ᠨᠣᠮ ᠤᠨ ᠰᠠᠩ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠦᠵᠡᠭᠦᠯᠦᠯᠭᠡ ᠶᠢ ᠥᠷᠨᠢᠭᠦᠯᠪᠡ
ᠨᠡᠶᠢᠲᠡᠯᠡᠭᠰᠡᠨ ᠴᠠᠭ᠄
2023/10/19
   ᠬᠤᠪᠢᠰᠬᠠᠯ ᠤᠨ ᠲᠡᠦᠬᠡ ᠶᠢ ᠲᠠᠬᠢᠨ ᠡᠷᠭᠢᠴᠡᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠃ 10 ᠰᠠᠷ᠎ᠠ ᠶᠢᠨ 18 ᠤ ᠡᠳᠦᠷ᠂ ᠲᠦᠴᠢᠦᠸᠠᠨ ᠰᠢᠶᠠᠨ  ᠤ ᠨᠣᠮ ᠤᠨ ᠰᠠᠩ ᠪᠡᠶ᠎ᠡ ᠶᠢᠨ ᠲᠠᠮᠢᠷ ᠤᠨ ᠵᠥᠪᠯᠡᠯ ᠤᠨ ᠲᠠᠮᠢᠷ ᠤᠨ ᠲᠠᠯᠠᠪᠠᠶ ᠳᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠡᠷᠡᠯ ᠵᠢᠷᠤᠭ ᠤᠨ ᠦᠵᠡᠭᠦᠯᠦᠯᠭᠡ︾ ᠢ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ᠃
   ᠦᠵᠡᠭᠦᠯᠦᠯᠭᠡ ᠨᠢ ᠨᠠᠮ ᠤᠨ ᠬᠤᠷᠢᠳᠤᠭᠠᠷ ᠶᠡᠭᠡ ᠬᠤᠷᠠᠯ ᠢᠶᠠᠷ ᠭᠤᠤᠯ ᠰᠢᠵᠢᠮ ᠪᠣᠯᠭᠠᠵᠤ᠂ ᠣᠯᠠᠨ ᠢ ᠳᠠᠭᠠᠭᠤᠯᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠠᠷᠠᠳ ᠲᠦᠮᠡᠨ ᠢ ᠳᠠᠭᠠᠭᠤᠯᠤᠨ ᠰᠢᠨ᠎ᠡ ᠴᠠᠭ ᠦᠶ᠎ᠡ ᠶᠢᠨ ᠠᠷᠪᠠᠨ ᠵᠢᠯ ᠳᠤ ᠣᠯᠤᠭᠰᠠᠨ ᠠᠭᠤᠤ ᠶᠡᠭᠡ ᠬᠤᠪᠢᠰᠤᠯᠲᠠ ᠪᠣᠯᠤᠨ ᠨᠠᠮ ᠤᠨ ᠡᠭᠦᠷᠭᠡ ᠬᠠᠷᠢᠭᠤᠴᠠᠯᠭ᠎ᠠ ᠶᠢ ᠭᠤᠤᠯᠳᠠᠯᠭ᠎ᠠ ᠲᠠᠢ ᠣᠶᠢᠯᠠᠭᠠᠪᠠ᠃ ᠲᠠᠷᠠᠭ᠎ᠠ ᠨᠢ ᠴᠠᠭ ᠣᠷᠣᠨ ᠵᠠᠢ ᠶᠢ ᠠᠯᠤᠰᠯᠠᠭᠰᠠᠨ ᠤᠷᠳᠤ ᠬᠤᠩᠬᠢᠯ ᠳᠤ᠂ ᠤᠯᠠᠨ ᠰᠡᠷᠡᠯ ᠤᠨ ᠡᠷᠬᠡᠲᠡᠨ ᠢᠶᠠᠷ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢ ᠮᠡᠳᠡᠷᠡᠵᠦ᠂ ᠠᠳᠠᠯᠢ ᠪᠤᠰᠤ ᠬᠡᠮᠵᠢᠯᠳᠦ ᠥᠪᠡᠷᠮᠢᠴᠡ ᠲᠡᠮᠳᠡᠭ ᠢᠶᠠᠷ ᠳᠤᠮᠳᠠᠳᠤ ᠤᠯᠤᠰ ᠤᠨ ᠶᠡᠷᠦ ᠪᠤᠰᠤ ᠶᠢᠨ ᠠᠷᠪᠠᠨ ᠵᠢᠯ ᠢ ᠲᠡᠮᠳᠡᠭᠯᠡᠪᠡ᠃ ᠣᠯᠠᠨ ᠢᠶᠠᠷ ᠢᠶᠠᠨ ᠵᠣᠭᠰᠣᠨ ᠠᠵᠢᠭᠯᠠᠵᠤ᠂ ᠬᠠᠷᠢᠯᠴᠠᠨ ᠰᠣᠯᠢᠯᠴᠠᠨ ᠶᠠᠷᠢᠯᠴᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠪᠣᠳᠣᠯᠬᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号