︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠪᠦᠬᠦ ᠰᠢᠶᠠᠨ  ᠤ ᠠᠯᠠᠭᠠᠳᠠᠬᠤ ᠪᠥᠮᠪᠦᠭᠡ ᠶᠢᠨ ᠨᠥᠬᠦᠷᠯᠡᠯ ᠤᠨ ᠤᠷᠤᠯᠳᠤᠭᠠᠨ ᠬᠦᠤᠷ ᠬᠦᠭᠵᠢᠶᠡᠨ ᠲᠠᠢ ᠡᠬᠢᠯᠡᠵᠦ ᠡᠭᠦᠳᠡᠨ  ᠳᠠᠬᠢ ᠲᠠᠯᠠᠪᠤᠷ ᠨᠢ ︽ᠪᠡᠶ᠎ᠡ ᠴᠢᠭᠢᠷᠠᠭᠵᠢᠭᠤᠯᠬᠤ ᠬᠠᠯᠠᠮᠰᠢᠯ︾ ᠢ ᠳᠠᠢᠴᠢᠯᠠᠵᠠᠢ
ᠨᠡᠶᠢᠲᠡᠯᠡᠭᠰᠡᠨ ᠴᠠᠭ᠄
2023/10/25
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠤᠱᠯᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ ᠡᠷᠡᠭᠦᠯ ᠴᠢᠭᠢᠷᠠᠭ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠤᠰᠠᠳᠠ᠃ 10 ᠰᠠᠷ᠎ᠠ ᠶᠢᠨ 21 ᠤ ᠡᠳᠦᠷ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠠᠴᠠ ᠭᠤᠤᠯᠯᠠᠨ ᠡᠷᠭᠢᠯᠡᠵᠦ᠂ ᠲᠤᠸᠠᠨ ᠵᠢᠶᠧ ᠨᠡᠶᠢᠭᠡᠮ ᠲᠣᠭᠤᠷᠢᠭ ᠤᠨ ᠨᠠᠮ ᠤᠨ ᠡᠭᠦᠷ᠂ ᠰᠢᠶᠠᠨ ᠤ ᠠᠮᠢ ᠠᠬᠤᠶ ᠣᠷᠴᠢᠨ ᠠᠬᠤᠶ ᠶᠢᠨ ᠲᠣᠪᠴᠢᠶ᠎ᠠ᠂ ᠰᠢᠶᠠᠨ ᠤ ᠢᠤᠢ ᠸᠧᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠰᠢᠶᠠᠨ ᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠶᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ ︽ᠠᠨᠠᠷ ᠤᠨ ᠦᠷ᠎ᠡ᠂ ᠪᠦᠯᠬᠦᠮᠳᠡᠯ ᠤᠨ ᠰᠡᠳᠬᠢᠯᠭᠡ︾ ᠬᠥᠷᠰᠢ ᠵᠡᠷᠭᠡᠯᠡᠳᠡᠭᠡ ᠶᠢᠨ ᠥᠷᠢᠰᠥᠯᠳᠦᠭᠡᠨ ᠤ ᠴᠤᠭ ᠵᠢᠪᠬᠤᠭ᠎ᠠ ᠶᠢ ᠭᠠᠶᠢᠬᠠᠭᠤᠯᠵᠤ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠵᠢᠴᠢ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠪᠥᠬᠦ ᠰᠢᠶᠠᠨ ᠤ ᠠᠯᠠᠭᠠᠳᠠᠬᠤ ᠪᠥᠮᠪᠦᠭᠡ ᠶᠢᠨ ᠨᠥᠬᠦᠷᠯᠡᠯ ᠤᠨ ᠤᠷᠤᠯᠳᠤᠭᠠᠨ ᠵᠢᠩᠬᠢᠨᠢ ᠪᠠᠷ ᠡᠬᠢᠯᠡᠪᠡ︕
   ᠲᠤᠰ ᠤᠳᠠᠭᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠨᠢ ᠣᠯᠠᠨ ᠲᠦᠮᠡᠨ ᠤ ᠬᠡᠷᠡᠭᠴᠡᠭᠡ ᠲᠠᠢ ᠤᠶᠠᠯᠳᠤᠭᠤᠯᠤᠨ᠂ ᠣᠯᠠᠨ ᠲᠠᠯ᠎ᠠ ᠠᠴᠠ ᠲᠥᠯᠥᠪᠯᠡᠵᠦ᠂ ᠡᠷᠡᠭᠲᠡᠶ ᠡᠮᠡᠭᠲᠡᠶ ᠨᠡᠶᠢᠲᠡ 17 ᠠᠩᠭᠢ᠂ ᠡᠩᠨᠡᠭᠡ ᠪᠦᠷᠢ 8 - 10 ᠭᠡᠰᠢᠭᠦᠨ ᠲᠠᠢ᠃ ᠬᠢᠨᠠᠭᠴᠢ ᠶᠢᠨ ᠱᠦᠭᠯᠦ ᠳᠤᠤᠭᠠᠷᠬᠤ ᠶᠢ ᠳᠠᠭᠠᠯᠳᠤᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠤᠷᠤᠯᠳᠤᠭᠠᠨ ᠤ ᠲᠠᠯᠠᠪᠤᠷ ᠲᠤ᠂ ᠤᠷᠤᠯᠳᠤᠭᠠᠨ ᠳᠤ ᠣᠷᠣᠯᠴᠠᠭᠰᠠᠳ ᠨᠥᠬᠦᠷᠯᠡᠯ ᠢᠶᠠᠷ ᠬᠤᠯᠪᠣᠯᠳᠤᠵᠤ ᠂ ᠪᠥᠮᠪᠥᠭᠡᠨ ᠤᠷᠠᠯᠢᠭ ᠢᠶᠠᠨ ᠰᠤᠯᠢᠯᠴᠠᠬᠤ ᠪᠡᠶ᠎ᠡ ᠴᠢᠭᠢᠷᠠᠭᠵᠢᠭᠤᠯᠬᠤ ᠵᠣᠷᠢᠭ ᠰᠠᠨᠠᠭ᠎ᠠ ᠶᠢ ᠰᠣᠯᠢᠯᠴᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠰᠤᠷᠤᠯᠴᠠᠪᠠ᠃ ᠣᠯᠠᠨ ᠢᠶᠠᠷ ᠢᠶᠠᠨ ᠪᠦᠷ ᠥᠪᠡᠷ ᠤᠨ ᠣᠨᠴᠠ ᠡᠷᠳᠡᠮ ᠢᠶᠠᠨ ᠭᠠᠷᠭᠠᠵᠤ᠂ ᠪᠥᠮᠪᠦᠭᠡ ᠡᠬᠢᠯᠡᠭᠦᠯᠬᠦ᠂ ᠨᠢᠭᠡᠳᠦᠭᠡᠷ ᠳᠠᠮᠵᠢᠭᠤᠯᠬᠤ᠂ ᠬᠤᠶᠠᠳᠤᠭᠠᠷ ᠳᠠᠮᠵᠢᠭᠤᠯᠬᠤ᠂ ᠬᠥᠮᠥᠷᠢᠨ ᠴᠣᠬᠢᠬᠤ᠂ ᠭᠤᠭᠴᠤᠭ᠎ᠠ ᠪᠦᠷᠢ ᠶᠢ ᠠᠯᠢ ᠴᠢᠳᠠᠬᠤ ᠪᠠᠷ ᠪᠠᠳᠠᠷᠠᠭᠤᠯᠵᠤ᠂ ᠪᠥᠮᠪᠦᠭᠡ ᠨᠠᠭᠠᠰᠢ ᠴᠠᠭᠠᠰᠢ ᠲᠡᠭᠡᠷ᠎ᠡ ᠲᠤᠤᠷ᠎ᠠ ᠪᠠᠭᠤᠵᠦ᠂ ᠤᠷᠤᠯᠳᠤᠭᠠᠨ ᠳᠤ ᠣᠷᠣᠯᠴᠠᠭᠰᠠᠳ ᠨᠢᠭᠡ ᠨᠢᠭᠡ ᠪᠠᠷ ᠢᠶᠠᠨ ᠴᠤᠭ ᠰᠦᠯᠳᠡ ᠪᠠᠳᠠᠷᠠᠩᠭᠤᠶ᠂ ᠪᠡᠶ᠎ᠡ ᠪᠢᠯᠳᠠᠷ ᠢᠳᠡᠷᠡᠭᠦᠨ ᠴᠢᠭᠢᠷᠠᠭ ᠪᠠᠶᠢᠵᠤ᠂ ᠤᠷᠤᠯᠳᠤᠭᠠᠨ ᠳᠤ ᠣᠷᠣᠯᠴᠠᠭᠰᠠᠳ ᠤᠨ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠵᠦ᠂ ᠲᠠᠯᠠᠪᠠᠶ ᠶᠢᠨ ᠭᠠᠳᠠᠨᠠᠬᠢ ᠦᠵᠡᠭᠴᠢᠳ ᠲᠠᠰᠤᠷᠠᠯᠲᠠ ᠥᠬᠡᠶ ᠠᠯᠠᠭ᠎ᠠ ᠳᠠᠰᠢᠨ ᠬᠦᠴᠦᠨ ᠨᠡᠮᠡᠷᠢᠯᠡᠵᠦ᠂ ᠤᠷᠤᠯᠳᠤᠭᠠᠨ  ᠨᠢ ᠤᠷᠪᠠᠭᠠᠨ ᠬᠥᠷᠪᠡᠭᠡᠨ ᠲᠠᠢ ᠶᠠᠪᠤᠭᠳᠠᠵᠤ᠂ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ᠃
   ᠳᠠᠪᠬᠤᠷ ᠳᠠᠪᠬᠤᠷ ᠤᠷᠤᠯᠳᠤᠭᠠᠨ ᠢᠶᠠᠷ ᠳᠠᠮᠵᠢᠨ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠪᠠᠶᠠᠷ ᠪᠠᠶᠠᠰᠤᠯ ᠪᠠ ᠣᠷᠭᠢᠯᠤᠮ᠎ᠠ ᠰᠡᠳᠬᠢᠯᠭᠡ ᠪᠠᠷ ᠥᠨᠳᠥᠷᠯᠡᠪᠡ᠃ ᠡᠴᠦᠰ ᠲᠤ᠂ ᠲᠤᠸᠠᠨ ᠵᠢᠶᠧ ᠨᠡᠶᠢᠭᠡᠮ ᠲᠣᠭᠤᠷᠢᠭ᠂ ᠵᠢᠶᠠᠨ ᠱᠧ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠤᠨ ᠠᠩᠭᠢ ᠲᠣᠰ ᠲᠣᠰ ᠡᠷᠡᠭᠲᠡᠶ ᠶᠢᠨ ᠳᠤᠭᠤᠶᠢᠯᠠᠩ᠂ ᠡᠮᠡᠭᠲᠡᠶ  ᠶᠢᠨ ᠳᠤᠭᠤᠶᠢᠯᠠᠩ ᠤᠨ ᠨᠢᠭᠡᠳᠦᠭᠡᠷ ᠲᠤ ᠣᠷᠣᠪᠠ︔ ᠭᠤᠸᠠᠩ ᠮᠢᠩ ᠨᠡᠶᠢᠭᠡᠮ ᠲᠣᠭᠤᠷᠢᠭ᠂ ᠬᠤ᠋ ᠰᠢ ᠨᠡᠶᠢᠭᠡᠮ ᠲᠣᠭᠤᠷᠢᠭ ᠡᠷᠡᠭᠲᠡᠶ ᠶᠢᠨ ᠳᠤᠭᠤᠶᠢᠯᠠᠩ᠂ ᠡᠮᠡᠭᠲᠡᠶ ᠶᠢᠨ ᠳᠤᠭᠤᠶᠢᠯᠠᠩ ᠤᠨ ᠬᠤᠶᠠᠳᠤᠭᠠᠷ ᠲᠤ ᠣᠷᠣᠪᠠ︔ ᠬᠤ᠋ ᠰᠢ ᠨᠡᠶᠢᠭᠡᠮ ᠲᠣᠭᠤᠷᠢᠭ᠂  ᠰᠠᠶᠢᠨᠬᠤᠸᠠᠷ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠤᠨ ᠠᠩᠭᠢ ᠡᠷᠡᠭᠲᠡᠶ ᠶᠢᠨ ᠳᠤᠭᠤᠶᠢᠯᠠᠩ᠂ ᠡᠮᠡᠭᠲᠡᠶ ᠶᠢᠨ ᠳᠤᠭᠤᠶᠢᠯᠠᠩ ᠤᠨ ᠭᠤᠷᠪᠠᠳᠤᠭᠠᠷ ᠲᠤ ᠣᠷᠣᠪᠠ᠃ ︽ᠨᠡᠶᠢᠭᠡᠮ ᠲᠣᠭᠤᠷᠢᠭ ᠤᠨ ᠬᠢᠨ ᠪᠢᠳᠡᠨ ᠳᠤ ᠲᠣᠰ ᠤᠳᠠᠭᠠᠨ ᠤ ᠤᠷᠤᠯᠳᠤᠭᠠᠨ ᠤ ᠲᠠᠪᠴᠠᠩ ᠬᠠᠩᠭᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠡᠨᠡ ᠬᠤᠶᠠᠷ ᠡᠳᠦᠷ ᠤᠨ ᠰᠢᠷᠦᠭᠦᠨ ᠲᠡᠮᠡᠴᠡᠭᠡᠨ ᠢᠶᠠᠷ ᠳᠡᠮᠵᠢᠨ᠂ ᠪᠢᠳᠡ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠳᠤᠮᠳᠠ ᠨᠥᠬᠦᠷᠯᠡᠯ ᠢᠶᠠᠨ ᠵᠤᠵᠠᠭᠠᠳᠬᠠᠵᠤ᠂ ᠪᠠᠰᠠ ᠥᠪᠡᠷ ᠤᠨ ᠪᠡᠶ᠎ᠡ ᠮᠠᠬᠠᠪᠣᠳ ᠤᠨ ᠬᠡᠪ ᠴᠢᠨᠠᠷ ᠢᠶᠠᠨ ᠴᠢᠩᠭᠠᠳᠬᠠᠵᠠᠶ᠂ ᠨᠡᠶᠢᠭᠡᠮ ᠲᠣᠭᠤᠷᠢᠭ ᠤᠨ ᠬᠢᠨ ᠬᠤᠶᠢᠰᠢᠳᠠ ᠡᠶᠢᠮᠦᠷᠬᠦ ᠠᠵᠢᠯᠯᠠᠭ᠎ᠠ ᠶᠢ ᠢᠯᠡᠭᠦᠬᠡᠨ ᠥᠷᠨᠢᠭᠦᠯᠬᠦ ᠶᠢ ᠬᠦᠰᠡᠵᠦ ᠪᠠᠶᠢᠨ᠎ᠠ᠃︾ ᠭᠡᠵᠦ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠫᠠᠩ ᠸᠧᠶ ᠴᠢ ᠬᠡᠯᠡᠪᠡ᠃
   ᠵᠢᠵᠢᠭ ᠠᠯᠠᠭᠠᠳᠠᠬᠤ ᠪᠥᠮᠪᠦᠭᠡ ᠪᠠᠷ ᠳᠠᠮᠵᠢᠭᠤᠯᠤᠨ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠪᠡᠶ᠎ᠡ ᠰᠡᠳᠬᠢᠯ ᠢᠶᠠᠨ ᠳᠠᠪᠲᠠᠨ ᠪᠣᠯᠪᠠᠰᠤᠷᠠᠭᠤᠯᠵᠤ᠂ ᠨᠡᠶᠢᠭᠡᠮ ᠲᠣᠭᠤᠷᠢᠭ ᠪᠠ ᠰᠠᠭᠤᠭᠠᠯᠢ ᠠᠷᠠᠳ ᠤᠨ ᠨᠡᠪᠲᠡᠷᠡᠯᠴᠡᠬᠦ ᠬᠥᠭᠦᠷᠭᠡ ᠶᠢ ᠪᠤᠰᠬᠠᠵᠤ᠂ ᠪᠦᠯᠬᠦᠮᠳᠡᠨ ᠬᠠᠪᠰᠤᠷᠤᠯᠴᠠᠬᠤ ᠬᠦᠴᠦᠨ ᠢ ᠨᠢᠭᠲᠠᠷᠠᠭᠤᠯᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠶ᠎ᠡ ᠵᠣᠬᠢᠴᠠᠯ ᠲᠠᠢ᠂ ᠪᠣᠯᠪᠠᠰᠤᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ ᠶᠢᠨ ᠲᠥᠯᠥᠭᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号