ᠵᠠᠰᠠᠭ ᠤᠨ ᠣᠷᠳᠦᠨ ᠤ ᠲᠤᠮᠤ ᠬᠡᠷᠡᠭ ᠶᠠᠪᠤᠳᠡᠯ ᠤᠨ ᠲᠡᠮᠲᠡᠭᠯᠡᠯ ︵2023 ᠤᠨ ᠤ 8 ᠰᠠᠷ᠎ᠠ︶
ᠨᠡᠶᠢᠲᠡᠯᠡᠭᠰᠡᠨ ᠴᠠᠭ᠄
2023/10/26
   8 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠲᠠᠪᠢᠨ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠰᠢᠶᠠᠨ ᠤ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠥᠪᠯᠡᠷᠡᠭᠦᠯᠦᠨ ᠲᠣᠬᠢᠷᠠᠭᠤᠯᠵᠤ᠂ ᠲᠥᠪᠯᠡᠷᠡᠭᠦᠯᠦᠨ ᠪᠠᠶᠢᠷᠢᠯᠠᠭᠤᠯᠵᠤ᠂ 2024 ᠣᠨ ᠤ ᠴᠢᠷᠮᠠᠶᠢᠬᠤ ᠴᠢᠭᠯᠡᠯ ᠢ ᠲᠣᠳᠣᠷᠬᠠᠶᠢᠯᠠᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃     8 ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠸᠧᠨ ᠭᠤᠸᠠᠨ ᠭᠦᠸᠧ ᠶᠢᠨ ᠡᠯᠪᠡᠭ ᠬᠤᠷᠢᠶᠠᠯᠲᠠ ᠶᠢᠨ ᠪᠠᠶᠠᠷ ᠵᠢᠴᠢ ᠸᠧᠨ ᠭᠤᠸᠠᠨ ᠭᠦᠸᠧ ᠶᠢᠨ ᠠᠵᠤ ᠦᠢᠯᠡᠰ ᠤᠨ ᠤᠯᠤᠰ ᠤᠨ ᠰᠢᠨ᠎ᠡ ᠶᠢ ᠡᠭᠦᠳᠬᠦ ᠬᠤᠯᠪᠣᠭ᠎ᠠ ᠶᠢᠨ 2023 ᠣᠨ ᠤ ᠣᠨ ᠤ ᠬᠤᠷᠠᠯ ᠲᠦᠴᠢᠦᠸᠠᠨ ᠰᠢᠶᠠᠨ ᠤ ᠳ᠋ᠦᠩ ᠹᠧᠩ ᠸᠧᠨ ᠭᠤᠸᠠᠨ ᠭᠦᠸᠧ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠬᠤᠷᠠᠯᠳᠤᠪᠠ᠃ ᠳᠤᠮᠳᠠᠳᠤ ᠤᠯᠤᠰ ᠤᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠨᠡᠶᠢᠭᠡᠮᠯᠢᠭ ᠤᠨ ᠣᠶ ᠰᠢᠭᠤᠢ ᠶᠢᠨ ᠬᠤᠪᠢᠶᠠᠷᠢ ᠨᠡᠶᠢᠭᠡᠮᠯᠢᠭ ᠤᠨ ᠳᠠᠷᠤᠭ᠎ᠠ᠂ ᠤᠤᠯ ᠤᠨ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠱᠦᠵᠢ ᠶᠠᠩ ᠵᠢᠢ ᠫᠢᠩ᠂ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠮᠢ ᠠᠬᠤᠢ  ᠶᠢ ᠰᠡᠷᠭᠦᠭᠡᠬᠦ ᠵᠤᠷᠭᠠᠨ ᠤ ᠤᠤᠯ ᠤᠨ ᠳᠡᠳ᠋ ᠳᠠᠷᠤᠭ᠎ᠠ ᠬᠤᠸᠠᠩ ᠵᠧᠩ ᠴᠢᠦ᠂ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠴᠦᠯᠯᠡᠷᠬᠡᠭᠵᠢᠯ ᠤᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠮᠧᠩ ᠰᠢᠶᠠᠨ᠂ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠪᠠᠷᠢᠮᠵᠢᠶ᠎ᠠ ᠶᠢᠨ ᠭᠠᠵᠠᠷ ᠤᠨ ᠳᠠᠷᠤᠭ᠎ᠠ ᠲᠦᠩ ᠶᠢᠨ ᠴᠢᠤᠸᠠᠨ᠂ ᠸᠧᠨ ᠭᠤᠸᠠᠨ ᠭᠦᠸᠧ ᠠᠵᠤ ᠦᠢᠯᠡᠰ ᠤᠨ ᠤᠯᠤᠰ ᠤᠨ ᠰᠢᠨ᠎ᠡ ᠶᠢ ᠡᠭᠦᠳᠬᠦ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠷᠤᠸᠠᠨ ᠴᠧᠩ ᠵᠢᠶᠠᠩ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠶᠠᠨ ᠪᠢᠩ ᠵᠧᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠧᠦ ᠪᠥᠸᠧ ᠵᠢᠶᠦ᠋ᠨ᠂ ᠠᠶᠢᠮᠠᠭ ᠤᠨ ᠤᠳᠤᠷᠢᠳᠤᠯᠭ᠎ᠠ ᠰᠦᠨ ᠰᠢᠩ ᠢᠦᠢ᠂ ᠭᠦᠸᠧ ᠲᠠᠩ᠂ ᠰᠦᠨ ᠳ᠋ᠧ ᠮᠢᠨ᠂ ᠴᠢᠦ ᠹᠧᠩ ᠵᠢᠴᠢ ᠰᠢᠶᠠᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     8 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠥᠸᠧ ᡁᠢ ᠬᠤ᠋ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠲᠦᠴᠢᠦᠸᠠᠨ ᠰᠢᠶᠠᠨ ᠳᠤ ᠬᠦᠷᠴᠦ ᠰᠢᠨᠵᠢᠯᠡᠨ ᠪᠠᠶᠢᠴᠠᠭᠠᠵᠤ ᠭᠡᠰᠢᠭᠦᠳ ᠤᠨ ᠡᠲᠡᠭᠡᠳ ᠤᠨ ᠢᠯᠭᠠᠯ ᠤᠨ ᠣᠯᠠᠨ ᠲᠦᠮᠡᠨ ᠲᠠᠢ ᠬᠠᠷᠢᠯᠴᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠲᠥᠷᠥ ᠶᠢᠨ ᠵᠥᠪᠯᠡᠯᠭᠡᠨ ᠤ ᠵᠥᠪᠳᠡᠯᠴᠡᠬᠦ ᠪᠠ ᠦᠨᠳᠦᠰᠦᠨ ᠱᠠᠲᠤᠨ ᠤ ᠵᠥᠪᠳᠡᠯᠴᠡᠬᠦ ᠶᠢ ᠪᠦᠲᠦᠮᠵᠢᠲᠡᠶ ᠵᠣᠯᠭᠠᠭᠤᠯᠬᠤ ᠠᠵᠢᠯ ᠢ ᠠᠬᠢᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠤ᠋ ᠴᠧᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠪᠠᠢ ᠶᠦᠨ ᠬᠠᠢ᠂ ᠵᠠᠩ ᠱᠤᠸᠠᠩ ᠴᠧᠩ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠳᠤ ᠣᠷᠣᠯᠴᠠᠵᠠᠢ᠃    8 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠴᠧᠨ ᠵᠧᠨ ᠯᠢᠨ ᠨᠠᠷ ᠲᠦᠴᠢᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠡᠮᠦᠨ᠎ᠡ ᠹᠷᠣᠨᠲ ᠤᠨ ᠴᠠᠭ ᠠᠭᠤᠷ ᠤᠨ ᠺᠠᠳ᠋ᠷ ᠠᠵᠢᠯᠲᠠᠨ ᠠᠵᠢᠯᠴᠢᠨ ᠪᠣᠯᠣᠨ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷᠴᠤᠳ ᠢ ᠪᠣᠯᠭᠤᠭᠠᠨ ᠲᠣᠬᠤᠨᠢᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠴᠢᠦᠢ ᠵᠧᠨ ᠨᠢᠶᠠᠨ᠂ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠵᠢᠴᠢ ᠣᠷᠣᠨ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    8 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠᠨ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号