢᠭ ᠤᠨ ᠲᠥᠷᠥᠯ ᠵᠦᠢᠯ ᠢ ᠴᠠᠭ ᠳᠠᠷᠠᠭᠠᠯᠠᠨ ᠠᠬᠢᠭᠤᠯᠵᠤ᠂ 6 ᠰᠤᠷᠭᠠᠭᠤᠯᠢ ᠶᠢ ᠰᠡᠯᠪᠢᠨ ᠵᠠᠰᠠᠵᠤ ᠥᠭᠡᠷᠡᠴᠢᠯᠡᠨ᠂ 7 ᠭᠦᠶᠦᠯᠲᠡ ᠶᠢᠨ ᠵᠠᠮ ᠢ ᠵᠠᠰᠠᠨ ᠪᠠᠶᠢᠭᠤᠯᠪᠠ᠃ ᠰᠤᠷᠭᠠᠭᠤᠯᠢ ᠶᠢᠨ ᠵᠠᠬᠢᠷᠤᠯ ᠢ ᠢᠯᠡ ᠪᠠᠷ ᠰᠣᠩᠭᠤᠭᠤᠯᠢ ᠳᠤ ᠥᠷᠢᠰᠦᠯᠳᠦᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠢ 3 ᠬᠥᠮᠥᠨ᠂ ᠪᠠᠭᠰᠢ ᠶᠢ 75 ᠰᠢᠨ᠎ᠡ ᠪᠠᠷ ᠤᠷᠢᠪᠠ᠃ ︽ᠬᠤᠶᠠᠷ ᠢ ᠬᠠᠰᠤᠬᠤ︾ ③ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠵᠢᠩᠬᠢᠨᠢ ᠪᠠᠷ ᠪᠠᠶᠢᠭᠤᠯᠤᠭᠳᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠳᠤ ︽ᠳᠥᠷᠪᠡᠨ 100%︾ ᠶᠢ ᠪᠡᠶᠡᠯᠡᠭᠦᠯᠪᠡ ④᠃ ᠳᠡᠭᠡᠳᠦ ᠳᠤᠮᠳᠠᠳᠤ ᠰᠤᠷᠭᠠᠭᠤᠯᠢ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠵᠦ᠂ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ 552 ᠬᠥᠮᠥᠨ ᠡᠯᠰᠡᠭᠳᠡᠵᠦ᠂ ᠶᠡᠭᠡ ᠰᠤᠷᠭᠠᠭᠤᠯᠢ ᠳᠤ ᠣᠷᠣᠭᠰᠠᠨ ᠨᠣᠷᠮ᠎ᠠ ᠨᠢ 62% ᠪᠠᠶᠢᠵᠤ᠂ ᠪᠥᠬᠦ ᠠᠶᠢᠮᠠᠭ ᠤᠨ ᠠᠳᠠᠯᠢ ᠲᠥᠷᠥᠯ ᠤᠨ ᠰᠤᠷᠭᠠᠭᠤᠯᠢ ᠶᠢᠨ ᠲᠡᠷᠢᠭᠦᠨ ᠳᠤ ᠣᠷᠣᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠯᠠᠪᠳᠠᠭᠤᠨ ᠢᠶᠠᠷ ᠶᠠᠪᠤᠭᠳᠠᠪᠠ᠃ ᠲᠦᠪ ᠡᠮᠨᠡᠯᠭᠡ ᠶᠢᠨ ᠬᠤᠷᠢᠶᠠᠨ ᠤ ᠭᠠᠵᠠᠷ ᠢ ᠨᠡᠭᠦᠯᠭᠡᠨ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠯᠵᠢᠮᠡᠯ ᠴᠢᠩᠭᠡᠯᠢᠭ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ᠂ ᠲᠥᠪᠯᠡᠷᠡᠭᠦᠯᠦᠨ ᠲᠤᠰᠠᠭᠠᠷᠯᠠᠭᠰᠠᠨ ᠴᠢᠩᠭᠡᠯᠢᠭ ᠶᠢ ᠠᠰᠢᠭᠯᠠᠯᠲᠠ ᠳᠤ ᠣᠷᠣᠭᠤᠯᠪᠠ᠃ ︽ᠮᠢᠩᠭᠠᠨ ᠰᠢᠶᠠᠨ ᠤ ᠢᠨᠵᠧᠨᠧᠷᠢᠩ︾ ᠢ ᠯᠠᠪᠳᠠᠭᠤᠨ ᠪᠠᠲᠤᠲᠠᠢ ᠥᠷᠨᠢᠭᠦᠯᠵᠦ᠂ ᠲᠦᠷᠭᠡᠨ ᠡᠮᠨᠡᠬᠦ ᠪᠠ ᠲᠦᠷᠭᠡᠨ ᠠᠪᠤᠷᠠᠬᠤ ︽ᠭᠤᠷᠪᠠᠨ ᠶᠡᠭᠡ ᠲᠥᠪ︾ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠤᠯᠤᠰ ᠤᠨ ᠬᠦᠦ ᠮᠥᠩᠭᠦ ᠳᠠᠭᠠᠭᠤᠯᠵᠤ ᠥᠭᠬᠦ ᠵᠢᠭᠡᠯᠡᠯᠭᠡ ᠪᠠᠷ ᠡᠮ ᠡᠮᠨᠡᠯᠭᠡ ᠶᠢᠨ ᠲᠥᠬᠦᠭᠡᠷᠦᠮᠵᠢ ᠶᠢ ᠰᠢᠨᠡᠴᠢᠯᠡᠬᠦ ᠪᠠᠷ ᠴᠢᠷᠮᠠᠶᠢᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠲᠦᠪ ᠨᠠᠰᠤᠲᠠᠨ ᠢ ᠠᠰᠠᠷᠠᠬᠤ ᠬᠦᠷᠢᠶᠡᠯᠡᠩ᠂ ᠬᠤᠪᠢᠰᠬᠠᠯ ᠤᠨ ᠦᠵᠡᠰᠬᠦᠯᠡᠩ ᠤᠨ ᠣᠷᠳᠣᠨ᠂ ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠰᠠᠭᠤᠷᠢᠨ ᠭᠠᠵᠠᠷ᠂ ᠤᠯᠠᠭᠠᠨᠮᠥ᠋ᠴᠢᠷ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠲᠥᠷᠥᠯ ᠵᠦᠢᠯ ᠢ ᠦᠨᠳᠦᠰᠦᠨ ᠳᠡᠭᠡᠨ ᠳᠠᠭᠤᠰᠬᠠᠪᠠ᠃ ᠰᠣᠶᠣᠯ ᠲᠠᠮᠢᠷ ᠤᠨ ᠲᠥᠪ ᠤᠨ ᠰᠦᠵᠢᠶᠤᠤ ᠭᠦᠶᠦᠯᠲᠡ ᠶᠢᠨ ᠵᠠᠮ ᠤᠨ ᠪᠠᠷᠢᠮᠵᠢᠶ᠎ᠠ ᠶᠢ ᠦᠭᠡᠷᠡᠴᠢᠯᠡᠪᠡ᠃ ᠰᠠᠭᠰᠤᠨ ᠪᠥᠮᠪᠦᠭᠡ ᠶᠢᠨ ᠣᠷᠳᠣᠨ᠂ ᠤᠮᠪᠠᠯᠲᠠ ᠶᠢᠨ ᠣᠷᠳᠣᠨ ᠤ ᠪᠠᠷᠢᠯᠭ᠎ᠠ ᠶᠢᠨ ᠠᠵᠢᠯ ᠢ ᠡᠬᠢᠯᠡᠭᠦᠯᠪᠡ᠃ 6 ᠬᠥᠯ ᠪᠥᠮᠪᠦᠭᠡ ᠶᠢᠨ ᠲᠠᠯᠠᠪᠤᠷ ᠠᠰᠢᠭᠯᠠᠯᠲᠠ ᠳᠤ ᠣᠷᠣᠪᠠ᠃ ᠬᠥᠯ ᠪᠥᠮᠪᠦᠭᠡ ᠶᠢᠨ ᠤᠷᠤᠯᠳᠤᠭᠠᠨ᠂ ᠶᠠᠩᠭᠠᠷ ᠪᠥᠵᠢᠭ ᠤᠨ ᠦᠵᠡᠭᠦᠯᠦᠯᠭᠡ ᠵᠡᠷᠭᠡ ᠤᠷᠤᠯᠳᠤᠭᠠᠨ ᠢ 30 ᠭᠠᠷᠤᠢ ᠤᠳᠠᠭ᠎ᠠ ᠶᠠᠪᠤᠭᠳᠠᠭᠤᠯᠵᠤ᠂ ︽ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠠᠵᠢᠯᠯᠠᠭ᠎ᠠ ᠶᠢ 200 ᠭᠠᠷᠤᠢ ᠤᠳᠠᠭ᠎ᠠ ᠥᠷᠨᠢᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠨᠡᠩ ᠪᠠᠶᠠᠯᠢᠭᠵᠢᠭᠤᠯᠪᠠ᠃ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠷᠭᠡᠳᠭᠡᠪᠡ᠃ ᠡᠳᠦᠷ ᠤᠨ ᠬᠦᠴᠦᠨ ᠤ ᠵᠠᠬ᠎ᠠ ᠳᠡᠯᠭᠡᠭᠦᠷ ᠢ 3 ᠰᠢᠨ᠎ᠡ ᠪᠠᠷ ᠪᠠᠶᠢᠭᠤᠯᠵᠤ᠂ ᠰᠢᠨ᠎ᠡ ᠳᠡᠯᠡᠬᠡᠢ ᠶᠢᠨ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠬᠦᠷᠢᠶᠡᠯᠡᠩ ᠢ ᠠᠶᠢᠮᠠᠭ ᠤᠨ ᠲᠠᠰ ᠤᠨ ᠪᠠᠷᠢᠮᠵᠢᠶᠠᠵᠢᠭᠤᠯᠤᠭᠰᠠᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠤᠯᠪᠠ᠃ 1615 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ ᠬᠤᠲᠠ ᠪᠠᠯᠭᠠᠰᠤᠨ ᠤ 1138 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 2.5 ᠲᠦᠮᠡᠨ ᠬᠥᠮᠥᠨ ᠤᠳᠠᠭ᠎ᠠ ᠰᠢᠯᠵᠢᠭᠦᠯᠦᠨ ᠠᠵᠢᠯ ᠣᠯᠭᠤᠪᠠ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠶᠢᠩᠭᠤ ᠰᠠᠭᠤᠭ᠎ᠠ ᠬᠥᠮᠥᠨ ᠠᠮᠠ ᠶᠢᠨ ᠳᠠᠭᠠᠳᠬᠠᠯ ᠳᠤ ᠣᠷᠣᠯᠴᠠᠭᠰᠠᠨ ᠪᠦᠷᠬᠦᠴᠡ ᠶᠢᠨ ᠨᠤᠷᠮ᠎ᠠ 94% ᠳᠤ ᠬᠦᠷᠪᠡ᠃ ᠬᠤᠳᠠ ᠬᠥᠳᠡᠭᠡ ᠶᠢᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠨᠡᠶᠢᠳᠡᠮ ᠬᠡᠷᠡᠭᠵᠢᠭᠦᠯᠪᠡ᠃ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠶᠢ ᠠᠰᠠᠷᠠᠨ ᠲᠡᠵᠢᠭᠡᠬᠦ ᠵᠡᠷᠭᠡ ᠨᠥᠬᠦᠪᠦᠷᠢ ᠶᠢᠨ ᠪᠠᠷᠢᠮᠵᠢᠶ᠎ᠠ ᠶᠢ ᠨᠡᠶᠢᠳᠡᠮ ᠳᠡᠭᠡᠭᠰᠢᠯᠡᠭᠦᠯᠪᠡ᠃ ᠡᠮᠡᠭᠲᠡᠶᠢᠴᠦᠳ ᠬᠡᠦᠬᠡᠳ ᠤᠨ ︽ᠬᠤᠶᠠᠷ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢ ᠪᠦᠬᠦ ᠲᠠᠯ᠎ᠠ ᠪᠠᠷ ᠰᠡᠯᠪᠢᠨ ᠵᠠᠰᠠᠪᠠ᠃ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠴᠢᠩᠭᠠᠳᠬᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠡᠯᠪᠡᠭ ᠪᠠᠶᠠᠯᠢᠭ ᠪᠠᠶᠢᠵᠤ᠂ ᠰᠠᠶᠢᠨᠬᠤᠸᠠᠷ ᠴᠡᠴᠡᠷᠯᠢᠭ ᠲᠣᠭᠤᠷᠢᠭ᠂ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠠᠬᠢᠭᠤᠯᠬᠤ ᠨᠡᠶᠢᠭᠡᠮᠯᠢᠭ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠᠷ ᠦᠨᠡᠯᠡᠭᠳᠡᠪᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠪᠤᠤᠴᠧᠩ ᠲᠣᠰᠬᠤᠨ ᠪᠦᠬᠦ ᠤᠯᠤᠰ ᠤᠨ ᠠᠷᠠᠳᠴᠢᠯᠠᠯ ᠪᠠ ᠬᠠᠤᠯᠢ ᠪᠠᠷ ᠵᠠᠰᠠᠬᠤ ᠦᠯᠢᠭᠡᠷ ᠵᠢᠱᠢᠶ᠎ᠡ ᠦᠵᠡᠭᠦᠯᠬᠦ ᠲᠣᠰᠬᠤᠨ ᠤ ᠢᠷᠠᠭᠤ ᠠᠯᠳᠠᠷ ᠢ ᠬᠦᠷᠳᠡᠪᠡ᠃ ᠡᠯ᠎ᠡ ᠵᠦᠢᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ︽ᠬᠤᠶᠠᠷ ᠢ ᠪᠠᠭᠤᠷᠠᠭᠤᠯᠵᠤ ᠬᠤᠶᠠᠷ ᠢ ᠳᠡᠭᠡᠭᠰᠢᠯᠡᠭᠦᠯᠵᠦ︾᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠪᠠᠷ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ︽ᠮᠢᠨ᠎ᠠ ᠠᠷᠢᠯᠭᠠᠬᠤ ᠮᠢᠨ᠎ᠠ ᠭᠠᠳᠠᠭᠰᠢᠯᠠᠭᠤᠯᠬᠤ︾ ᠶᠡᠭᠡ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ᠂ ᠢᠳᠡᠭᠡᠨ ᠤ ᠵᠦᠢᠯ ᠡᠮ ᠤᠨ ᠵᠦᠢᠯ ᠢ ᠬᠢᠨᠠᠨ ᠬᠠᠮᠢᠶᠠᠷᠬᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠵᠡᠷᠭᠡ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠲᠤᠯᠠᠪᠠ᠃    ᠲᠠᠪᠤ᠂ ᠳᠣᠲᠣᠭᠠᠳᠤ ᠶᠢᠨ ᠳᠠᠯᠳᠠ ᠬᠦᠴᠦᠨ ᠢᠶᠠᠨ ᠭᠦᠢᠴᠡᠳ ᠠᠭᠤᠳᠠᠯᠵᠤ᠂ ᠦᠨᠡᠨᠬᠦ ᠠᠳᠬᠤᠨ ᠪᠣᠳᠠᠲᠠᠢ ᠪᠠᠷ ᠠᠵᠢᠯᠯᠠᠵᠤ ᠲᠦᠭᠵᠢᠷᠡᠯ ᠢ ᠰᠢᠪᠳᠤᠯᠵᠤ᠂ ᠪᠡᠷᠬᠡ ᠰᠡᠳᠦᠪ ᠢ ᠰᠢᠢᠳᠪᠦᠷᠢᠯᠡᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠢᠯᠡᠳᠲᠡ ᠳᠡᠭᠡᠭᠰᠢᠯᠡᠪᠡ᠃ ᠰᠢᠨ᠎ᠡ ᠡᠭᠡᠯᠵᠢ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠰᠢᠶᠠᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠨᠠᠷᠢᠨ ᠳᠠᠩᠰᠠ ᠶᠢᠨ ᠬᠠᠮᠢᠶᠠᠷᠤᠯᠲᠠ᠂ ᠨᠢᠭᠡᠳᠦᠭᠡᠷ ᠹᠷᠣᠨᠲ ᠤᠨ ᠲᠣᠬᠢᠷᠠᠭᠤᠯᠤᠯᠲᠠ ᠬᠢᠵᠤ᠂ ᠴᠡᠭ ᠲᠤ ᠰᠠᠭᠤᠵᠤ ᠲᠦᠯᠬᠢᠨ ᠠᠬᠢᠭᠤᠯᠵᠠᠢ᠃ ᠭᠤᠣᠯᠳᠠᠯᠭ᠎ᠠ ᠲᠠᠢ ᠪᠡᠷᠬᠡ ᠰᠡᠳᠦᠪ ᠢ ᠪᠥᠬᠦ ᠬᠦᠴᠦᠨ ᠢᠶᠠᠷ ᠢᠶᠠᠨ ᠰᠢᠪᠳᠤᠯᠵᠠᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠳᠡᠭᠡᠳᠦ ᠱᠠᠲᠤᠨ ᠤ ᠭᠤᠣᠯᠳᠠᠯᠭ᠎ᠠ ᠲᠠᠢ ᠱᠠᠯᠠᠪᠳᠠᠨ ᠰᠢᠢᠳᠪᠦᠷᠢᠯᠡᠭᠦᠯᠦᠭᠰᠡᠨ ᠭᠠᠵᠠᠷ ᠰᠢᠷᠣᠢ ᠶᠢᠨ ᠵᠢᠷᠤᠭ 105᠂ ᠣᠶ ᠰᠢᠭᠤᠢ ᠶᠢᠨ ᠵᠢᠷᠤᠭ 460᠂ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠤᠭᠰᠠᠨ ᠨᠢ 3492 ᠪᠠᠶᠢᠨ᠎ᠠ᠃ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 12345 ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢ 3365 ᠬᠤᠪᠢ ᠭᠦᠢᠴᠡᠳᠬᠡᠵᠦ ᠳᠠᠭᠤᠰᠬᠠᠪᠠ᠃ ︽ ᠲᠠᠪᠤ ᠶᠢ ᠲᠤᠶᠢᠯᠪᠦᠷᠢᠳᠠᠢ ᠪᠠᠶᠢᠴᠠᠭᠠᠬᠤ ᠠᠵᠢᠯᠯᠠᠭ᠎ᠠ︾⑤ ᠪᠠ ︽ᠬᠤᠶᠠᠷ ᠢ ᠵᠣᠭᠰᠣᠭᠠᠵᠤ ᠨᠢᠭᠡ ᠶᠢ ᠰᠤᠯᠠ ᠪᠠᠶᠢᠯᠭᠠᠬᠤ︾ ᠵᠢᠯ ᠤᠨ ᠡᠭᠦᠷᠭᠡ ᠶᠢ ᠪᠥᠬᠦᠳᠡ ᠶᠢ ᠪᠡᠶᠡᠯᠡᠭᠦᠯᠵᠡᠢ᠃ ᠲᠦᠷ ᠥᠭᠬᠦ ᠵᠣᠭᠤᠰ ᠢ ᠰᠢᠩᠭᠡᠭᠡᠵᠦ ᠲᠡᠭ ᠪᠤᠯᠭᠠᠵᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠱᠠᠩᠨᠠᠯ ᠤᠨ ᠪᠡᠯᠡ ᠮᠥᠩᠭᠦ ᠶᠢ 1.2 ᠳ᠋ᠦᠩᠰᠢᠭᠤᠷ ᠲᠥᠭᠦᠷᠢᠭ ᠭᠥᠷᠳᠡᠪᠡ᠃ ᠥᠭᠡᠷᠡᠴᠢᠯᠡᠯᠲᠡ   ᠶᠢᠨ ᠠᠯᠬᠤᠴᠠ ᠯᠠᠪᠳᠠᠭᠤᠨ ᠪᠥᠭᠡᠳ ᠬᠦᠴᠦᠲᠡᠢ ᠪᠠᠶᠢᠨ᠎ᠠ᠃ 85 ᠵᠦᠢᠯ ᠤᠨ ᠥᠭᠡᠷᠡᠴᠢᠯᠡᠯᠲᠡ ᠶᠢ ᠡᠬᠢᠯᠡᠭᠦᠯᠵᠦ᠂ 52 ᠵᠦᠢᠯ ᠤᠨ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠣᠯᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠳᠠ ᠲᠠᠢ ᠰᠡᠭᠦᠯ ᠬᠤᠷᠢᠶᠠᠪᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ 9 ᠵᠥᠷᠢᠶᠡᠲᠦ ᠲᠣᠭᠠᠨ ᠤ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠮᠡᠷᠭᠡᠵᠢᠯ ᠤᠨ ᠵᠢᠯ ᠤᠨ ᠮᠦᠩᠭᠦ ᠶᠢ ᠪᠤᠳᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠡᠢ᠃ ᠤᠰᠤᠨ ᠴᠥᠭᠦᠷᠥᠮ ᠤᠨ ᠠᠵᠢᠯᠲᠠᠨ ᠢ ᠨᠢᠭᠡᠳᠦᠭᠡᠷ ᠲᠦᠷᠦᠯ ᠤᠨ ᠠᠵᠢᠯ ᠦᠢᠯᠡᠰ ᠤᠨ ᠨᠢᠭᠡᠴᠡ ᠲᠤ ᠣᠷᠣᠭᠤᠯᠤᠨ ᠬᠠᠮᠢᠶᠠᠷᠤᠭᠤᠯᠤᠨ᠎ᠠ᠃ ︽ᠬᠤᠶᠠᠷ ᠢ  ᠲᠠᠰᠢᠷᠠᠮ ᠳᠤ ᠨᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ︽ᠲᠠᠪᠤᠨ ᠨᠢᠭᠡ︾ ᠶᠢᠨ ᠲᠣᠰᠬᠤᠨ ᠤ ᠱᠠᠲᠤᠨ ᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠠᠭᠪᠤᠷ ᠨᠢ ᠪᠥᠬᠦ ᠣᠷᠣᠨ ᠤ ᠨᠡᠶᠢᠲᠡᠯᠢᠭ ᠵᠢᠱᠢᠶ᠎ᠡ ᠪᠣᠯᠪᠠ᠃ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ᠃ ︽ᠬᠤᠶᠠᠷ ᠰᠢᠯᠢᠳᠡᠭᠵᠢᠭᠦᠯᠬᠦ‍ ᠨᠢᠭᠡ ᠳᠡᠭᠡᠭᠰᠢᠯᠡᠭᠦᠯᠬᠦ︾ ⑦ ᠶᠢ ᠪᠦᠬᠦ ᠲᠠᠯ᠎ᠠ ᠪᠠᠷ ᠡᠬᠢᠯᠡᠭᠦᠯᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ᠂ ︽ᠭᠤᠷᠪᠠᠨ ᠴᠢᠬᠤᠯᠠ ᠨᠢᠭᠡ ᠶᠡᠭᠡ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ᠂ ᠬᠢᠨᠠᠨ ᠪᠣᠳᠣᠯᠲᠠ ᠶᠢᠨ ᠬᠢᠨᠠᠯᠲᠠ ᠶᠢ ᠲᠠᠰᠤᠷᠠᠯᠳᠠ ᠦᠭᠡᠢ ᠴᠢᠩᠭᠠᠳᠬᠠᠪᠠ᠃ ᠡᠩ ᠤᠨ ᠴᠢᠨᠠᠷᠲᠠᠢ ᠵᠠᠷᠤᠯᠭ᠎ᠠ᠂ ᠭᠤᠷᠪᠠᠨ ᠵᠦᠢᠯ ᠤᠨ ᠠᠯᠪᠠᠨ ᠤ ᠵᠠᠷᠤᠳᠠᠯ ᠢ 10% ᠪᠠ 20% ᠪᠠᠷ  ᠪᠠᠭᠤᠷᠠᠵᠠᠢ᠃4.06 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠪᠠ᠃ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠦᠲᠦᠮᠵᠢᠲᠡᠶ ᠬᠡᠷᠡᠭᠵᠢᠭᠦᠯᠵᠡᠢ᠃ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ ᠪᠠ ᠭᠤᠷᠪᠠᠨ ᠵᠦᠢᠯ ᠤᠨ ᠠᠯᠪᠠᠨ ᠤ ᠵᠠᠷᠤᠳᠠᠯ ᠢ ᠰᠦᠯᠵᠢᠶᠡᠨ ᠳᠡᠭᠡᠷ᠎ᠡ ᠢᠯᠡ ᠪᠤᠯᠭᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 370 ᠬᠤᠪᠢ ᠰᠠᠨᠠᠯ ᠲᠤᠷᠠᠳᠤᠯᠭ᠎ᠠ ᠶᠢ ᠭᠦᠢᠴᠡᠳᠭᠡᠵᠤ᠂ ᠰᠢᠢᠳᠪᠦᠷᠢᠯᠡᠵᠦ  ᠲᠠᠭᠤᠰᠬᠠᠭᠰᠠᠨ ᠨᠤᠷᠮ᠎ᠠ᠂ ᠬᠠᠨᠤᠮᠵᠢᠳᠠᠢ ᠨᠤᠷᠮ᠎ᠠ ᠨᠢ100% ᠬᠦᠷᠴᠡᠢ᠃ ᠮᠠᠨ ᠤ ᠰᠢᠶᠠᠨ ᠲᠦᠷᠦ ᠶᠢᠨ ᠶᠠᠪᠤᠳᠠᠯ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠠᠴᠠ ᠬᠡᠯᠲᠦᠷᠢᠭᠦᠯᠬᠦ ᠵᠣᠷᠢᠭᠵᠢᠭᠤᠯᠤᠯ ᠢ ᠬᠦᠷᠳᠡᠵᠡᠢ᠃    ᠠᠷᠠᠳ ᠤᠨ ᠵᠡᠪᠰᠡᠭᠲᠦ ᠬᠦᠴᠦᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠠᠩᠭᠠᠨ ᠪᠣᠷᠣᠯᠠᠭᠤᠯᠬᠤ᠂ ᠴᠢᠮᠡᠭᠡ ᠨᠡᠪᠲᠡᠷᠡᠯᠭᠡ ᠵᠡᠷᠭᠡ ᠠᠵᠢᠯ ᠴᠥᠮ ᠪᠠᠶᠠᠷᠯᠠᠭᠤᠰᠢᠲᠠᠢ ᠠᠮᠵᠢᠯᠲᠠ ᠣᠯᠪᠠ᠃    ᠲᠥᠯᠥᠭᠡᠯᠡᠭᠴᠢᠳ ᠠ᠋ ! ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠪᠡᠯ᠂ ᠲᠡᠮᠡᠴᠡᠯ ᠳᠤ ᠵᠣᠪᠠᠭᠤᠷᠢ ᠵᠦᠳᠡᠭᠦᠷᠢ ᠪᠠᠷ ᠳᠦᠭᠦᠷᠴᠦ᠂ ᠠᠮᠵᠢᠯᠲᠠ ᠶᠢ ᠬᠢᠯᠪᠠᠷᠬᠠᠨ ᠢᠶᠠᠷ ᠣᠯᠣᠭᠰᠠᠨ ᠪᠢᠰᠢ ᠶᠤᠮ᠃ ᠬᠥᠮᠥᠰ ᠤᠨ ᠰᠡᠳᠬᠢᠯ ᠢ ᠬᠠᠮᠤᠭ ᠠᠴᠠ ᠢᠯᠡᠭᠦᠦ ᠬᠥᠳᠡᠯᠭᠡᠳᠡᠭ ᠨᠢ᠄ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠡᠭᠦᠰᠦᠭᠰᠡᠨ ᠪᠠᠶᠢᠳᠠᠯ ᠤᠨ ᠡᠮᠦᠨ᠎ᠡ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠤᠨᠴᠠᠭᠠᠶᠢᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠰᠠᠶᠢᠨ ᠲᠠᠷᠠᠴᠤᠤᠯ ᠠᠶᠤᠯ ᠲᠦᠭᠰᠢᠭᠦᠷᠢ ᠠᠴᠠ ᠠᠶᠤᠬᠤ ᠦᠭᠡᠢ ᠪᠠᠷ ᠡᠮᠦᠨ᠎ᠡ ᠨᠢ ᠭᠠᠪᠰᠢᠭᠠᠶᠢᠯᠠᠨ᠂ ᠡᠳᠦᠷ ᠰᠥᠨᠢ ᠶᠢ ᠢᠯᠭᠠᠯ ᠦᠭᠡᠢ ᠪᠠᠷ ᠡᠷᠡᠰ ᠰᠢᠭᠤᠷᠬᠠᠢ ᠪᠠᠷ ᠪᠠᠲᠤ ᠰᠠᠬᠢᠵᠤ᠂ ᠬᠠᠮᠤᠭ ᠤᠨ ᠴᠢᠩᠭ᠎ᠠ ᠨᠡᠶᠢᠯᠡᠮᠡᠯ ᠬᠦᠴᠦᠨ᠂ ᠬᠠᠮᠤᠭ ᠤᠨ ᠰᠢᠯᠢᠳᠡᠭ ᠠᠷᠭ᠎ᠠ ᠬᠡᠮᠵᠢᠶ᠎ᠡ᠂ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠪᠠᠭ᠎ᠠ ᠥᠷᠲᠡᠭ ᠢᠶᠠᠷ ᠭᠤᠷᠪᠠᠨ ᠡᠭᠡᠯᠵᠢ ᠶᠢᠨ ᠬᠢᠵᠢᠭ ᠤᠨ ᠪᠠᠶᠢᠳᠠᠯ ᠢ ᠰᠥᠨᠥᠭᠡᠬᠦ ᠪᠠᠶᠢᠯᠳᠤᠭᠠᠨ ᠪᠠ ᠪᠠᠶᠢᠩᠭᠤ ᠶᠢᠨ ᠴᠢᠨᠠᠷᠲᠠᠢ ᠬᠤᠷᠢᠭᠯᠠᠨ ᠴᠣᠬᠢᠬᠤ ᠪᠠᠶᠢᠯᠳᠤᠭᠠᠨ ᠤ ᠢᠯᠠᠯᠲᠠ ᠶᠢ ᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠢᠨ᠎ᠡ ᠱᠠᠲᠤ ᠦᠶ᠎ᠡ ᠶᠢ ᠤᠭᠲᠤᠨ ᠠᠪᠴᠢᠷᠠᠭᠰᠠᠨ ᠪᠠᠶᠢᠨ᠎ᠠ᠃ ᠬᠥᠮᠥᠰ ᠤᠨ ᠤᠷᠮ᠎ᠠ ᠵᠣᠷᠢᠭ ᠢ ᠬᠠᠮᠤᠭ ᠠᠴᠠ ᠢᠯᠡᠭᠦᠦ ᠬᠥᠭᠵᠢᠭᠡᠳᠡᠭ ᠨᠢ᠄ ᠠᠵᠤ ᠠᠬᠤᠢ ᠪᠠᠭᠤᠷᠠᠬᠤ ᠳᠠᠭᠠᠷᠢᠯᠲᠠ ᠶᠢᠨ ᠡᠮᠦᠨ᠎ᠡ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠠᠶᠢᠬᠤ ᠶᠢ ᠪᠠᠲᠤᠯᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠪᠦᠬᠦ ᠠᠶᠢᠮᠠᠭ ᠤᠨ ᠳᠡᠰ ᠳᠠᠷᠠᠭᠠᠯᠠᠯ ᠤᠨ ᠡᠮᠦᠨ᠎ᠡ ᠣᠷᠣᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂  ᠬᠡᠪᠴᠢᠶ᠎ᠡ ᠠᠴᠠ ᠳᠡᠭᠡᠷᠡᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠪᠦᠬᠦ ᠣᠷᠣᠨ ᠤ ᠡᠮᠦᠨ᠎ᠡ 20 ᠨᠡᠷᠡᠰ ᠲᠤ ᠣᠷᠣᠵᠤ᠂ ︽ᠭᠤᠷᠪᠠᠨ ᠳᠡᠪᠲᠡᠷ ᠤᠨ ᠨᠠᠷᠢᠨ ᠲᠠᠩᠰᠠ︾  ᠶᠢᠨ ᠤᠯᠠᠷᠢᠯ ᠤᠨ ᠲᠤᠰᠢᠶᠠᠯ ᠤᠨ ᠮᠡᠳᠡᠭᠦᠯᠦᠯᠲᠡ ᠶᠢ ᠰᠢᠯᠭᠠᠨ ᠦᠨᠡᠯᠡᠬᠦ ᠠᠵᠢᠯ ᠢᠮᠠᠭᠲᠠ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠵᠤ᠂ ᠤᠯᠠᠨ ᠵᠦᠢᠯ ᠤᠨ ᠭᠤᠣᠯᠳᠠᠯᠭ᠎ᠠ ᠲᠠᠢ᠂ ᠬᠢᠯᠠᠰ ᠴᠡᠭ ᠲᠠᠢ ᠠᠵᠢᠯ ᠮᠠᠭᠲᠠᠨ ᠰᠠᠶᠢᠰᠢᠶᠠᠭᠳᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠪᠡ᠃ ᠬᠥᠮᠥᠰ ᠤᠨ ᠰᠡᠳᠬᠢᠯ ᠢ ᠬᠠᠮᠤᠭ ᠠᠴᠠ ᠢᠯᠡᠭᠦᠦ ᠴᠡᠭᠡᠵᠢᠯᠡᠭᠦᠯᠦᠮᠡᠷ ᠵᠦᠢᠯ ᠭᠡᠪᠡᠯ᠄ ᠬᠦᠴᠢᠷ ᠪᠡᠷᠬᠡᠰᠢᠶᠡᠯ ᠲᠠᠢ ᠨᠠᠷᠢᠨ ᠪᠤᠳᠤᠯᠢᠶᠠᠨᠲᠠᠢ ᠣᠷᠴᠢᠨ ᠨᠥᠬᠦᠴᠡᠯ ᠤᠨ ᠡᠮᠦᠨ᠎ᠡ᠂ ᠪᠦᠬᠦ ᠰᠢᠶᠠᠨ ᠢᠶᠠᠷ ᠢᠶᠠᠨ ᠪᠦᠯᠬᠦᠮᠳᠡᠨ ᠨᠢᠭᠡᠳᠴᠦ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠦᠴᠦ ᠪᠠᠨ ᠬᠠᠮᠳᠤᠳᠬᠠᠪᠠ᠃ ᠪᠡᠭᠡᠵᠢᠩ ᠤᠨ ᠹᠠᠩᠱᠠᠨ ᠲᠣᠭᠤᠷᠢᠭ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠦᠨᠡᠨ ᠰᠡᠳᠬᠢᠯ ᠠᠴᠠ ᠪᠠᠨ ᠪᠡᠯᠡ ᠣᠷᠣᠭᠤᠯᠵᠤ᠂ ᠦᠨᠡᠨᠬᠦ ᠬᠠᠪᠰᠤᠷᠴᠤ ᠪᠣᠳᠠᠲᠠᠢ ᠲᠡᠳᠬᠦᠵᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠦᠨᠡᠨ ᠦᠭᠡ ᠪᠠᠨ ᠢᠳᠬᠠᠵᠤ᠂ ᠰᠠᠶᠢᠨ ᠠᠷᠭ᠎ᠠ ᠤᠬᠠᠭᠠᠨ ᠳᠡᠪᠰᠢᠭᠦᠯᠵᠦ᠂ ᠪᠣᠳᠠᠲᠠᠢ ᠠᠷᠭ᠎ᠠ ᠤᠬᠠᠭᠠᠨ ᠭᠠᠷᠭᠠᠪᠠ᠃ ᠥᠷᠭᠡᠨ ᠤᠯᠠᠨ ᠺᠠᠳ᠋ᠷ ᠤᠯᠠᠨ ᠲᠦᠮᠡᠨ ᠨᠠᠮ ᠤᠨ ᠠᠴᠢ ᠳᠤ ᠲᠠᠯᠠᠷᠬᠠᠵᠤ᠂ ᠦᠨᠡᠨ ᠬᠦ ᠡᠷᠴᠢ ᠵᠣᠷᠢᠭ ᠢ ᠬᠥᠪᠴᠢᠯᠡᠵᠦ ᠪᠠᠶᠢᠨ᠎ᠠ᠃ ᠪᠦᠬᠦ ᠰᠢᠶᠠᠨ ᠤ ᠲᠦᠷᠦ ᠶᠢᠨ ᠶᠠᠪᠤᠳᠠᠯ ᠰᠢᠯᠤᠭᠤᠨ ᠠᠷᠠᠳ ᠲᠦᠮᠡᠨ ᠡᠶᠡᠲᠡᠢ ᠠᠵᠢᠯ ᠬᠢᠵᠦ ᠦᠢᠯᠡᠰ ᠪᠣᠰᠬᠠᠬᠤ ᠪᠠᠶᠢᠳᠠᠯ ᠨᠡᠩ ᠠᠮᠢᠳᠤᠯᠢᠭ ᠪᠣᠯᠵᠤ ᠂ ᠬᠦᠷ ᠬᠥᠭᠵᠢᠶᠡᠨ ᠲᠠᠢ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠨᠡᠩ ᠪᠠᠲᠤᠵᠢᠪᠠ᠃     ᠲᠥᠯᠥᠭᠡᠯᠡᠭᠴᠢᠳ ᠠ᠋ ! ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠨᠢ ᠪᠦᠬᠦ ᠰᠢᠶᠠᠨ ᠤ ᠠᠷᠠᠳ ᠲᠦᠮᠡᠨ ᠤ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠪᠠ ᠡᠷᠡᠯᠬᠡᠭ ᠵᠣᠷᠢᠭ ᠢ ᠪᠠᠲᠤᠳᠬᠠᠨ ᠵᠣᠷᠢᠭᠵᠢᠭᠤᠯᠵᠤ᠂ ︽ᠶᠡᠭᠡ ᠲᠠᠶᠢᠨ ᠶᠡᠭᠡ ᠰᠢᠯᠭᠠᠯᠲᠠ︾ ᠶᠢᠨ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃ ᠡᠳᠡᠭᠡᠷ ᠠᠮᠵᠢᠯᠲᠠ ᠶᠢ ᠣᠯᠣᠭᠰᠠᠨ ᠨᠢ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠨᠠᠷᠢᠨ ᠨᠢᠭᠲᠠ ᠪᠠᠶᠢᠷᠢᠯᠠᠭᠤᠯᠤᠯᠲᠠ ᠶᠢᠨ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ ᠲᠠᠯᠪᠢᠯᠲᠠ᠂ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠥᠨ᠂ ᠨᠡᠩ ᠴᠤ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠡᠯ᠎ᠡ ᠹᠷᠣᠨᠲ ᠲᠤ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ ᠂ ᠲᠦᠴᠢᠦᠸᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ᠂ ᠵᠠᠰᠠᠭ ᠤᠨ ᠣᠷᠳᠣᠨ ᠤ ᠠᠵᠢᠯ ᠢ ᠢᠮᠠᠭᠲᠠ ᠣᠶᠢᠯᠠᠭᠠᠨ ᠳᠡᠮᠵᠢᠭᠰᠡᠭᠡᠷ ᠢᠷᠡᠭᠰᠡᠨ ᠲᠥᠯᠥᠭᠡᠯᠡᠭᠴᠢᠳ᠂ ᠭᠡᠰᠢᠭᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ !     ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠮᠠᠨ ᠤ ᠰᠢᠶᠠᠨ ᠤ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠪᠦᠷᠢᠨ ᠲᠡᠭᠦᠯᠳᠡᠷ ᠪᠢᠰᠢ᠂ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠤᠷᠮ᠎ᠠ ᠳᠣᠣᠷ᠎ᠠ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠣᠯᠪᠠ︔ ᠨᠡᠭᠡᠭᠡᠨ ᠬᠥᠭᠵᠢᠭᠦᠯᠦᠯᠲᠡ ᠶᠢᠨ ᠣᠷᠣᠨ ᠤ ᠲᠥᠪᠯᠡᠷᠡᠨ ᠬᠥᠭᠵᠢᠬᠦ ᠦᠢᠯᠡᠳᠦᠯ ᠥᠨᠳᠥᠷ ᠪᠢᠰᠢ᠂ ᠲᠠᠪᠴᠠᠩ ᠤᠨ ᠦᠢᠯᠡᠳᠦᠯ ᠢ ᠪᠠᠰᠠ ᠭᠦᠢᠴᠡᠳ ᠪᠠᠳᠠᠷᠠᠭᠤᠯᠤᠭᠠᠳᠤᠢ ᠪᠠᠶᠢᠭᠰᠠᠭᠠᠷ︔ᠢᠳᠡᠭᠡᠨ ᠤᠮᠳᠠᠭᠠᠨ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠤᠨ ᠬᠡᠷᠡᠭᠯᠡᠭᠡ ᠶᠢᠨ ᠰᠡᠷᠭᠦᠯᠲᠡ ᠤᠳᠠᠭᠠᠨ ᠪᠠᠶᠢᠵᠤ᠂ ᠲᠠᠲᠠᠬᠤ ᠬᠦᠴᠦᠨ ᠢᠶᠠᠷ ᠴᠢᠩᠭ᠎ᠠ ᠪᠢᠰᠢ ᠪᠠᠶᠢᠨ᠎ᠠ︔ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠲᠡᠭᠦᠯᠳᠡᠷᠵᠢᠭᠡᠳᠦᠢ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠡᠬᠢ ᠪᠠᠶᠠᠯᠢᠭ ᠤᠨ ᠡᠵᠡᠯᠡᠬᠦ ᠬᠡᠮᠵᠢᠶ᠎ᠡ ᠪᠠᠭ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠮᠦᠨ ᠨᠦᠰᠡᠷ ᠬᠦᠨᠳᠦ ᠪᠠᠶᠢᠨ᠎ᠠ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠮᠥᠨ ᠣᠷᠣᠨ ᠠᠶᠢᠮᠠᠭ ᠤᠨ ᠳᠤᠮᠳᠠᠴᠢ ᠬᠢᠷᠢ ᠬᠡᠮᠵᠢᠶ᠎ᠡ ᠠᠴᠠ ᠳᠣᠣᠷ᠎ᠠ ᠪᠠᠶᠢᠬᠤ ᠵᠡᠷᠭᠡ ᠪᠣᠯᠣᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠢ ᠪᠠᠷ ᠰᠢᠢᠳᠪᠦᠷᠢᠯᠡᠬᠦ ᠪᠣᠯᠣᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号