ᠰᠠᠶᠢᠨᠬᠤᠸᠠᠷ ᠬᠦᠷᠢᠶᠡᠯᠡᠩ ᠲᠣᠭᠤᠷᠢᠭ ᠳᠤ ᠤᠶᠢᠷ᠎ᠠ ᠲᠡᠭᠦᠷᠭᠡ ᠳᠤ ᠵᠤᠭᠠᠴᠠᠨ ᠠᠮᠠᠷᠠᠯᠲᠠ ᠶᠢᠨ ᠬᠤᠭᠤᠴᠠᠭᠠᠨ ᠤ ᠰᠠᠶᠢᠨ ᠰᠠᠶᠢᠬᠠᠨ ᠴᠠᠭ ᠮᠥᠴᠡ ᠶᠢ ᠡᠳ᠋ᠯᠡᠨ᠎ᠡ
ᠨᠡᠶᠢᠲᠡᠯᠡᠭᠰᠡᠨ ᠴᠠᠭ᠄
2023/10/19
   ᠤᠳᠤ ᠳᠤ᠂ ᠤᠶᠢᠷ᠎ᠠ ᠲᠡᠭᠦᠷᠭᠡ ᠶᠢᠨ ᠵᠤᠭᠠᠴᠠᠯ ᠨᠢ ᠲᠦᠴᠢᠦᠸᠠᠨ ᠰᠢᠶᠠᠨ ᠤ ᠰᠠᠭᠤᠭᠠᠯᠢ ᠠᠷᠠᠳ ᠭᠠᠳᠠᠭᠰᠢ ᠭᠠᠷᠴᠤ ᠵᠤᠭᠠᠴᠠᠬᠤ ︽ᠬᠠᠯᠠᠮᠰᠢᠯ ᠦᠭᠡ︾ ᠪᠣᠯᠤᠭᠰᠠᠨ ᠪᠠᠶᠢᠨ᠎ᠠ᠂ ᠭᠠᠷᠠᠭ ᠤᠨ ᠰᠡᠭᠦᠯᠴᠢ ᠪᠣᠯᠬᠤ ᠪᠦᠷᠢ ᠲᠦᠴᠢᠦᠸᠠᠨ ᠰᠢᠶᠠᠨ ᠤ ᠰᠠᠶᠢᠨᠬᠤᠸᠠᠷ ᠬᠦᠷᠢᠶᠡᠯᠡᠩ ᠲᠣᠭᠤᠷᠢᠭ ᠲᠤ ᠨᠢᠭᠡ ᠪᠦᠯᠦᠭ ᠵᠤᠭᠠᠴᠠᠭᠰᠠᠳ ᠢᠷᠡᠳᠡᠭ᠃ ᠤᠯᠠᠨ ᠢᠶᠠᠷ ᠢᠶᠠᠨ ᠲᠦᠷᠦᠯ ᠰᠠᠳᠤᠨ ᠨᠠᠶᠢᠵᠠ ᠨᠥᠬᠦᠳ ᠢᠶᠠᠨ ᠳᠠᠭᠠᠭᠤᠯᠤᠨ ᠨᠤᠭᠤᠭᠠᠨ ᠵᠢᠮᠢᠰ ᠲᠡᠭᠦᠵᠦ᠂ ᠠᠷᠠᠳ  ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠣᠷᠳᠣᠨ ᠳᠤ ᠢᠷᠡᠵᠤ ᠰᠣᠨᠢᠷᠬᠠᠵᠤ᠂ ᠬᠥᠳᠡᠭᠡ ᠲᠣᠰᠬᠤᠨ ᠤ ᠦᠵᠡᠰᠬᠦᠯᠡᠩᠲᠦ ᠰᠠᠶᠢᠬᠠᠨ ᠦᠵᠡᠮᠵᠢ ᠪᠠ ᠰᠢᠨ᠎ᠡ ᠬᠤᠪᠢᠷᠠᠯᠲᠠ ᠶᠢ ᠤᠢᠢᠯᠠᠭᠠᠭᠰᠠᠠ ᠪᠥᠭᠡᠳ ᠠᠮᠠᠷᠠᠯᠲᠠ ᠶᠢᠨ ᠬᠤᠭᠤᠴᠠᠭᠠᠨ ᠤ ᠠᠪᠴᠢᠷᠠᠭᠰᠠᠨ ᠰᠤᠯᠠ ᠰᠡᠯᠡᠭᠦᠦ ᠪᠠ ᠪᠠᠶᠠᠷ ᠪᠠᠶᠠᠰᠤᠯ ᠢ ᠡᠳ᠋ᠯᠡᠨ᠎ᠡ᠃
   ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠳᠤ ᠣᠷᠣᠪᠠᠯ᠂ ᠰᠤᠭᠳᠤᠭᠤᠷᠠᠬᠤ ᠮᠠᠶ᠋ᠢᠭ ᠤᠨ ᠲᠣᠭᠠᠴᠢᠯᠠᠭᠰᠠᠨ ᠪᠡᠶᠡᠴᠢᠯᠡᠨ ᠣᠶᠢᠯᠠᠭᠠᠯᠲᠠ᠂ ᠪᠦᠷᠢᠨ ᠮᠡᠳᠡᠭᠡ ᠵᠠᠩᠭᠢ ᠶᠢᠨ ᠳᠦᠷᠰᠦ ᠰᠢᠩᠭᠡᠭᠡᠯᠲᠡ᠂ ᠰᠤᠭᠳᠤᠭᠤᠷᠠᠬᠤ ᠮᠠᠶ᠋ᠢᠭ ᠤᠨ ᠪᠡᠶᠡᠴᠢᠯᠡᠨ ᠣᠶᠢᠯᠠᠭᠠᠬᠤ ᠬᠠᠷᠢᠯᠴᠠᠨ ᠬᠦᠳᠦᠯᠦᠯᠴᠡᠬᠦ ᠣᠷᠣᠨ ᠵᠠᠢ᠂ VR ᠳᠦᠷᠰᠦ ᠰᠢᠩᠭᠡᠭᠡᠯᠲᠡ᠂ AIGC ᠵᠡᠷᠭᠡ ᠲᠣᠭᠠᠴᠢᠯᠠᠭᠰᠠᠨ ᠮᠡᠷᠭᠡᠵᠢᠯ ᠨᠢ ᠬᠥᠮᠦᠰ ᠤᠨ ᠨᠢᠳᠦ ᠶᠢ ᠭᠡᠷᠡᠯᠲᠦᠭᠦᠯᠵᠦ᠂ ᠲᠣᠭᠤᠷᠢᠨ ᠦᠵᠡᠭᠴᠢᠳ ᠬᠠᠷᠠᠭ᠎ᠠ᠂ ᠰᠣᠨᠣᠷ᠂ ᠠᠮᠳᠠ᠂ ᠦᠨᠦᠷ᠂ ᠬᠦᠷᠦᠯᠴᠡᠬᠦ ᠰᠡᠷᠡᠯ ᠢᠶᠠᠷ ᠲᠦᠴᠢᠦᠸᠠᠨ ᠤ ᠠᠷᠠᠳ ᠤᠨ ᠵᠠᠩ ᠦᠢᠯᠡ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠶᠢ ᠮᠡᠳᠡᠷᠡᠵᠦ᠂ ᠲᠡᠦᠬᠡ ᠶᠢ ᠰᠣᠨᠣᠰᠴᠤ᠂ ᠡᠷᠭᠢᠴᠡᠭᠦᠯᠦᠯ ᠢ ᠣᠶᠢᠯᠠᠭᠠᠵᠤ᠂ ᠬᠠᠶᠢᠷ᠎ᠠ ᠰᠡᠳᠬᠢᠯᠭᠡ ᠶᠢ ᠦᠯᠡᠳᠡᠭᠡᠵᠦ ᠴᠢᠳᠠᠨ᠎ᠠ᠃
   ᠲᠣᠭᠤᠷᠢᠨ ᠦᠵᠡᠭᠴᠢ ᠵᠠᠩ ᠽᠧ ᠴᠢᠶᠦ᠋ᠨ᠄ ︽ᠠᠮᠠᠷᠠᠯᠲᠠ ᠶᠢᠨ ᠬᠤᠭᠤᠴᠠᠭᠠᠨ ᠳᠤ ᠭᠡᠷ ᠤᠨ ᠬᠥᠮᠦᠰ ᠪᠣᠯᠤᠨ ᠨᠠᠶᠢᠵᠠ ᠨᠠᠷ ᠢᠶᠠᠨ ᠳᠠᠭᠠᠭᠤᠯᠤᠨ ᠮᠠᠨ ᠤ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠳᠤ ᠢᠷᠡᠵᠦ ᠲᠣᠭᠤᠷᠢᠨ ᠦᠵᠡᠵᠦ᠂ ᠨᠠᠳᠠ ᠳᠤ ᠮᠠᠰᠢ ᠣᠯᠠᠨ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠂ ᠰᠤᠭᠳᠤᠭᠤᠷᠠᠬᠤ ᠮᠠᠶ᠋ᠢᠭ ᠳᠡᠯᠭᠡᠨ ᠦᠵᠡᠭᠦᠯᠬᠦ ᠲᠢᠩᠬᠢᠮ᠂ AI ᠮᠡᠷᠭᠡᠵᠢᠯ᠂ ᠪᠠᠰᠠ ᠨᠢᠭᠡ ᠪᠦᠯᠦᠭ ᠮᠠᠨ ᠤ ᠤᠯᠤᠰ  ᠤᠨ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠤᠨ ᠡᠪᠡᠰᠦᠨ ᠭᠦᠷᠦᠮᠡᠯ ᠴᠠᠭᠠᠰᠤᠨ ᠬᠠᠶᠢᠴᠢᠯᠠᠮᠠᠯ ᠵᠡᠷᠭᠡ  ᠶᠢ ᠦᠵᠡᠵᠦ᠂ ᠪᠢ ᠰᠤᠷᠤᠯᠴᠠᠬᠤ ᠰᠠᠨᠠᠭ᠎ᠠ ᠤᠷᠤᠵᠦ᠂ ᠪᠡᠶᠡᠴᠢᠯᠡᠨ ᠣᠶᠢᠯᠠᠭᠠᠬᠤ ᠣᠷᠳᠣᠨ ᠢ ᠪᠠᠶᠢᠭᠤᠯᠤᠭᠰᠠᠨ ᠨᠢ ᠪᠠᠰᠠ ᠮᠠᠰᠢ ᠰᠠᠶᠢᠨ᠂ ᠳᠠᠷᠠᠭ᠎ᠠ ᠳᠤᠨᠢ ᠨᠠᠳᠠ ᠳᠤ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ  ᠶᠢ ᠮᠡᠳᠡᠷᠡᠭᠦᠯᠪᠡ᠃︾ ᠭᠡᠵᠡᠢ᠃
   ᠦᠵᠡᠭᠦᠯᠦᠯᠭᠡ ᠶᠢᠨ ᠲᠢᠩᠬᠢᠮ ᠤᠨ ᠲᠠᠯᠠᠪᠠᠶ ᠨᠢ 1800 ᠲᠡᠭᠰᠢ ᠳᠥᠷᠪᠡᠯᠵᠢᠨ ᠮᠧᠲᠷ ᠪᠠᠶᠢᠵᠤ᠂ 3 ᠦᠵᠡᠭᠦᠯᠦᠯᠭᠡ ᠶᠢᠨ ᠲᠣᠭᠤᠷᠢᠭ ᠬᠤᠪᠢᠶᠠᠵᠠᠶ᠃ ᠲᠤᠰ ᠲᠤᠰ ᠵᠠᠩ ᠦᠢᠯᠡ ᠶᠢᠨ ᠡᠬᠢ ᠰᠤᠷᠪᠤᠯᠵᠢ ᠶᠢ ᠡᠷᠢᠬᠦ᠂ ᠲᠦᠴᠢᠦᠸᠠᠨ ᠤ ᠵᠠᠭᠤᠨ ᠵᠢᠯ ᠤᠨ ᠵᠠᠩ ᠦᠢᠯᠡ ᠠᠷᠠᠳ ᠤᠨ ᠠᠮᠢᠳᠤᠷᠠᠯ᠂ ᠰᠤᠳᠤᠯᠤᠨ ᠰᠤᠷᠤᠯᠴᠠᠬᠤ ᠢᠶᠠᠷ ᠭᠤᠣᠯ ᠰᠡᠳᠦᠪ ᠪᠣᠯᠭᠠᠨ᠂ ᠭᠤᠣᠯᠳᠠᠭᠤ ᠲᠦᠴᠢᠤᠸᠠᠨ ᠲᠠᠬᠢ ᠵᠠᠩ ᠦᠢᠯᠡ ᠶᠢᠨ ᠰᠣᠶᠣᠯ ᠪᠠ ᠪᠣᠳᠠᠰ ᠤᠨ ᠪᠤᠰᠤ ᠰᠣᠶᠣᠯ  ᠤᠨ ᠥᠪ ᠢ ᠲᠠᠨᠢᠯᠴᠠᠭᠤᠯᠬᠤ ᠶᠢᠨ ᠬᠠᠮᠲᠤ᠂ ᠭᠠᠷ ᠢᠶᠠᠷ ᠦᠢᠯᠡᠳᠬᠦ ᠬᠤᠷᠢᠶ᠎ᠠ᠂ ᠬᠡᠦᠬᠡᠳ ᠤᠨ ᠵᠦᠴᠦᠭᠡ ᠶᠢᠨ ᠵᠣᠬᠢᠶᠠᠯ ᠤᠨ ᠲᠤᠭᠯᠠᠯᠳᠠ᠂ ᠤᠯᠤᠰ ᠤᠨ ᠰᠤᠳᠤᠯᠤᠯ ᠠᠷᠠᠳ ᠤᠨ ᠤᠷᠠᠯᠢᠭ ᠤᠨ ᠠᠮᠢᠳᠤᠷᠠᠯ ᠤᠨ ᠣᠷᠳᠣᠨ ᠪᠠ ᠪᠦᠲᠦᠭᠡᠯᠴᠢ ᠦᠢᠯᠡᠳᠬᠡᠯ ᠤᠨ ᠭᠠᠵᠠᠷ ᠢ ᠲᠣᠬᠢᠷᠠᠭᠤᠯᠪᠠ᠃ ᠣᠷᠳᠣᠨ ᠤ ᠳᠣᠲᠣᠷ᠎ᠠ ᠪᠣᠳᠠᠲᠤ ᠪᠣᠳᠠᠰ ᠤᠨ ᠦᠵᠡᠭᠦᠯᠦᠯᠭᠡ᠂ ᠵᠢᠷᠤᠭ ᠪᠢᠴᠢᠭ ᠤᠨ ᠲᠣᠳᠣᠷᠬᠠᠶᠢᠯᠠᠯᠲᠠ ᠵᠡᠷᠭᠡ ᠤᠯᠠᠮᠵᠢᠯᠠᠯᠲᠤ ᠦᠵᠡᠭᠦᠯᠭᠡ ᠶᠢᠨ ᠠᠷᠭ᠎ᠠ ᠬᠡᠯᠪᠡᠷᠢ ᠪᠠᠶᠢᠬᠤ ᠪᠠᠷ ᠪᠠᠷᠠᠬᠤ ᠥᠬᠡᠶ᠂ ᠪᠠᠰᠠ ᠲᠣᠭᠠᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠠᠪᠴᠤ᠂ ᠲᠣᠭᠤᠷᠢᠨ ᠦᠵᠡᠭᠴᠢᠳ ᠲᠤ ᠴᠣ ᠰᠢᠨ᠎ᠡ ᠬᠠᠷᠢᠯᠴᠠᠨ ᠬᠥᠳᠡᠯᠦᠯᠴᠡᠬᠦ ᠣᠶᠢᠯᠠᠭᠠᠯᠲᠠ ᠶᠢ ᠠᠪᠴᠢᠷᠠᠭᠰᠠᠨ ᠪᠠᠶᠢᠨ᠎ᠠ᠃ ᠲᠣᠭᠠᠴᠢᠯᠠᠭᠰᠠᠨ ᠮᠡᠷᠭᠡᠵᠢᠯ ᠢᠶᠠᠷ ᠳᠠᠮᠵᠢᠨ᠂ ᠲᠣᠭᠤᠷᠢᠨ ᠦᠵᠡᠭᠴᠢᠳ ᠦᠵᠡᠭᠦᠯᠭᠡ ᠶᠢᠨ ᠠᠷᠤ ᠳᠠᠬᠢ ᠦᠯᠢᠭᠡᠷ ᠪᠠ ᠰᠣᠶᠣᠯ ᠤᠨ ᠠᠭᠤᠯᠤᠭᠳᠠᠬᠤᠨ ᠢ ᠨᠡᠩ ᠰᠢᠭᠤᠳ᠂ ᠨᠡᠩ ᠠᠮᠢᠳᠤᠯᠢᠭ ᠢᠶᠠᠷ ᠣᠶᠢᠯᠠᠭᠠᠵᠤ ᠪᠣᠯᠤᠨ᠎ᠠ᠃
︽ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠨᠢ ᠤᠤᠯ ᠤᠨ ᠲᠠᠷᠢᠶᠠᠯᠠᠬᠤ ᠠᠷᠠᠳ ᠤᠨ ᠵᠠᠩ ᠦᠢᠯᠡ ᠶᠢᠨ ᠮᠦᠽᠧᠢ ᠶᠢᠨ ᠰᠠᠭᠤᠷᠢᠨ ᠲᠡᠭᠡᠷ᠎ᠡ ᠥᠭᠡᠷᠡᠴᠢᠯᠡᠨ ᠪᠠᠶᠢᠭᠤᠯᠵᠤ ᠳᠡᠭᠡᠭᠰᠢᠯᠡᠭᠦᠯᠦᠭᠰᠡᠨ ᠶᠤᠮ᠂ ᠬᠢᠩᠭᠠᠨ ᠠᠶᠢᠮᠠᠭ ᠤᠨ ᠠᠩᠬᠠᠳᠠᠭᠴᠢ ᠲᠣᠭᠠᠴᠢᠯᠠᠭᠰᠠᠨ᠂ ᠰᠤᠭᠳᠤᠭᠤᠷᠠᠭᠰᠠᠨ ᠮᠠᠶ᠋ᠢᠭ ᠤᠨ ᠦᠵᠡᠭᠦᠯᠭᠡ ᠶᠢᠨ ᠲᠢᠩᠬᠢᠮ ᠢ ᠪᠠᠶᠢᠭᠤᠯᠬᠤ ᠪᠠᠷ ᠬᠦᠴᠦᠯᠡᠨ ᠴᠢᠷᠮᠠᠶᠢᠪᠠ᠃ ᠪᠡᠶᠡᠴᠢᠯᠡᠨ ᠣᠶᠢᠯᠠᠭᠠᠬᠤ ᠣᠷᠳᠣᠨ ᠢ ᠨᠡᠭᠡᠭᠡᠭᠰᠡᠨ ᠠᠴᠠ ᠨᠠᠰᠢ᠂ ᠮᠠᠨ ᠤ ᠡᠷᠬᠢᠨ ᠲᠣᠭᠤᠷᠢᠨ ᠤ ᠴᠥᠭᠡᠨ ᠪᠤᠰᠤ ᠵᠢᠭᠤᠯᠴᠢᠯᠠᠭᠴᠢᠳ ᠤᠨ ᠠᠩᠬᠠᠷᠤᠯ ᠢ ᠲᠠᠲᠠᠵᠤ᠂ ᠺᠠᠷᠲ ᠪᠦᠷᠢᠳᠭᠡᠬᠦ ᠪᠠ ᠬᠡᠷᠡᠯ ᠵᠢᠷᠤᠭ ᠲᠠᠲᠠᠬᠤ  ᠪᠠᠷ ᠢᠷᠡᠵᠡᠶ᠂ ᠢᠯᠠᠩᠭᠤᠶ᠎ᠠ ᠨᠠᠶᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠠ ᠤᠯᠤᠰ ᠤᠨ ᠪᠠᠶᠠᠷ ᠤᠨ ᠬᠤᠭᠤᠴᠠᠭᠠᠨ ᠳᠤ᠂ ᠮᠠᠨ ᠤ ᠭᠥᠯᠢᠶᠡᠨ ᠠᠪᠴᠤ ᠵᠣᠴᠢᠯᠠᠭᠰᠠᠨ ᠬᠥᠮᠦᠨ ᠤ ᠲᠤᠭ᠎ᠠ ᠲᠦᠮᠡ ᠶᠢ ᠳᠠᠪᠠᠵᠤ᠂ ᠣᠲᠣ ᠬᠠᠯᠠᠭᠤᠨ ᠤ ᠬᠡᠮᠵᠢᠶ᠎ᠡ ᠴᠦ ᠦᠷᠭᠦᠯᠵᠢᠯᠡᠨ ᠪᠠᠭᠤᠷᠠᠭᠰᠠᠨ ᠥᠬᠡᠶ᠂ ᠮᠥᠨ ᠴᠦ ᠬᠤᠶᠢᠰᠢᠳᠠ ᠶᠢᠨ ᠡᠳᠦᠷ ᠤᠳ ᠲᠤ᠂ ᠮᠠᠨ ᠤ ᠡᠷᠬᠢᠨ ᠲᠣᠭᠤᠷᠢᠨ ᠤ ᠣᠯᠠᠨ ᠲᠦᠮᠡᠨ ᠴᠦ ᠢᠳᠡᠪᠬᠢᠲᠡᠶ ᠪᠠᠷ ᠺᠠᠷᠲ ᠪᠦᠷᠢᠳᠭᠡᠬᠦ ᠪᠠᠷ ᠢᠷᠡᠵᠦ᠂ ᠮᠠᠨ ᠤ ᠳᠤᠮᠳᠠᠳᠤ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠢᠶᠠᠨ ᠤᠯᠠᠮᠵᠢᠯᠠᠨ ᠪᠠᠳᠠᠷᠠᠭᠤᠯᠬᠤ ᠶᠢ ᠬᠦᠰᠡᠵᠦ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠤ ᠲᠠᠶᠢᠯᠪᠤᠷᠢᠯᠠᠭᠴᠢ ᠫᠠᠩ ᠪᠥᠸᠧ ᠬᠡᠯᠡᠪᠡ᠃
   ᠲᠦᠴᠢᠦᠸᠠᠨ ᠰᠢᠶᠠᠨ ᠤ ᠰᠠᠶᠢᠨᠬᠤᠸᠠᠷ ᠰᠢᠭᠦᠰᠦᠯᠢᠭ ᠵᠢᠮᠢᠰ ᠤᠨ ᠤᠶᠤᠨᠲᠤ ᠲᠠᠷᠢᠶᠠᠯᠠᠩ ᠤᠨ ᠠᠵᠤ ᠦᠶᠯᠡᠰ  ᠤᠨ ᠬᠦᠷᠢᠶᠡᠯᠡᠩ ᠳᠤ᠂ ᠠᠩᠬᠢᠯᠤᠮ᠎ᠠ ᠰᠠᠶᠢᠬᠠᠨ ᠭᠦᠵᠡᠯᠵᠡᠭᠡᠨ᠎ᠡ ᠶᠢᠨ ᠦᠨᠦᠷ ᠬᠠᠮᠠᠷ ᠴᠣᠷᠭᠢᠵᠤ᠂ ᠨᠢᠭᠡ ᠨᠢᠭᠡ ᠪᠣᠳᠠ ᠂ ᠨᠢᠭᠡ ᠮᠦᠷ ᠮᠦᠷ ᠭᠦᠵᠡᠯᠵᠡᠭᠡᠨ᠎ᠡ ᠶᠢᠨ ᠴᠢᠬᠢ ᠨᠣᠭᠤᠭᠠᠷᠠᠵᠤ᠂ ᠪᠤᠯᠪᠠᠷᠠᠶ ᠵᠥᠭᠡᠯᠡᠨ ᠭᠦᠵᠡᠯᠵᠡᠭᠡᠨ᠎ᠡ ᠶᠠᠭ ᠨᠢᠭᠡ ᠮᠥᠬᠦᠯᠢᠭ ᠪᠠᠳᠮᠠᠷᠠᠭ᠎ᠠ ᠰᠢᠭ ᠢᠶᠠᠷ ᠠᠮᠢᠵᠢᠷᠠᠯ ᠪᠢᠯᠬᠠᠭᠰᠠᠨ ᠦᠵᠡᠮᠵᠢ ᠪᠠᠶᠢᠳᠠᠯ ᠲᠠᠢ ᠬᠠᠷᠠᠭᠳᠠᠨ᠎ᠠ᠃ ᠵᠢᠭᠤᠯᠴᠢᠯᠠᠭᠴᠢᠳ ᠪᠠᠶᠢᠨ ᠪᠠᠶᠢᠨ ᠬᠡᠷ ᠪᠦᠯᠢ ᠪᠠᠨ ᠳᠠᠭᠠᠭᠤᠯᠤᠨ᠂ ᠨᠠᠶᠢᠵᠠ ᠨᠠᠷ ᠢᠶᠠᠨ ᠳᠠᠭᠤᠳᠠᠵᠤ ᠠᠳᠡ ᠢᠷᠡᠵᠦ ᠲᠡᠭᠦᠵᠦ᠂ ᠬᠥᠳᠡᠭᠡ ᠨᠤᠲᠤᠭ ᠤᠨ ᠬᠠᠪᠤ ᠴᠡᠩᠭᠡᠯ ᠢ ᠡᠳ᠋ᠯᠡᠨ᠎ᠡ᠃
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠰᠢᠨ᠎ᠡ ᠶᠢ ᠡᠭᠦᠳᠬᠦ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠦᠴᠢᠦᠸᠠᠨ ᠰᠢᠶᠠᠨ ᠤ ᠰᠠᠶᠢᠨᠬᠤᠸᠠᠷ ᠰᠢᠭᠦᠰᠦᠯᠢᠭ ᠵᠢᠮᠢᠰ ᠤᠨ ᠤᠶᠤᠨᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠬᠦᠴᠦᠯᠡᠨ ᠪᠠᠶᠢᠭᠤᠯᠵᠤ᠂ ᠬᠦᠭᠡ ᠵᠢᠮᠢᠰᠭᠡᠨ᠎ᠡ᠂ ᠪᠥᠭᠡᠷᠡᠯᠵᠢᠭᠡᠨ᠎ᠡ᠂ ᠭᠦᠵᠡᠯᠵᠡᠭᠡᠨ᠎ᠡ ᠵᠡᠷᠭᠡ ᠴᠢᠨᠠᠷ ᠰᠠᠶᠢᠲᠠᠢ ᠭᠦᠵᠡᠯᠵᠡᠭᠡᠨ᠎ᠡ ᠶᠢᠨ ᠲᠦᠷᠦᠯ ᠢ ᠲᠠᠷᠢᠵᠤ᠂ ᠴᠢᠯᠥᠭᠡᠲᠡᠢ ᠲᠡᠭᠦᠬᠦ᠂ ᠪᠡᠶᠡᠴᠢᠯᠡᠨ ᠣᠶᠢᠯᠠᠭᠠᠵᠤ ᠰᠤᠳᠤᠯᠤᠨ ᠰᠤᠷᠤᠯᠴᠠᠬᠤ᠂ ᠡᠴᠢᠭᠡ ᠡᠬᠡ ᠦᠷ᠎ᠡ ᠬᠡᠦᠬᠡᠳ ᠤᠨ ᠬᠤᠷᠰᠢᠯᠴᠠᠭ᠎ᠠ ᠵᠡᠷᠭᠡ ᠶᠢ ᠨᠢᠭᠡ ᠴᠤᠬᠴᠠᠵᠢᠭᠤᠯᠤᠭᠰᠠᠨ ᠤᠢᠢᠷ᠎ᠠ ᠲᠡᠭᠦᠷᠭᠡ ᠶᠢᠨ ᠵᠢᠭᠤᠯᠴᠢᠯᠠᠯ  ᠤᠨ ᠰᠢᠨ᠎ᠡ ᠬᠢᠯᠠᠰ ᠴᠡᠭ ᠢ ᠪᠦᠷᠢᠯᠳᠦᠭᠦᠯᠵᠦ᠂ ᠮᠠᠰᠢ ᠤᠯᠠᠨ ᠵᠤᠭᠠᠴᠠᠭᠰᠠᠳ ᠢ ᠲᠠᠲᠠᠵᠠᠢ᠃
   ᠲᠦᠴᠢᠦᠸᠠᠨ ᠰᠢᠶᠠᠨ ᠤ ᠰᠠᠶᠢᠨᠬᠤᠸᠠᠷ ᠰᠢᠭᠦᠰᠦᠯᠢᠭ ᠵᠢᠮᠢᠰ ᠤᠨ ᠤᠶᠤᠨᠲᠤ ᠲᠠᠷᠢᠶᠠᠯᠠᠩ ᠤᠨ ᠠᠵᠤ ᠦᠶᠯᠡᠰ  ᠤᠨ ᠬᠦᠷᠢᠶᠡᠯᠡᠩ ᠤᠨ ᠮᠡᠷᠭᠡᠵᠢᠯᠲᠡᠨ ᠴᠢᠦᠶ ᠵᠣᠣ ᠶᠦᠨ᠄ ︽ᠣᠳᠣᠬᠠᠨ ᠳᠤ ᠮᠠᠨ ᠤ ᠬᠦᠷᠢᠶᠡᠯᠡᠩ ᠲᠣᠭᠤᠷᠢᠭ ᠭᠤᠤᠯᠳᠠᠭᠤ ᠡᠶᠢᠮᠦᠷᠬᠦᠦ ᠥᠨᠳᠥᠷ ᠵᠢᠶᠠᠰᠠ ᠲᠠᠢ ᠰᠢᠷᠣᠶ ᠥᠬᠡᠶ ᠪᠠᠷ ᠳᠠᠷᠢᠵᠤ ᠪᠣᠶᠢᠵᠢᠭᠤᠯᠬᠤ ᠠᠷᠭ᠎ᠠ ᠶᠢ ᠬᠡᠷᠡᠭᠯᠡᠵᠦ ᠂ ᠠᠷᠢᠭᠤᠨ ᠴᠡᠪᠡᠷ᠂ ᠡᠷᠡᠭᠦᠯ ᠬᠠᠮᠠᠭᠠᠯᠠᠯ᠂ ᠪᠣᠬᠢᠷᠲᠤᠯ ᠥᠬᠡᠶ ᠪᠠᠶᠢᠬᠤ ᠶᠢ ᠪᠠᠲᠤᠯᠠᠵᠤ ᠪᠠᠶᠢᠨ᠎ᠠ᠃ ᠳᠠᠷᠠᠭᠠᠯᠠᠪᠠᠯ᠂ ᠪᠢᠳᠡ ᠡᠶᠢᠮᠦ ᠲᠥᠬᠦᠭᠡᠷᠦᠮᠵᠢᠲᠦ ᠲᠠᠷᠢᠶᠠᠯᠠᠩ ᠢ ᠬᠡᠷᠡᠭᠯᠡᠨ ᠳᠠᠷᠢᠵᠤ᠂ ᠵᠢᠯ ᠤᠨ ᠳᠥᠷᠪᠡᠨ ᠤᠯᠠᠷᠢᠯ ᠳᠤ ᠴᠥᠮ ᠲᠡᠭᠦᠵᠦ ᠪᠣᠯᠬᠤ ᠶᠢ ᠪᠠᠲᠤᠯᠠᠨ᠎ᠠ᠃ ᠣᠳᠣᠬᠠᠨ ᠳᠤ ᠪᠢᠳᠡᠨ ᠤ ᠪᠣᠷᠣᠯᠠᠭᠤᠯᠭ᠎ᠠ ᠳᠤ ᠬᠤᠶᠠᠷ ᠵᠦᠶᠯ ᠤᠨ ᠠᠷᠭ᠎ᠠ ᠪᠠᠶᠢᠨ᠎ᠠ᠂ ᠨᠢᠭᠡ ᠨᠢ ᠰᠦᠯᠵᠢᠶᠡᠨ ᠭᠠᠳᠠᠨᠠᠬᠢ ᠪᠣᠷᠣᠯᠠᠭᠤᠯᠭ᠎ᠠ᠂ ᠳᠠᠷᠤᠶ ᠬᠥᠮᠦᠰ ᠤᠨ ᠲᠡᠭᠦᠬᠦ ᠪᠣᠯᠤᠨ᠎ᠠ᠂ ᠣᠲᠣ ᠪᠣᠯᠲᠠᠯ᠎ᠠ᠂ ᠵᠤᠭᠠᠴᠠᠭᠰᠠᠳ ᠨᠢᠭᠡᠨᠲᠡ 2000 ᠭᠠᠷᠤᠶ ᠬᠥᠮᠦᠨ ᠠᠴᠠ ᠳᠡᠭᠡᠭᠰᠢ ᠪᠣᠯᠵᠣ᠂ ᠳᠠᠷᠠᠭ᠎ᠠ ᠨᠢ ᠱᠠᠩᠬᠠᠶ ᠳᠤ ᠲᠠᠷᠬᠠᠭᠠᠨ᠂ ᠱᠠᠩᠬᠠᠶ ᠶᠢᠨ ᠵᠠᠷᠢᠮ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ  ᠪᠣᠷᠣᠯᠠᠭᠤᠯᠭ᠎ᠠ ᠬᠢᠵᠦ ᠪᠠᠶᠢᠨ᠎ᠠ︾ ᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号