ᠵᠠᠰᠠᠭ ᠤᠨ ᠤᠷᠳᠦᠨ ᠤ ᠲᠤᠮᠤ ᠬᠡᠷᠡᠭ ᠶᠠᠪᠤᠳᠡᠯ ᠤᠨ ᠲᠡᠮᠲᠡᠭᠯᠡᠯ ︵2023 ᠤᠨ ᠤ 7 ᠰᠠᠷ᠎ᠠ︶
ᠨᠡᠶᠢᠲᠡᠯᠡᠭᠰᠡᠨ ᠴᠠᠭ᠄
2023/10/26
  7 ᠰᠠᠷ᠎ᠠ ᠶᠢᠨ 5 ᠤ ᠡᠳᠦᠷ᠂ ᠲᠦᠴᠢᠦᠸᠠᠨ ᠰᠢᠶᠠᠨ 2023 ᠣᠨ ᠤ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠪᠡ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠯᠢᠦ ᡁᠢ ᠹᠧᠩ᠂ ᠸᠠᠩ ᠶᠢᠩ ᠴᠢᠶᠦ᠋ᠨ᠂ ᠯᠠᠨ ᠰᠢᠶᠠᠨ ᠹᠧᠩ᠂ ᠴᠧᠨ ᠭᠦᠸᠧ ᠴᠢᠩ᠂ ᠹᠠᠨ ᠴᠢ ᡁᠢ ᠰᠣᠷᠢᠯᠲᠠ ᠳᠤ ᠣᠷᠣᠯᠴᠠᠪᠠ᠃    7 ᠰᠠᠷ᠎ᠠ ᠶᠢᠨ 14 ᠤ ᠡᠳᠦᠷ᠂ ᠪᠡᠭᠡᠵᠢᠩ ᠬᠤᠲᠠ ᠶᠢᠨ ᠹᠠᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠽᠧᠦ ᠶᠢᠨ ᠰᠥᠩ ᠹᠠᠩᠱᠠᠨ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠲᠦᠴᠢᠦᠸᠠᠨ ᠰᠢᠶᠠᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠵᠣᠯᠭᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠢᠦᠢ ᠯᠢ ᠶᠦᠨ᠂ ᠰᠢᠶᠠᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃   7 ᠰᠠᠷ᠎ᠠ ᠶᠢᠨ 20 ᠤ ᠡᠳᠦᠷ᠂ ᠲᠦᠴᠢᠦᠸᠠᠨ ᠰᠢᠶᠠᠨ ︽ᠠᠨ ᠺᠠᠩ ᠬᠤᠨᠳᠠᠭᠠᠲᠤ︾ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠶᠠᠪᠤᠭᠤᠯᠪᠠ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ᠂ ᠸᠠᠩ ᠵᠢᠶᠠ ᠵᠢᠶᠦ᠋ᠨ᠂ ᠴᠢᠦᠢ ᠲᠦᠩ ᠨᠢᠶᠠᠨ᠂ ᠬᠠᠨ ᠯᠢ ᠵᠢᠶᠦ᠋ᠨ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠲᠦᠷᠦᠯ ᠤᠨ ᠲᠥᠯᠥᠭᠡᠯᠡᠭᠴᠢ ᠬᠠᠮᠲᠤᠪᠠᠷ ᠤᠷᠤᠯᠳᠤᠭᠠᠨ ᠢ ᠰᠣᠨᠢᠷᠬᠠᠪᠠ᠃    7 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    7 ᠰᠠᠷ᠎ᠠ ᠶᠢᠨ 31 ᠤ ᠡᠳᠦᠷ᠂ ᠲᠦᠴᠢᠦᠸᠠᠨ ᠰᠢᠶᠠᠨ ᠤ ᠨᠠᠮ ᠵᠠᠰᠠᠭ ᠤᠨ ᠤᠳᠤᠷᠢᠳᠬᠤ ᠬᠠᠮᠲᠤ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠲᠦᠷᠵᠢ ᠲᠠᠷᠢᠶᠠᠯᠠᠩ ᠤᠨ ᠲᠠᠯᠠᠪᠠᠢ ᠶᠢᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠦᠬᠦ ᠳᠠᠷᠤᠭ᠎ᠠ ᠪᠠᠶᠢᠯᠳᠤᠭᠴᠢᠳ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号