ᠲᠦᠴᠢᠦᠸᠠᠨ ᠰᠢᠶᠠᠨ ᠤ ᠨᠣᠮ ᠤᠨ ᠰᠠᠩ ᠤᠨ ︽ᠰᠢᠨ᠎ᠡ ᠴᠠᠭ ᠦᠶ᠎ᠡ ᠳᠤ ᠨᠣᠮ ᠪᠢᠴᠢᠭ ᠤᠩᠰᠢᠵᠤ ᠪᠠᠭ᠎ᠠ ᠨᠠᠰᠤ ᠶᠢ ᠤᠮᠳᠠᠯᠠᠬᠤ︾ ᠨᠣᠮ ᠤᠩᠰᠢᠵᠤ ᠺᠠᠷᠲ ᠪᠦᠷᠢᠳᠭᠡᠬᠦ ᠠᠵᠢᠯᠯᠠᠭ᠎ᠠ ᠲᠡᠭᠦᠰ ᠠᠮᠵᠢᠯᠲᠠ  ᠲᠠᠢ ᠥᠨᠳᠥᠷᠯᠡᠪᠡ︕
ᠨᠡᠶᠢᠲᠡᠯᠡᠭᠰᠡᠨ ᠴᠠᠭ᠄
2023/10/21
   ᠬᠡᠦᠬᠡᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠤᠯᠠᠮ ᠨᠢᠭᠡ ᠠᠯᠬᠤᠮ ᠬᠥᠭᠵᠢᠭᠡᠵᠦ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ᠂ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠬᠥᠮᠦᠵᠢᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠨᠣᠮ ᠤᠨ ᠰᠠᠩ ︽ᠰᠢᠨ᠎ᠡ ᠴᠠᠭ ᠦᠶ᠎ᠡ ᠳᠤ ᠨᠣᠮ ᠪᠢᠴᠢᠭ ᠤᠩᠰᠢᠵᠤ ᠪᠠᠭ᠎ᠠ ᠨᠠᠰᠤ ᠶᠢ ᠤᠮᠳᠠᠯᠠᠬᠤ︾ ᠨᠣᠮ ᠤᠩᠰᠢᠵᠤ ᠺᠠᠷᠲ ᠪᠦᠷᠢᠳᠭᠡᠬᠦ ᠠᠵᠢᠯᠯᠠᠭ᠎ᠠ ᠶᠢ ᠣᠨᠴᠠᠭᠠᠶᠢᠯᠠᠨ ᠥᠷᠨᠢᠭᠦᠯᠵᠦ᠂ ᠨᠣᠮ ᠤᠩᠰᠢᠵᠤ ᠺᠠᠷᠲ ᠪᠦᠷᠢᠳᠭᠡᠬᠦ ᠪᠠᠷ ᠳᠠᠮᠵᠢᠭᠤᠯᠤᠨ᠂ ᠬᠡᠦᠬᠡᠳ ᠤᠨ ᠬᠢᠴᠢᠶᠡᠯ  ᠤᠨ ᠭᠠᠳᠠᠨᠠᠬᠢ ᠴᠠᠭ ᠲᠤ ᠢᠯᠡᠭᠦᠦ ᠨᠣᠮ ᠤᠩᠰᠢᠵᠤ᠂ ᠢᠯᠡᠭᠦᠦ ᠬᠤᠷᠠᠮᠳᠤᠭᠤᠯᠬᠤ᠂ ᠨᠣᠮ ᠤᠩᠰᠢᠬᠤ ᠳᠤᠷᠠᠲᠠᠶ᠂ ᠨᠣᠮ ᠤᠩᠰᠢᠬᠤ ᠶᠢ ᠵᠣᠷᠢᠭᠵᠢᠭᠤᠯᠬᠤ ᠪᠠᠷ ᠵᠣᠷᠢᠯᠭ᠎ᠠ ᠪᠣᠯᠭᠠᠵᠠᠶ᠃ ᠨᠣᠮ ᠪᠢᠴᠢᠭ ᠤᠩᠰᠢᠬᠤ ᠪᠠᠷ ᠳᠡᠮᠵᠢᠨ᠂ ᠲᠠᠰᠤᠷᠠᠯᠲᠠ ᠥᠬᠡᠶ ᠥᠩᠭᠡᠷᠡᠯᠲᠡ ᠪᠠᠨ ᠪᠠᠶᠠᠯᠢᠭᠵᠢᠭᠤᠯᠵᠤ᠂ ᠬᠠᠷᠠᠭ᠎ᠠ ᠪᠠᠨ ᠥᠷᠭᠡᠳᠬᠡᠨ᠂ ᠮᠡᠳᠡᠯᠭᠡ ᠪᠠᠨ ᠨᠡᠮᠡᠭᠳᠡᠭᠦᠯᠵᠦ᠂ ᠵᠠᠩ ᠠᠭᠠᠯᠢ ᠪᠠᠨ ᠪᠤᠯᠪᠠᠰᠤᠷᠠᠭᠤᠯᠵᠦ᠂ ᠨᠣᠮ ᠪᠢᠴᠢᠭ ᠤᠨ ᠵᠤᠵᠠᠭᠠᠨ ᠤ ᠬᠡᠮᠵᠢᠶ᠎ᠡ ᠪᠠᠷ ᠬᠥᠮᠦᠨ ᠤ ᠠᠮᠢᠳᠤᠷᠠᠯ ᠤᠨ ᠦᠨᠳᠤᠷᠴᠠ ᠪᠠᠨ ᠳᠡᠪᠢᠰᠦᠨ᠎ᠡ᠃ ᠡᠨᠡ ᠤᠳᠠᠭᠠᠨ ᠤ ᠨᠣᠮ ᠤᠩᠰᠢᠵᠤ ᠺᠠᠷᠲ ᠪᠦᠷᠢᠳᠭᠡᠬᠦ ᠠᠵᠢᠯᠯᠠᠭ᠎ᠠ ᠨᠢ ᠭᠡᠷ ᠤᠨ ᠠᠬᠠᠮᠠᠳ ᠪᠣᠯᠤᠨ ᠬᠡᠦᠬᠡᠳ ᠤᠨ ᠢᠳᠡᠪᠬᠢᠲᠡᠶ ᠣᠷᠣᠯᠴᠠᠯᠭ᠎ᠠ ᠶᠢ ᠣᠯᠵᠤ᠂ ᠬᠡᠦᠬᠡᠳ ᠤᠳ ᠭᠡᠷ ᠤᠨ ᠠᠬᠠᠮᠠᠳ ᠤᠨ ᠢᠶᠠᠨ ᠪᠠᠷ᠎ᠠ ᠪᠣᠯᠣᠯᠭ᠎ᠠ ᠲᠠᠢ ᠪᠠᠷ ᠬᠢᠴᠢᠶᠡᠯ ᠤᠨ ᠭᠠᠳᠠᠨᠠᠬᠢ ᠴᠠᠭ ᠲᠤ ᠨᠣᠮ ᠤᠨ ᠰᠠᠩ ᠳᠤ ᠣᠴᠢᠵᠤ ᠨᠣᠮ ᠤᠩᠰᠢᠵᠤ ᠺᠠᠷᠲ ᠪᠦᠷᠢᠳᠭᠡᠬᠦ ᠶᠢᠨ ᠬᠠᠮᠲᠤ ᠬᠡᠦᠬᠡᠳ ᠤᠨ ᠨᠣᠮ ᠤᠩᠰᠢᠬᠤ ᠠᠮᠢᠳᠤᠷᠠᠯ ᠢ ᠲᠡᠮᠳᠡᠭᠯᠡᠵᠦ᠂ 21 ᠡᠳᠦᠷ ᠲᠤ ᠨᠣᠮ ᠤᠩᠰᠢᠵᠤ ᠺᠠᠷᠲ ᠪᠦᠷᠢᠳᠭᠡᠬᠦ᠂ ᠬᠡᠦᠬᠡᠳ ᠢ ᠬᠠᠪᠰᠤᠷᠤᠨ ᠰᠠᠶᠢᠨ ᠰᠠᠶᠢᠬᠠᠨ ᠨᠣᠮ ᠤᠩᠰᠢᠬᠤ ᠳᠠᠳᠬᠠᠯ ᠲᠠᠢ ᠪᠣᠯᠭᠠᠵᠤ᠂ ᠪᠠᠷᠢᠮᠲᠠᠯᠠᠬᠤ ᠴᠠᠭ ᠨᠢ ᠬᠡᠳᠦᠶ ᠤᠷᠲᠤ ᠪᠣᠯᠬᠤ ᠲᠤᠲᠤᠮ ᠬᠡᠦᠬᠡᠳ ᠤᠨ ᠣᠯᠤᠯᠲᠠ ᠨᠢ ᠲᠡᠳᠦᠶ ᠶᠡᠭᠡ ᠪᠣᠯᠳᠠᠭ᠃ ᠤᠩᠰᠢᠯᠭ᠎ᠠ ᠪᠣᠯ ᠪᠠᠷᠢᠮᠲᠠᠯᠠᠬᠤ ᠳᠤ ᠪᠤᠢ᠂ ᠪᠠᠷᠢᠮᠲᠠᠯᠠᠬᠤ ᠳᠤ ᠬᠦᠴᠢᠷ᠃ ᠨᠣᠮ ᠤᠩᠰᠢᠬᠤ ᠶᠢ ᠪᠠᠷᠢᠮᠲᠠᠯᠠᠳᠠᠭ ᠬᠡᠦᠬᠡᠳ ᠢ ᠰᠠᠶᠢᠰᠢᠶᠠᠬᠤ ᠶᠢᠨ ᠲᠥᠯᠥᠭᠡ᠂ ᠨᠣᠮ ᠤᠨ ᠰᠠᠩ ᠳᠤ 15 ᠡᠳᠦᠷ  ᠠᠴᠠ ᠳᠡᠭᠡᠭᠰᠢ ᠨᠣᠮ ᠤᠩᠰᠢᠳᠠᠭ ᠬᠡᠦᠬᠡᠳ ᠲᠤ ︽ᠨᠣᠮ ᠤᠩᠰᠢᠭᠴᠢ ᠤᠳᠤᠨ︾ ᠢᠷᠠᠭᠤ ᠠᠯᠳᠠᠷ ᠤᠨ ᠦᠨᠡᠮᠯᠡᠯ ᠣᠯᠭᠤᠳᠠᠭ᠃    21 ᠡᠳᠦᠷ ᠤᠨ ᠺᠠᠷᠲ ᠪᠦᠷᠢᠳᠭᠡᠬᠦ ᠠᠵᠢᠯᠯᠠᠭ᠎ᠠ ᠪᠠᠷ ᠳᠠᠮᠵᠢᠨ᠂ ᠬᠡᠦᠬᠡᠳ ᠤᠳ ᠨᠣᠮ ᠤᠨ ᠰᠠᠩ ᠤᠨ ᠭᠦᠨ ᠵᠤᠵᠠᠭᠠᠨ ᠨᠣᠮ ᠤᠩᠰᠢᠬᠤ ᠠᠭᠤᠷ ᠠᠮᠢᠰᠬᠤᠯ ᠢ ᠪᠡᠶ᠎ᠡ ᠪᠠᠷ ᠢᠶᠠᠨ ᠮᠡᠳᠡᠷᠡᠵᠦ᠂ ᠨᠢᠭᠡ ᠨᠢᠭᠡᠳ ᠭᠤᠶᠤ ᠰᠠᠶᠢᠬᠠᠨ ᠵᠢᠷᠤᠭᠲᠤ ᠳᠡᠪᠲᠡᠷ ᠬᠡᠦᠬᠡᠳ ᠤᠳ ᠤᠨ ᠠᠩᠬᠠᠷᠤᠯ ᠢ ᠭᠦᠨ ᠲᠠᠲᠠᠵᠠᠶ᠃ ᠠᠳᠡ᠂ ᠨᠣᠮ ᠤᠨ ᠰᠠᠩ ᠤᠨ ᠠᠵᠢᠯᠲᠠᠨ ᠬᠡᠦᠬᠡᠳ ᠤᠳ ᠲᠤ ᠮᠠᠰᠢ ᠨᠠᠷᠢᠨ ᠲᠠᠨᠢᠯᠴᠠᠭᠤᠯᠭ᠎ᠠ ᠬᠢᠪᠡ᠃ ᠨᠣᠮ ᠤᠨ ᠰᠠᠩ ᠳᠤ ᠬᠠᠳᠠᠭᠠᠯᠠᠭᠳᠠᠵᠤ ᠪᠠᠶᠢᠭᠰᠠᠨ ᠤᠯᠠᠨ ᠠᠷᠪᠢᠨ ᠨᠣᠮ ᠤᠳ ᠨᠢ ᠬᠡᠦᠬᠡᠳ ᠤᠨ ᠤᠩᠰᠢᠯᠭ᠎ᠠ ᠶᠢᠨ ᠰᠣᠨᠢᠷᠬᠠᠯ ᠢ ᠶᠡᠬᠡᠬᠡᠨ ᠲᠠᠲᠠᠵᠤ᠂ ᠬᠡᠦᠬᠡᠳ ᠤᠳ  ᠨᠢ ᠨᠣᠮ ᠤᠨ ᠳᠠᠯᠠᠢ ᠪᠠᠷ  ᠱᠤᠩᠪᠠᠨ᠂ ᠥᠪᠡᠷ ᠤᠨ ᠳᠤᠷᠠᠲᠠᠢ ᠨᠣᠮ ᠤᠳ ᠢᠶᠠᠨ ᠰᠣᠩᠭᠤᠨ᠂ ᠪᠦᠬᠦ ᠲᠥᠷᠥᠯ ᠤᠨ ᠨᠣᠮ ᠤᠳ ᠢ ᠨᠠᠷᠢᠨ ᠬᠢᠨᠠᠮᠠᠭᠠᠢ ᠤᠷᠪᠠᠭᠤᠯᠵᠤ ᠰᠠᠭᠤᠨ᠎ᠠ᠃    ᠬᠡᠳᠦᠶᠢᠪᠡᠷ ᠲᠣᠰ ᠤᠳᠠᠭᠠᠨ ᠤ 21 ᠡᠳᠦᠷ ᠤᠨ ᠤᠩᠰᠢᠯᠭ᠎ᠠ ᠶᠢᠨ ᠺᠠᠷᠲ ᠪᠦᠷᠢᠳᠭᠡᠬᠦ ᠠᠵᠢᠯᠯᠠᠭ᠎ᠠ ᠳᠠᠭᠤᠰᠤᠭᠰᠠᠨ ᠪᠣᠯᠪᠠᠴᠤ᠂ ᠪᠢᠳᠡᠨ ᠤ ᠤᠩᠰᠢᠯᠭ᠎ᠠ ᠶᠢᠨ ᠠᠯᠬᠤᠮ ᠵᠣᠭᠰᠣᠬᠤ ᠥᠬᠡᠶ ᠶᠤᠮ᠂ ᠪᠢᠳᠡ ᠨᠣᠮ ᠪᠢᠴᠢᠭ  ᠤᠨ ᠲᠡᠯᠡᠶ ᠲᠠᠩᠭᠢᠰ ᠢᠶᠠᠷ ᠦᠷᠭᠦᠯᠵᠢᠯᠡᠨ ᠠᠶᠠᠯᠠᠶ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号