ᠯᠢ ᠹᠧᠩ ᠬᠤᠸᠠ᠄ ︽ᠡᠪᠡᠰᠦᠨ ᠭᠦᠷᠦᠮᠡᠯ︾ ᠤᠨ ᠤᠷᠠᠨ ᠭᠠᠷ ᠤᠷᠠᠯᠢᠭᠴᠢᠨ ᠪᠣᠳᠠᠰ ᠤᠨ ᠪᠤᠰᠤ ᠰᠣᠶᠣᠯ  ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠪᠠ
ᠨᠡᠶᠢᠲᠡᠯᠡᠭᠰᠡᠨ ᠴᠠᠭ᠄
2023/10/31
   ︽ᠡᠶᠢᠮᠦ ᠱᠦᠭᠦᠷ ᠢ ᠡᠳᠦᠷ ᠲᠤ 10 ᠣᠷᠴᠢᠮ ᠵᠣᠬᠢᠶᠠᠳᠠᠭ᠃ ᠠᠵᠢᠯ ᠨᠢ ᠴᠦ ᠶᠠᠳᠠᠷᠠᠬᠤ ᠥᠬᠡᠶ᠂ ᠲᠦᠭᠦᠬᠡᠶ ᠮᠠᠲ᠋ᠧᠷᠢᠶᠠᠯ ᠨᠢ ᠥᠪᠡᠷ ᠤᠨ ᠬᠢ᠂ ᠠᠰᠢᠭ ᠣᠷᠣᠯᠭ᠎ᠠ ᠨᠢ ᠴᠦ ᠰᠠᠶᠢᠨ᠃︾ ᠭᠡᠵᠦ ᠯᠢ ᠹᠧᠩ ᠬᠤᠸᠠ ᠰᠤᠷᠪᠤᠯᠵᠢᠯᠠᠭᠴᠢ ᠳᠤ ᠲᠠᠨᠢᠯᠴᠠᠭᠤᠯᠤᠨ᠎ᠠ᠃    ᠲᠦᠴᠢᠦᠸᠠᠨ ᠰᠢᠶᠠᠨ ᠤ ᠱᠦᠢᠴᠢᠤᠸᠠᠨ ᠪᠠᠯᠭᠠᠰᠤᠨ ᠤ ᠱᠦᠢᠴᠢᠤᠸᠠᠨ ᠲᠣᠰᠬᠤᠨ ᠤ ᠭᠠᠷ ᠤᠷᠠᠯᠠᠯ ᠤᠨ ᠦᠢᠯᠡᠳᠬᠡᠯ ᠤᠨ ᠭᠠᠵᠠᠷ ᠲᠤ᠂ ᠡᠩᠨᠡᠷᠡᠨ ᠵᠢᠭᠰᠠᠭᠰᠠᠨ ᠪᠣᠳᠠᠲᠤ ᠬᠡᠷᠡᠭᠴᠡᠭᠡ ᠲᠠᠢ ᠪᠥᠭᠡᠳ ᠨᠠᠷᠢᠯᠢᠭ ᠰᠠᠶᠢᠬᠠᠨ ᠡᠪᠡᠰᠦᠨ ᠭᠦᠷᠦᠮᠡᠯ ᠤᠨ ᠭᠠᠷ ᠤᠷᠠᠯᠠᠯ ᠤᠨ ᠪᠦᠲᠦᠭᠡᠭᠳᠡᠬᠦᠨ ᠬᠥᠮᠦᠰ ᠤᠨ ᠬᠠᠷᠠᠭᠠᠨ ᠳᠤ ᠲᠣᠳᠣᠷᠠᠵᠤ᠂ ᠡᠨᠡ ᠵᠢᠯ 52 ᠨᠠᠰᠤᠲᠠᠢ ᠬᠢᠩᠭᠠᠨ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠡᠪᠡᠰᠦᠨ ᠭᠦᠷᠦᠮᠡᠯ ᠤᠨ ᠤᠷᠠᠯᠢᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠯᠢ ᠹᠧᠩ ᠬᠤᠸᠠ ᠡᠪᠡᠰᠦᠨ ᠭᠦᠷᠦᠮᠡᠯ ᠤᠨ ᠰᠢᠬᠦᠷ ᠵᠤᠬᠢᠶᠠᠨ ᠶᠠᠭᠠᠷᠠᠵᠤ ᠪᠠᠶᠢᠯ᠎ᠠ᠃    ᠡᠪᠡᠰᠦᠨ ᠭᠦᠷᠦᠮᠡᠯ ᠤᠨ ᠭᠠᠷ ᠤᠷᠠᠯᠠᠯ ᠪᠣᠯ ᠲᠦᠴᠢᠦᠸᠠᠨ ᠰᠢᠶᠠᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠪᠣᠯᠤᠨ᠎ᠠ᠂ ᠲᠡᠭᠦᠨ ᠤ ᠳᠣᠲᠣᠷ᠎ᠠ ᠱᠦᠶᠴᠢᠦᠸᠠᠨ ᠪᠠᠯᠭᠠᠰᠤᠨ ᠤ ᠡᠪᠡᠰᠦᠨ ᠭᠦᠷᠦᠮᠡᠯ ᠤᠨ ᠭᠠᠷ ᠤᠷᠠᠯᠠᠯ ᠨᠢ ᠬᠠᠮᠤᠭ ᠠᠴᠠ ᠠᠯᠳᠠᠷᠲᠠᠶ ᠶᠤᠮ᠂ ᠱᠦᠢ ᠴᠢᠤᠸᠠᠨ ᠤ ᠣᠨᠴᠠᠭᠠᠶ ᠤᠰᠤ ᠰᠢᠷᠣᠶ ᠠᠴᠠ ᠭᠠᠷᠳᠠᠭ ᠣᠷᠳᠣ ᠰᠢᠷᠬᠡᠭᠲᠦ ᠰᠢᠰᠢ ᠡᠪᠡᠰᠦ᠂ ᠰᠢᠷ᠎ᠠ ᠴᠢᠬᠢ᠂ ᠦᠨᠡᠲᠦ ᠰᠢᠯᠦᠬᠡᠶ ᠡᠪᠡᠰᠦᠨ ᠤ ᠥᠩᠭᠡ ᠨᠢ ᠭᠦᠢᠬᠡᠨ᠂ ᠴᠢᠨᠠᠷ ᠨᠢ ᠭᠥᠯᠢᠭᠡᠷ ᠪᠥᠭᠡᠳ ᠤᠶᠠᠨ ᠬᠠᠳᠠᠨ᠂ ᠲᠡᠭᠦᠨ ᠢᠶᠠᠷ ᠭᠦᠷᠦᠭᠰᠡᠨ ᠭᠠᠷ ᠤᠷᠠᠯᠠᠯ ᠤᠨ ᠡᠳ᠋ ᠤᠨ ᠬᠡ ᠨᠢ ᠲᠣᠳᠣᠷᠬᠠᠶ᠂ ᠨᠠᠷᠢᠨ ᠵᠢᠭᠳᠡ᠂ ᠲᠡᠭᠰᠢ ᠭᠥᠯᠢᠭᠡᠷ ᠮᠥᠷᠲᠡᠭᠡᠨ ᠲᠥᠷᠥᠯ ᠵᠦᠶᠯ ᠨᠢ ᠣᠯᠠᠨ ᠶᠠᠩᠵᠤ ᠶᠢᠨ᠂ ᠭᠠᠷ ᠤᠷᠠᠯᠠᠯ ᠨᠢ ᠨᠠᠷᠢᠯᠢᠭ ᠪᠠᠶᠢᠵᠤ᠂ ᠥᠪᠥᠷ ᠮᠣᠩᠭᠤᠯ ᠣᠷᠣᠨ ᠤ ᠦᠨᠳᠦᠰᠦᠲᠡᠨ ᠤ ᠵᠠᠩ ᠵᠠᠩᠰᠢᠯ ᠢ ᠠᠭᠤᠰᠬᠠᠵᠤ᠂ ᠥᠳᠬᠡᠨ ᠵᠤᠵᠠᠭᠠᠨ ᠨᠤᠲᠤᠭ ᠤᠨ ᠠᠭᠤᠷ ᠠᠮᠢᠰᠬᠤᠯ ᠢᠶᠠᠷ ᠳᠦᠭᠦᠷᠴᠦ᠂ ᠭᠠᠷ ᠨᠡᠬᠡᠮᠡᠯ ᠤᠨ ᠪᠦᠲᠦᠭᠡᠭᠳᠡᠬᠦᠨ ᠤ ᠪᠠᠶᠢᠭᠠᠯᠢ ᠶᠢᠨ ᠭᠤᠸ᠎ᠠ ᠰᠠᠶᠢᠬᠠᠨ᠂ ᠤᠷᠠᠯᠢᠭ ᠤᠨ ᠭᠤᠸ᠎ᠠ ᠪᠠ ᠬᠡᠷᠡᠭᠯᠡᠭᠡᠨ ᠤ ᠪᠦᠲᠦᠭᠡᠭᠳᠡᠬᠦᠨ ᠪᠣᠯᠤᠨ᠎ᠠ᠃ ᠡᠪᠡᠰᠦᠨ ᠭᠦᠷᠦᠮᠡᠯ ᠳᠡᠭᠡᠷ᠎ᠡ ᠥᠩᠭᠡ ᠢᠯᠭᠠᠷᠠᠮ᠎ᠠ ᠬᠡ ᠤᠭᠠᠯᠵᠠ ᠲᠠᠢ᠂ ᠬᠥᠩᠭᠡᠨ ᠠᠪᠰᠠᠷᠬᠠᠨ᠂ ᠨᠠᠷᠢᠯᠢᠭ ᠰᠠᠶᠢᠬᠠᠨ ᠪᠠᠶᠢᠵᠤ᠂ ᠨᠠᠩ ᠴᠤ ᠲᠦᠴᠢᠦᠸᠠᠨ ᠰᠢᠶᠠᠨ ᠤ ᠨᠠᠷᠠᠲᠤ ᠪᠦᠲᠦᠭᠡᠭᠳᠡᠬᠦᠨ ᠪᠣᠯᠤᠭᠰᠠᠨ ᠪᠠᠶᠢᠨ᠎ᠠ᠃ᠡ᠊    ᠪᠡᠰᠦᠨ ᠭᠦᠷᠦᠮᠡᠯ ᠤᠨ ᠤᠯᠠᠮᠵᠢᠯᠠᠯᠲᠤ ᠤᠷ᠎ᠠ ᠮᠡᠷᠭᠡᠵᠢᠯ ᠢ ᠬᠡᠷᠬᠢᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠬᠤ ᠪᠣᠯ ᠯᠢ ᠹᠧᠩ ᠬᠤᠸᠠ ᠶᠢᠨ ᠤᠢᠢᠷ᠎ᠠ ᠶᠢᠨ ᠬᠡᠳᠦᠨ ᠵᠢᠯ ᠳᠤ ᠪᠣᠳᠣᠯᠬᠢᠯᠠᠭᠰᠠᠭᠠᠷ ᠢᠷᠡᠭᠰᠡᠨ ᠠᠰᠠᠭᠤᠳᠠᠯ ᠪᠠ ᠴᠢᠷᠮᠠᠶᠢᠬᠤ ᠴᠢᠭᠯᠡᠯ ᠮᠥᠨ᠃ ᠲᠡᠷᠡ ᠰᠢᠨ᠎ᠡ ᠡᠪᠡᠰᠦᠨ ᠭᠦᠷᠦᠮᠡᠯ ᠤᠨ ᠡᠳ᠋ ᠢ ᠲᠠᠰᠤᠷᠠᠯᠲᠠ ᠥᠬᠡᠶ ᠰᠦᠪᠡᠭᠴᠢᠯᠡᠨ ᠰᠤᠳᠤᠯᠵᠤ᠂ ᠬᠡᠷᠡᠭᠯᠡᠭᠡᠨ ᠤ ᠴᠢᠨᠠᠷ ᠢ ᠪᠠᠲᠤᠯᠠᠬᠤ ᠶᠢᠨ ᠬᠠᠮᠲᠤ᠂ ᠦᠶᠯᠡᠳᠬᠦᠨ ᠢᠶᠠᠨ ᠣᠨᠴᠠᠭᠠᠶ ᠡᠳ᠋ᠰᠢᠭᠦᠯᠪᠡ᠃ ︽ᠵᠠᠯᠠᠭᠤᠴᠤᠳ ᠲᠤ ᠡᠨᠡ ᠬᠦ ᠤᠯᠠᠮᠵᠢᠯᠠᠯᠲᠤ ᠤᠷ᠎ᠠ ᠮᠡᠷᠭᠡᠵᠢᠯ ᠢ ᠮᠡᠳᠡᠷᠡᠭᠦᠯᠵᠦ᠂ ᠡᠪᠡᠰᠦᠨ ᠭᠦᠷᠦᠮᠡᠯ ᠤᠨ ᠰᠣᠶᠣᠯ ᠤᠨ ᠦᠨ᠎ᠡ ᠥᠷᠲᠡᠭ ᠢ ᠳᠡᠭᠡᠭᠰᠢᠯᠡᠭᠦᠯᠬᠦ ᠪᠠ ᠠᠭᠤᠳᠠᠯᠬᠤ ᠪᠣᠯ ᠡᠭᠦᠨ ᠤ ᠳᠣᠲᠣᠷᠠᠬᠢ ᠴᠢᠬᠤᠯᠠ ᠨᠢᠭᠡ ᠠᠯᠬᠤᠮ ᠪᠣᠯᠤᠨ᠎ᠠ᠃︾ ᠭᠡᠵᠦ ᠯᠢ ᠹᠧᠩ ᠬᠤᠸᠠ ᠬᠡᠯᠡᠨ᠎ᠡ᠃ ᠡᠪᠡᠰᠦᠨ ᠭᠦᠷᠦᠮᠡᠯ ᠨᠢ ᠵᠥᠪᠬᠡᠨ ᠡᠳᠦᠷ ᠲᠤᠲᠤᠮ ᠤᠨ ᠬᠡᠷᠡᠭᠰᠡᠯ ᠲᠡᠳᠦᠶ ᠪᠢᠰᠢ᠂ ᠬᠠᠷᠢᠨ ᠵᠣᠷᠢᠭᠲᠠᠶ ᠪᠠᠷ ᠰᠢᠪᠲᠤᠯᠤᠯᠲᠠ ᠬᠢᠵᠦ᠂ ᠳᠣᠲᠣᠭᠠᠳᠤ ᠰᠣᠶᠣᠯ ᠤᠨ ᠦᠨ᠎ᠡ ᠥᠷᠲᠡᠭ ᠢ ᠠᠭᠤᠳᠠᠯᠵᠤ᠂ ᠳᠦᠷᠰᠦ ᠪᠦᠲᠦᠭᠡᠯᠲᠡ᠂ ᠵᠢᠷᠤᠭ ᠳᠦᠷᠰᠦ᠂ ᠥᠩᠭᠡ ᠪᠤᠳᠤᠭ ᠤᠨ ᠲᠠᠯ᠎ᠠ ᠪᠠᠷ ᠤᠯᠠᠮᠵᠢᠯᠠᠯᠲᠤ ᠲᠣᠭᠲᠠᠮᠠᠯ ᠳᠦᠷᠢ ᠲᠥᠷᠬᠦ ᠶᠢ ᠲᠠᠶᠢᠪᠠᠶᠢᠳᠠᠭ ᠯᠡ ᠶᠤᠮ ᠪᠣᠯ ︽ᠬᠠᠭᠤᠴᠢᠨ ᠡᠳ᠋︾ ᠨᠢ ᠴᠦ ᠰᠢᠨ᠎ᠡ ᠠᠮᠢᠵᠢᠷᠠᠯ ᠤᠨ ᠬᠦᠴᠦᠨ ᠲᠠᠢ ᠪᠣᠯᠵᠣ ᠴᠢᠳᠠᠨ᠎ᠠ ᠭᠡᠵᠡᠶ᠃    ᠠᠵᠤ ᠠᠬᠤᠢ ᠶᠢᠨ ᠦᠷ᠎ᠡ ᠠᠰᠢᠭ ᠤᠯᠠᠮ ᠠᠴᠠ ᠤᠯᠠᠮ ᠰᠠᠶᠢᠵᠢᠷᠠᠬᠤ ᠶᠢ ᠳᠠᠭᠠᠯᠳᠤᠨ᠂ ᠯᠢ ᠹᠧᠩ ᠬᠤᠸᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠳᠤ ︽ᠭᠠᠭᠴᠠᠭᠠᠷ ᠲᠡᠮᠡᠴᠡᠵᠦ︾ ᠪᠣᠯᠬᠤ ᠦᠭᠡᠢ ᠭᠡᠵᠦ ᠦᠵᠡᠪᠡ᠃ 2015 ᠣᠨ ᠠᠴᠠ ᠡᠬᠢᠯᠡᠨ᠂ ᠯᠢ ᠹᠧᠩ ᠬᠤᠸᠠ ᠤᠢᠢᠷᠠᠯᠴᠠᠭᠠᠬᠢ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠥᠪᠡᠷ ᠤᠨ ᠭᠡᠷ ᠲᠡᠭᠡᠨ ᠬᠦᠷᠴᠦ  ᠡᠪᠡᠰᠦᠨ ᠭᠦᠷᠦᠮᠡᠯ ᠵᠣᠬᠢᠶᠠᠬᠤ ᠶᠢ ᠰᠤᠷᠤᠯᠴᠠᠭᠤᠯᠵᠠᠢ᠃ ᠣᠳᠣᠬᠠᠨ ᠪᠣᠯᠲᠠᠯ᠎ᠠ᠂ ᠪᠥᠬᠦ ᠪᠠᠯᠭᠠᠰᠤᠨ ᠤ 40 ᠭᠠᠷᠤᠶ ᠨᠡᠷᠡᠰ ᠲᠣᠰᠬᠤᠨ ᠤ ᠠᠷᠠᠳ ᠯᠢ ᠹᠧᠩ ᠬᠤᠸᠠ ᠶᠢ ᠳᠠᠭᠠᠵᠤ ᠡᠪᠡᠰᠦᠨ ᠭᠦᠷᠦᠮᠡᠯ ᠵᠣᠬᠢᠶᠠᠬᠤ ᠠᠵᠢᠯ ᠬᠢᠵᠦ᠂ ᠬᠥᠮᠦᠨ ᠪᠦᠷᠢ ᠶᠢᠨ ᠰᠠᠷ᠎ᠠ ᠶᠢᠨ ᠳᠤᠮᠳᠠᠴᠢ ᠣᠷᠣᠯᠭ᠎ᠠ 2000 ᠭᠠᠷᠤᠶ ᠲᠥᠭᠦᠷᠢᠭ ᠨᠡᠮᠡᠭᠳᠡᠪᠡ᠃    ︽ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠡᠷᠬᠢᠮ ᠨᠠᠨᠳᠢᠨ ᠳᠤᠷᠠᠰᠤᠮᠵᠢ ᠮᠥᠨ᠂ ᠲᠡᠷᠡ ᠨᠢ ᠮᠠᠨ ᠤ ᠲᠦᠴᠢᠦᠸᠠᠨ ᠰᠢᠶᠠᠨ ᠤ ᠢᠯᠡ ᠲᠣᠳᠣ ᠣᠷᠣᠨ ᠨᠤᠲᠤᠭ ᠤᠨ ᠣᠨᠴᠠᠯᠢᠭ ᠢ ᠠᠴᠢᠶᠠᠯᠠᠵᠤ᠂ ᠯᠢ ᠪᠠᠭᠰᠢ ᠲᠠᠢ ᠬᠠᠮᠲᠤ ᠡᠪᠡᠰᠦᠨ ᠭᠦᠷᠦᠮᠡᠯ ᠤᠨ ᠭᠠᠷ ᠤᠷᠠᠯᠠᠯ ᠤᠨ ᠪᠦᠲᠦᠭᠡᠭᠳᠡᠬᠦᠨ ᠦᠶᠯᠡᠳᠬᠦ ᠨᠢ ᠠᠵᠤ ᠠᠬᠤᠶ ᠶᠢᠨ ᠦᠷ᠎ᠡ ᠠᠰᠢᠭ ᠢ ᠠᠪᠴᠢᠷᠠᠬᠤ ᠪᠠᠷ ᠪᠠᠷᠠᠬᠤ ᠥᠬᠡᠶ᠂ ᠡᠨᠡ ᠬᠦ ᠠᠵᠢᠯ ᠢ ᠬᠢᠬᠦ ᠳᠤ ᠪᠢ ᠪᠠᠰᠠ ᠮᠠᠰᠢ ᠣᠮᠣᠭᠰᠢᠵᠤ ᠪᠠᠶᠢᠨ᠎ᠠ᠃︾ ᠭᠡᠵᠦ ᠲᠣᠰᠬᠤᠨ ᠤ ᠠᠷᠠᠳ ᠶᠤᠸᠠᠢ ᠶᠢᠩ ᠴᠦᠨ ᠣᠮᠤᠭ ᠪᠠᠷᠳᠠᠮ ᠬᠡᠯᠡᠨ᠎ᠡ᠃ ᠲᠡᠳᠡ 2018 ᠣᠨ ᠤ ᠠᠩᠬᠠᠨ ᠤ ᠰᠤᠷᠴᠤ ᠪᠠᠶᠢᠭᠰᠠᠨ ᠴᠠᠭ ᠢᠶᠠᠨ ᠡᠷᠭᠢᠴᠡᠭᠦᠯᠵᠦ᠂ ᠯᠢ ᠹᠧᠩ ᠬᠤᠸᠠ ᠲᠤᠬᠠᠢ  ᠶᠢᠨ ᠦᠶ᠎ᠡ ᠳᠤ ᠲᠣᠰᠬᠤᠨ ᠤ ᠪᠠᠨ ᠪᠤᠰᠤᠳ ᠬᠠᠮᠳᠤ ᠨᠠᠶᠢᠵᠠ ᠨᠠᠷ ᠢ ᠵᠢᠯᠣᠭᠤᠳᠤᠨ ᠵᠣᠬᠢᠶᠠᠨ ᠪᠦᠲᠦᠭᠡᠬᠦ ᠠᠷᠭ᠎ᠠ ᠪᠠᠷᠢᠯ ᠢ ᠰᠤᠷᠤᠯᠴᠠᠭᠤᠯᠵᠤ᠂ ᠲᠡᠳᠡ ᠨᠠᠷᠢᠨ ᠬᠢᠨᠠᠮᠠᠭᠠᠢ ᠰᠤᠷᠤᠯᠴᠠᠵᠦ᠂ ᠳᠠᠷᠤᠤ ᠬᠢᠴᠢᠶᠡᠩᠭᠦᠢ ᠪᠠᠷ ᠠᠰᠠᠭᠤᠵᠤ᠂ ᠨᠠᠷᠢᠨ ᠨᠢᠮᠪᠠᠢ ᠪᠣᠯᠪᠠᠰᠤᠷᠠᠵᠤ᠂ ᠵᠠᠩᠭᠢᠶ᠎ᠠ ᠵᠠᠩᠭᠢᠳᠴᠤ᠂ ᠭᠡᠵᠢᠭᠡ ᠵᠠᠩᠭᠢᠳᠴᠤ᠂ ᠨᠤᠬᠤᠯᠠᠵᠤ᠂ ᠮᠤᠰᠬᠢᠵᠦ᠂ ᠡᠷᠭᠦᠵᠦ ᠂ ᠲᠠᠪᠠᠭᠯᠠᠬᠤ ᠵᠡᠷᠭᠡ ᠡᠯ᠎ᠡ ᠵᠦᠢᠯ ᠤᠨ ᠵᠣᠬᠢᠶᠠᠨ ᠪᠦᠲᠦᠭᠡᠬᠦ ᠤᠷ᠎ᠠ ᠮᠡᠷᠭᠡᠵᠢᠯ ᠢ ᠤᠯᠠᠨ ᠳᠤ ᠤᠢᠢᠯᠠᠭᠠᠭᠤᠯᠤᠨ ᠡᠵᠡᠮᠰᠢᠭᠦᠯᠵᠦ᠂ ᠲᠡᠳᠡ ᠣᠷᠭᠢᠯᠤᠮ᠎ᠠ ᠬᠠᠯᠠᠭᠤᠨ ᠰᠡᠳᠬᠢᠯᠭᠡ ᠪᠠᠷ  ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠦᠷ᠎ᠡ ᠵᠢᠮᠢᠰ ᠢᠶᠠᠨ ᠬᠠᠷᠠᠭᠠᠳ ᠰᠡᠳᠬᠢᠯ ᠳᠤᠨᠢ ᠴᠥᠮ ᠪᠠᠶᠠᠷ ᠬᠦᠷ ᠲᠠᠢ ᠪᠠᠶᠢᠯ᠎ᠠ᠃ ᠰᠤᠷᠤᠯᠭ᠎ᠠ ᠲᠡᠭᠦᠰᠦᠭᠰᠡᠨ ᠤ ᠳᠠᠷᠠᠭ᠎ᠠ ᠶᠤᠸᠠᠢ ᠶᠢᠩ ᠴᠦᠨ ᠵᠡᠷᠭᠡ ᠬᠥᠮᠦᠰ ᠯᠢ ᠹᠧᠩ ᠬᠤᠸᠠ ᠳᠤ ᠪᠠᠷᠠᠭ᠎ᠠ ᠬᠠᠩᠭᠠᠵᠤ᠂ ︽ᠭᠡᠷ ᠲᠤ 20 ᠮᠦ ᠲᠠᠷᠢᠶ᠎ᠠ  ᠲᠠᠢ᠂ ᠲᠠᠷᠢᠶᠠᠯᠠᠩ ᠤᠨ ᠰᠡᠯᠡᠭᠦᠦ ᠴᠠᠭ ᠲᠤ ᠭᠡᠷ ᠲᠡᠭᠡᠨ ᠭᠦᠷᠦᠵᠦ᠂ ᠡᠪᠡᠰᠦ ᠪᠠ ᠤᠲᠠᠰᠤ ᠨᠢ ᠪᠦᠷ ᠯᠢ ᠡᠭᠡᠴᠢ  ᠶᠢᠨ ᠬᠢ᠂ ᠪᠢ ᠭᠠᠷ ᠤᠷᠠᠯᠠᠯ ᠤᠨ ᠰᠦᠢᠳᠬᠡᠯ ᠣᠯᠵᠤ᠂ ᠪᠠᠰᠠ ᠵᠢᠭᠠᠬᠠᠨ ᠰᠤᠯᠠ ᠵᠠᠷᠤᠬᠤ ᠵᠣᠭᠤᠰ ᠤᠯᠤᠨ᠎ᠠ᠃︾ ᠭᠡᠵᠦ ᠲᠡᠷᠡ ᠬᠡᠯᠡᠨ᠎ᠡ᠃    ᠣᠲᠣ ᠪᠣᠯᠲᠠᠯ᠎ᠠ᠂ ᠲᠦᠴᠢᠦᠸᠠᠨ ᠰᠢᠶᠠᠨ ᠳᠤ ᠯᠢ ᠹᠧᠩ ᠬᠤᠸᠠ ᠮᠡᠲᠦ ᠶᠢᠨ ᠠᠶᠢᠮᠠᠭ ᠤᠨ ᠲᠠᠰ ᠤᠨ ᠪᠣᠳᠠᠰ  ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ 27 ᠬᠥᠮᠦᠨ ᠪᠠᠶᠢᠵᠤ᠂ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ 21 ᠪᠣᠶ︔ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ 4 ᠲᠥᠷᠥᠯ᠂ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ 4 ᠬᠥᠮᠦᠨ ᠪᠣᠶ︔ ᠰᠢᠶᠠᠨ ᠤ ᠱᠠᠲᠤᠨ ᠳᠤ ᠨᠢᠭᠡᠨᠲᠡ 6 ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠢ ᠨᠡᠶᠢᠲᠡᠯᠡᠵᠦ᠂ ᠨᠡᠶᠢᠲᠡ 45 ᠵᠦᠢᠯ᠂ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ 31 ᠬᠥᠮᠦᠨ ᠪᠠᠶᠢᠨ᠎ᠠ᠃ ᠲᠠᠳᠠ ᠴᠥᠮ ᠥᠪᠡᠷ ᠥᠪᠡᠷ ᠤᠨ ᠠᠳᠠᠯᠢ ᠪᠤᠰᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠬᠦᠷᠢᠶᠡᠨ ᠳᠤ ᠳᠠᠪᠠᠭᠤᠯᠢᠭ ᠢᠶᠠᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯ ᠳᠤ ᠦᠷᠭᠦᠯᠵᠢᠯᠡᠨ ︽ᠵᠠᠯᠠᠭᠤ ᠨᠠᠰᠤᠨ ᠤ ᠬᠦᠴᠦᠨ︾ ᠨᠡᠮᠡᠷᠢᠯᠡᠵᠦ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠦᠲᠦᠮᠵᠢᠲᠡᠶ ᠳᠠᠶᠢᠴᠢᠯᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号