2023 ᠣᠨ ᠤ 1-9 ᠰᠠᠷ᠎ᠠ ᠶᠢᠨ ᠲᠦᠴᠢᠦᠸᠠᠨ ᠰᠢᠶᠠᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2023/10/24
     ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠤ 1 ︱ 9 ᠳ᠋ᠦᠭᠡᠷ ᠰᠠᠷ᠎ᠠ ᠳᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 54.49 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 5.7%︶᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 7.51 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 10.4% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 27.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ︱ 2.0% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 19.47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 6.1% ᠪᠠᠷ ᠨᠡᠮᠡᠭᠳᠡᠪᠡ᠃      2023 ᠣᠨ ᠤ 1 ︱ 9 ᠳ᠋ᠦᠭᠡᠷ ᠰᠠᠷ᠎ᠠ ᠳᠤ ᠲᠦᠴᠢᠦᠸᠠᠨ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ︱ 13.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 7.6%︶᠃      2023 ᠣᠨ ᠤ 1 ︱ 9 ᠰᠠᠷ᠎ᠠ ᠳᠤ ᠲᠦᠴᠢᠦᠸᠠᠨ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠭᠤᠷᠪᠠᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 8.5%︶       2023 ᠣᠨ ᠤ 1-9 ᠰᠠᠷ᠎ᠠ ᠳᠤ ᠲᠦᠴᠢᠦᠸᠠᠨ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 91060.9 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠤᠮᠳᠠ ᠬᠤᠶᠠᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 2.0%︶᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号