ᠵᠠᠰᠠᠭ ᠠᠯᠪᠠᠨ ᠲᠠᠷᠬᠠᠭᠠᠭᠰᠠᠨ 〔2023〕 89 ᠳ᠋ᠦᠭᠡᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ᠂ | ᠠᠯᠪᠠᠨ ᠭᠡᠷ᠂ ᠲᠣᠪᠴᠢᠶ᠎ᠠ ᠳᠤ᠄ | ︽ᠲᠦᠴᠢᠦᠸᠠᠨ ᠰᠢᠶᠠᠨ ᠤ 2023 ᠣᠨ ᠤ ᠨᠠᠮᠤᠷ ᠡᠪᠦᠯ ᠤᠨ ᠤᠯᠠᠷᠢᠯ ᠤᠨ ︿ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠭᠤᠨ ᠡᠳᠦᠷ ᠤᠨ ᠳᠠᠶᠢᠯᠠᠯᠳᠤᠭᠠᠨ﹀ ᠤ ᠬᠡᠷᠡᠭᠵᠢᠭᠦᠯᠬᠦ | ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 10 ᠰᠠᠷ᠎ᠠ ᠶᠢᠨ 7 ᠤ ᠡᠳᠦᠷ | ᠲᠦᠴᠢᠦᠸᠠᠨ ᠰᠢᠶᠠᠨ ᠤ 2023 ᠣᠨ ᠤ ᠨᠠᠮᠤᠷ ᠡᠪᠦᠯ ᠤᠨ ᠤᠯᠠᠷᠢᠯ ᠤᠨ ︽ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠭᠤᠨ ᠡᠳᠦᠷ ᠤᠨ ᠳᠠᠶᠢᠯᠠᠯᠳᠤᠭᠠᠨ︾ ᠤ ᠬᠡᠷᠡᠭᠵᠢᠭᠦᠯᠬᠦ ᠲᠥᠰᠥᠯ | | ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽2023 ᠣᠨ ᠤ ᠪᠦᠬᠦ ᠠᠶᠢᠮᠠᠭ ᠤᠨ | ᠨᠠᠮᠤᠷ ᠡᠪᠦᠯ ᠤᠨ ᠤᠯᠠᠷᠢᠯ ᠤᠨ ︿ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠵᠠᠭᠤᠨ ᠡᠳᠦᠷ ᠤᠨ ᠳᠠᠶᠢᠯᠠᠯᠳᠤᠭᠠᠨ﹀ ᠢ ᠥᠷᠨᠢᠭᠦᠯᠬᠦ ᠲᠤᠬᠠᠢ ᠮᠡᠳᠡᠭᠳᠡᠯ︾ ︵ᠰᠢᠩ ᠲᠠᠷᠢᠶᠠᠯᠠᠩ ᠮᠠᠯ ᠠᠵᠤ ᠠᠬᠤᠢ | ᠲᠠᠷᠬᠠᠭᠠᠭᠰᠠᠨ ﹇2023﹈ 487 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠨᠠᠮᠤᠷ ᠡᠪᠦᠯ ᠤᠨ ᠤᠯᠠᠷᠢᠯ ᠤᠨ ᠪᠠᠷᠢᠯᠭ᠎ᠠ ᠶᠢᠨ ᠴᠣᠩᠬᠤᠪᠴᠢ ᠬᠤᠭᠤᠴᠠᠭ᠎ᠠ ᠶᠢ | ᠦᠨᠡᠨ ᠬᠦ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ ᠶᠢᠨ ᠲᠥᠯᠥᠭᠡ᠂ 2023 ᠣᠨ ᠤ ᠪᠦᠬᠦ ᠰᠢᠶᠠᠨ ᠤ ᠨᠠᠮᠤᠷ ᠡᠪᠦᠯ ᠤᠨ ᠤᠯᠠᠷᠢᠯ ᠤᠨ ︽ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠭᠤᠨ ᠡᠳᠦᠷ ᠤᠨ ᠳᠠᠶᠢᠯᠠᠯᠳᠤᠭᠠᠨ︾ ᠤ | ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠵᠤ᠂ ᠣᠨᠴᠠᠭᠠᠶᠢᠯᠠᠨ ᠲᠤᠰ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠶᠡᠷᠦᠩᠬᠡᠢ ᠡᠭᠦᠷᠭᠡ ᠶᠢᠨ | ᠲᠣᠭᠤᠷᠢᠨ ᠳᠤ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠭᠤᠨ ᠡᠳᠦᠷ ᠤᠨ ᠪᠠᠶᠢᠯᠳᠤᠭᠠᠨ︾ ᠤ | ᠱᠠᠭᠠᠷᠳᠠᠯᠭ᠎ᠠ ᠶᠣᠰᠣᠭᠠᠷ᠂ ᠪᠥᠬᠦ ᠰᠢᠶᠠᠨ ᠤ ᠡᠯ᠎ᠡ ᠭᠠᠵᠠᠷ ᠤᠨ ᠬᠢᠨ ᠡᠷᠲᠡᠬᠡᠨ ᠬᠥᠳᠡᠯᠦᠯᠴᠡᠵᠦ᠂ ᠪᠥᠬᠦ ᠲᠠᠯ᠎ᠠ ᠪᠠᠷ | ᠠᠵᠢᠯᠯᠠᠬᠤ ᠶᠢ ᠲᠦᠯᠬᠢᠨ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠳᠡᠭᠡᠳᠦ | ᠱᠠᠲᠤᠨ ᠠᠴᠠ ᠮᠠᠨ ᠤ ᠰᠢᠶᠠᠨ ᠳᠤ ᠪᠠᠭᠤᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ | ᠬᠠᠮᠲᠤ 2024 ᠣᠨ ᠤ ᠬᠤᠯᠪᠣᠭᠳᠠᠯ ᠪᠦᠬᠦᠢ ᠠᠵᠢᠯ ᠢ ᠰᠠᠶᠢᠲᠤᠷ ᠲᠥᠯᠥᠪᠵᠢᠭᠦᠯᠵᠦ᠂ ︽ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠭᠤᠨ ᠡᠳᠦᠷ ᠤᠨ ᠬᠠᠮᠲᠤᠷᠠᠭᠰᠠᠨ ᠪᠠᠶᠢᠯᠳᠤᠭᠠᠨ︾ ᠳᠤ | ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠶᠠᠷ᠂ ᠠᠵᠢᠯ ᠣᠨ ᠬᠠᠷᠠᠯᠲᠠ | ᠨᠢᠭᠡ ᠳᠤ ᠨᠠᠮᠤᠷ ᠡᠪᠦᠯ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠰᠢᠵᠢᠷ ᠠᠯᠲᠠᠨ ᠴᠠᠭ ᠢ ᠠᠳᠬᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠨᠡ ᠵᠢᠯ ᠤᠨ 11 ᠰᠠᠷ᠎ᠠ ᠶᠢᠨ | ᠰᠡᠭᠦᠯᠴᠢ ᠠᠴᠠ ᠡᠮᠦᠨ᠎ᠡ 2023 ᠣᠨ ᠤ ᠲᠥᠷᠥᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ | ᠳᠠᠭᠤᠰᠬᠠᠵᠤ᠂ ᠢᠷᠡᠬᠦ ᠵᠢᠯ ᠤᠨ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠰᠡᠭᠦᠯ ᠬᠤᠷᠢᠶᠠᠬᠤ ᠢᠨᠵᠧᠨᠧᠷᠢᠩ ᠢ | ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ 2024 ᠣᠨ ᠤ ᠲᠥᠷᠥᠯ | ᠵᠦᠢᠯ ᠤᠨ ᠭᠠᠵᠠᠷ ᠰᠣᠩᠭᠤᠨ ᠨᠥᠭᠡᠴᠡᠯᠡᠬᠦ ᠠᠵᠢᠯ ᠢ ᠵᠡᠷᠭᠡ ᠳᠤᠨᠢ ᠪᠡᠶᠡᠯᠡᠭᠦᠯᠵᠦ᠂ ᠵᠢᠷᠤᠭ ᠲᠥᠯᠥᠪᠯᠡᠭᠡ ᠶᠢᠨ | ᠳᠠᠭᠠᠭᠠᠴᠢᠯᠠᠯᠲᠠ ᠵᠠᠷᠯᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ | ᠬᠤᠶᠠᠷ ᠲᠤ ᠲᠠᠷᠢᠶᠠᠯᠠᠩ ᠮᠠᠯ ᠠᠵᠤ ᠠᠬᠤᠢ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ᠂ | ᠤᠰᠤᠨ ᠠᠰᠢᠭᠯᠠᠯᠲᠠ ᠶᠢᠨ ᠲᠢᠩᠬᠢᠮ ᠤᠨ ᠬᠠᠮᠲᠤᠷᠠᠨ ᠲᠠᠷᠬᠠᠭᠠᠭᠰᠠᠨ ᠳᠣᠲᠣᠭᠠᠳᠤ ᠲᠠᠷᠢᠶᠠᠯᠠᠩ ᠮᠠᠯ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠲᠠᠷᠬᠠᠭᠠᠭᠰᠠᠨ ﹇2023﹈ 161 ᠳ᠋ᠦᠭᠡᠷ ᠲᠣᠭᠠᠲᠤ ᠪᠢᠴᠢᠭ | ᠮᠠᠲ᠋ᠧᠷᠢᠶᠠᠯ ᠢ ᠦᠨᠳᠦᠰᠦᠯᠡᠨ᠂ ︽2011 2018 ᠣᠨ ᠳᠤ ᠤᠯᠤᠰ ᠤᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ︿12 5﹀ ᠶᠢᠨ ᠬᠥᠮᠥᠷᠭᠡ ᠶᠢᠨ ᠬᠠᠮᠢᠶᠠᠷᠤᠯᠲᠠ ᠶᠢᠨ ᠡᠯ᠎ᠡ ᠲᠥᠷᠥᠯ ᠤᠨ ᠲᠠᠷᠢᠶᠠᠨ ᠭᠠᠵᠠᠷ ᠤᠨ | ᠲᠥᠷᠥᠯ ᠵᠦᠢᠯ ᠢ ᠰᠢᠯᠭᠠᠨ ᠠᠪᠬᠤ ᠪᠠ ᠰᠢᠯᠵᠢᠭᠦᠯᠦᠨ ᠲᠤᠰᠢᠶᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ᠂ | ᠬᠤᠰᠢᠭᠤ ᠰᠢᠶᠠᠨ ᠤ ᠵᠠᠰᠠᠭ ᠤᠨ ᠣᠷᠳᠣᠨ ᠨᠢᠭᠡᠳᠦᠯᠲᠡᠢ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ ᠬᠠᠮᠲᠤᠷᠠᠨ | ᠰᠢᠯᠭᠠᠨ ᠠᠪᠬᠤ ᠵᠡᠷᠭᠡ ᠱᠠᠭᠠᠷᠳᠠᠯᠭ᠎ᠠ ᠶᠢ ᠦᠨᠳᠦᠰᠦᠯᠡᠨ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠢᠨᠠᠨ ᠬᠠᠮᠢᠶᠠᠷᠤᠭᠤᠯᠪᠠᠯ | ᠰᠠᠶ᠋ᠢ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠡᠴᠦᠰ ᠠᠴᠠ | ᠡᠮᠦᠨ᠎ᠡ ᠰᠢᠯᠵᠢᠭᠦᠯᠦᠨ ᠲᠤᠰᠢᠶᠠᠬᠤ ᠠᠵᠢᠯ ᠢ ᠪᠡᠶᠡᠯᠡᠭᠦᠯᠵᠦ᠂ ᠪᠡᠶᠡᠯᠡᠭᠦᠯᠦᠭᠡᠳᠦᠢ ᠪᠣᠯ ᠥᠭᠡᠷᠡᠴᠢᠯᠡᠨ ᠳᠡᠭᠡᠭᠰᠢᠯᠡᠭᠦᠯᠬᠦ | ᠲᠥᠷᠥᠯ ᠵᠦᠢᠯ ᠢ ᠲᠣᠬᠢᠷᠠᠭᠤᠯᠬᠤ ᠦᠭᠡᠢ ᠪᠠᠶᠢᠬᠤ ᠶᠢ ᠱᠠᠭᠠᠷᠳᠠᠨ᠎ᠠ᠃ | ᠭᠤᠷᠪᠠ ᠳᠤ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠪᠠᠭᠤᠯᠭᠠᠭᠰᠠᠨ | ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠲᠠᠷᠬᠠᠭᠠᠭᠰᠠᠨ ﹇2023﹈ 472 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠤᠨ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ | ᠱᠠᠭᠠᠷᠳᠠᠯᠭ᠎ᠠ ᠶᠢ ᠦᠨᠳᠦᠰᠦᠯᠡᠨ᠎ᠡ᠃ ᠮᠠᠨ ᠤ ᠰᠢᠶᠠᠨ ᠤ 2011 ᠣᠨ ᠠᠴᠠ 2018 ᠣᠨ ᠪᠣᠯᠲᠠᠯ᠎ᠠ ᠠᠰᠠᠭᠤᠳᠠᠯ | ᠣᠷᠣᠰᠢᠵᠤ ᠪᠠᠶᠢᠭ᠎ᠠ ᠵᠦᠢᠯᠡᠰ ᠨᠡᠶᠢᠲᠡ 123 ᠪᠠᠶᠢᠵᠤ᠂ ᠡᠭᠦᠨ ᠤ ᠳᠣᠲᠣᠷ᠎ᠠ ᠲᠡᠷᠡ ᠳᠠᠷᠤᠢ ᠳᠤᠨᠢ ᠬᠡᠷᠡᠭᠵᠢᠭᠦᠯᠵᠦ | ᠲᠡᠷᠡ ᠳᠠᠷᠤᠢ ᠳᠤᠨᠢ ᠥᠭᠡᠷᠡᠴᠢᠯᠡᠬᠦ ᠵᠦᠢᠯᠡᠰ 68 ᠪᠠᠶᠢᠵᠤ᠂ ᠳᠡᠪᠰᠢᠭᠦᠯᠦᠨ ᠥᠭᠡᠷᠡᠴᠢᠯᠡᠬᠦ ᠵᠦᠢᠯᠡᠰ ᠲᠤ | ᠣᠷᠣᠭᠤᠯᠤᠭᠰᠠᠨ ᠨᠢ 55 ᠪᠠᠶᠢᠨ᠎ᠠ᠃ ᠪᠢᠴᠢᠭ ᠮᠠᠲ᠋ᠧᠷᠢᠶᠠᠯ ᠪᠣᠯᠣᠨ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠨ | ᠬᠡᠷᠡᠭᠵᠢᠭᠦᠯᠵᠦ ᠪᠠᠶᠢᠭᠤᠯᠬᠤ ᠳᠤ ᠵᠠᠰᠠᠪᠤᠷᠢ ᠣᠷᠣᠭᠤᠯᠬᠤ ᠪᠠᠷ ᠡᠰᠡᠷᠭᠦᠴᠡᠯᠳᠦᠭᠰᠡᠨ 68 ᠲᠦᠷᠦᠯ ᠵᠦᠢᠯ ᠢ 10 | ᠰᠠᠷ᠎ᠠ ᠶᠢᠨ ᠰᠡᠭᠦᠯᠴᠢ ᠠᠴᠠ ᠡᠮᠦᠨ᠎ᠡ ᠠᠩᠬ᠎ᠠ ᠠᠯᠬᠤᠮ ᠤᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠬᠦ ᠬᠡᠷᠡᠭᠲᠡᠢ᠃ | ᠳᠥᠷᠪᠡ ᠳᠤ᠂ 2019 ᠣᠨ ᠠᠴᠠ 2022 ᠣᠨ ᠪᠣᠯᠲᠠᠯ᠎ᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠨᠡᠶᠢᠲᠡ 14 ᠪᠠᠶᠢᠵᠤ᠂ ᠪᠦᠲᠦᠭᠡᠨ ᠪᠠᠶᠢᠭᠤᠯᠬᠤ ᠲᠠᠯᠠᠪᠠᠶ ᠨᠢ 43 ᠲᠦᠮᠡᠨ ᠮᠦ ᠪᠠᠶᠢᠵᠤ᠂ ᠪᠥᠬᠦ ᠣᠷᠣᠨ ᠤ | ᠪᠠᠷᠢᠯᠭ᠎ᠠ ᠶᠢᠨ ᠶᠠᠰᠤ ᠴᠢᠨᠠᠷ ᠤᠨ ᠲᠤᠰᠬᠠᠢ ᠴᠡᠭᠴᠡᠯᠡᠨ ᠵᠠᠰᠠᠬᠤ ᠠᠵᠢᠯ ︵ᠵᠠᠭᠤᠨ ᠡᠳᠦᠷ ᠤᠨ ᠠᠵᠢᠯᠯᠠᠭ᠎ᠠ︶ ᠢᠶᠠᠷ | ᠳᠡᠮᠵᠢᠨ᠂ ᠥᠪᠡᠷᠲᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠬᠤ᠂ ᠠᠶᠢᠮᠠᠭ ᠤᠨ ᠱᠠᠲᠤᠨ ᠤ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠣᠯᠠᠩᠬᠢ ᠶᠢ ᠨᠢᠭᠡᠨᠲᠡ ᠴᠡᠭᠴᠡᠯᠡᠨ | ᠵᠠᠰᠠᠵᠤ ᠳᠠᠭᠤᠰᠬᠠᠪᠠ᠂ ᠲᠠᠷᠢᠶᠠᠨ ᠭᠠᠵᠠᠷ ᠤᠨ ᠳᠣᠲᠣᠷᠠᠬᠢ ᠳᠠᠮᠵᠢᠭᠤᠯᠬᠤ ᠬᠤᠭᠤᠯᠠᠢ ᠶᠢ ᠰᠡᠯᠪᠢᠨ ᠵᠠᠰᠠᠵᠤ ᠳᠡᠶᠢᠯᠬᠦ | ᠦᠭᠡᠢ᠂ ᠣᠨᠴᠠ ᠵᠠᠷᠢᠮ ᠲᠠᠷᠢᠶᠠᠨ ᠭᠠᠵᠠᠷ ᠤᠨ ᠵᠠᠮ ᠢ ᠴᠡᠭᠴᠡᠯᠡᠨ ᠵᠠᠰᠠᠵᠤ ᠳᠡᠶᠢᠯᠦᠭᠰᠡᠨ ᠦᠭᠡᠢ ᠠᠴᠠ ᠪᠣᠯᠵᠤ᠂ | ᠨᠠᠮᠤᠷ ᠤᠨ ᠬᠤᠷᠢᠶᠠᠯᠲᠠ ᠶᠢᠨ ᠳᠠᠷᠠᠭ᠎ᠠ ᠵᠠᠯᠭᠠᠭ᠎ᠠ ᠪᠠᠷ ᠥᠷᠨᠢᠭᠦᠯᠬᠦ ᠶᠢ ᠱᠠᠭᠠᠷᠳᠠᠵᠤ᠂ ᠬᠤᠭᠤᠴᠠᠭ᠎ᠠ ᠬᠢᠵᠠᠭᠠᠷᠯᠠᠨ | ᠡᠨᠡ ᠵᠢᠯ ᠤᠨ 11 ᠳ᠋ᠦᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠪᠦᠬᠦᠨ ᠢ ᠴᠡᠭᠴᠡᠯᠡᠨ ᠵᠠᠰᠠᠵᠤ ᠳᠠᠭᠤᠰᠬᠠᠨ᠎ᠠ | ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠨᠠᠮᠤᠷ ᠡᠪᠦᠯ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠦᠨᠡᠨ ᠬᠦ ᠲᠦᠷᠭᠡᠳᠬᠡᠬᠦ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠠᠴᠠ | ︽ᠵᠠᠭᠤᠨ ᠡᠳᠦᠷ ᠤᠨ ᠬᠠᠮᠲᠤᠷᠠᠭᠰᠠᠨ ᠪᠠᠶᠢᠯᠳᠤᠭᠠᠨ ᠤ ᠵᠢᠯᠤᠭᠤᠳᠬᠤ ᠭᠠᠵᠠᠷ︾ ᠢ ᠵᠣᠬᠢᠶᠠᠨ ᠪᠠᠶᠢᠭᠤᠯᠵᠤ | ᠪᠠᠶᠢᠭᠤᠯᠤᠨ᠎ᠠ᠄ | ᠶᠡᠷᠦᠩᠬᠡᠢ ᠺᠣᠮᠠᠨᠳ᠋ᠯᠠᠭᠴᠢ᠄ ᠸᠠᠩ ᠶᠦᠩ ᠵᠢᠶᠠ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠳᠠᠷᠤᠭ᠎ᠠ | ᠳᠡᠳ᠋ ᠶᠡᠷᠦᠩᠬᠡᠢ ᠵᠢᠯᠣᠭᠤᠳᠤᠭᠴᠢ᠄ ᠯᠢᠦ ᡁᠢ ᠹᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠢᠶᠠᠨ ᠤ ᠳᠡᠳ᠋ ᠳᠠᠷᠤᠭ᠎ᠠ | ᠯᠢᠦ ᠢ ᠸᠧᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠤᠢ ᠰᠢᠭᠤᠢ ᠡᠪᠡᠰᠦ | ᠪᠡᠯᠴᠢᠭᠡᠷ ᠤᠨ ᠲᠣᠪᠴᠢᠶᠠᠨ ᠤ ᠳᠠᠷᠤᠭ᠎ᠠ | ᠹᠦ᠋ ᠴᠠᠩ ᠬᠤᠸᠠ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ | ᠪᠦᠷᠢᠯᠳᠦᠭᠦᠨ᠄ ᠯᠢ ᠹᠦ᠋ ᠱᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠵᠠᠩ ᠶᠠᠨ ᠯᠢᠩ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠰᠢᠦᠢ ᠳ᠋ᠦᠩ ᠬᠤᠢ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠨᠢᠦ ᠵᠠᠨ ᠵᠢᠶᠦ᠋ᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠵᠠᠩ ᠴᠢᠤᠸᠠᠨ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠠᠨ ᠶᠠ ᠾᠦᠢ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ | ᠳᠡᠳ᠋ ᠳᠠᠷᠤᠭ᠎ᠠ | ᠭᠦᠸᠧ ᠶᠠᠩ ᠤᠯᠤᠰ ᠤᠨ ᠴᠠᠬᠢᠯᠭᠠᠨ ᠲᠣᠣᠷ ᠤᠨ ᠴᠠᠬᠢᠯᠭᠠᠨ ᠬᠦᠴᠦᠨ ᠤ ᠺᠣᠮᠫᠠᠨᠢ ᠶᠢᠨ ᠳᠡᠳ᠋ ᠳᠠᠭᠠᠭᠠᠮᠠᠯ | ᠾᠧᠦ ᠬᠠᠢ ᠯᠦᠩ ᠲᠦ᠋ ᠴᠢᠤᠸᠠᠨ ᠪᠠᠯᠭᠠᠰᠤᠨ ᠤ ᠳᠠᠷᠤᠭ᠎ᠠ | ᠫᠠᠩ ᠯᠢᠶᠠᠩ ᠤᠨ ᠯᠢᠦ ᠬᠤ ᠪᠠᠯᠭᠠᠰᠤᠨ ᠤ ᠳᠠᠷᠤᠭ᠎ᠠ | ᠯᠢ ᡁᠢ ᠯᠦᠩ ᠲᠦᠷᠵᠢ ᠪᠠᠯᠭᠠᠰᠤᠨ ᠤ ᠳᠠᠷᠤᠭ᠎ᠠ | ᠯᠢ ᠬᠤᠩ ᠦ᠋ ᠱᠦᠢ ᠴᠢᠤᠸᠠᠨ ᠪᠠᠯᠭᠠᠰᠤᠨ ᠤ ᠳᠠᠷᠤᠭ᠎ᠠ | ᠭᠦᠸᠧ ᠵᠢᠶᠠᠩ ᠸᠧᠢ ᠶᠦᠩ ᠠᠨ ᠪᠠᠯᠭᠠᠰᠤᠨ ᠤ ᠳᠠᠷᠤᠭ᠎ᠠ | ᠸᠠᠩ ᡁᠢ ᠪᠥᠸᠧ ᠪᠦᠦ ᠱᠢ ᠪᠠᠯᠭᠠᠰᠤᠨ ᠤ ᠳᠠᠷᠤᠭ᠎ᠠ | ᠸᠠᠩ ᠵᠠᠨ ᠱᠧᠩ ᠰᠢᠤᠸᠠᠢ ᠲᠢᠶᠠᠨ ᠰᠢᠶᠠᠩ ᠤᠨ ᠳᠠᠷᠤᠭ᠎ᠠ | ᠯᠢᠦᠢ ᠺᠠᠢ ᠲᠠᠢ ᠫᠢᠩ ᠰᠢᠶᠠᠩ ᠤᠨ ᠳᠠᠷᠤᠭ᠎ᠠ | ᠵᠠᠩ ᠬᠤᠢ ᠵᠢᠦᠯᠦᠩ ᠰᠢᠶᠠᠩ ᠤᠨ ᠳᠠᠷᠤᠭ᠎ᠠ | ᠯᠢᠦ ᠰᠢᠶᠣᠣ ᠸᠧᠢ ᠶᠦᠩ ᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ | ᠵᠢᠯᠤᠭᠤᠳᠬᠤ ᠭᠠᠵᠠᠷ ᠨᠢ ᠭᠤᠣᠯᠳᠠᠭᠤ ︽ᠬᠠᠮᠲᠤᠷᠠᠭᠰᠠᠨ ᠬᠤᠷᠠᠯ ᠤᠨ ᠲᠣᠭᠲᠠᠴᠠ︾ ᠶᠢ ᠨᠠᠶᠢᠳᠠᠪᠤᠷᠢᠵᠢᠭᠤᠯᠬᠤ ᠶᠢ | ᠬᠠᠷᠢᠭᠤᠴᠠᠵᠤ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠤᠰᠤᠨ | ᠠᠰᠢᠭᠯᠠᠯᠲᠠ᠂ ᠣᠶ ᠰᠢᠭᠤᠢ ᠡᠪᠡᠰᠦ ᠪᠡᠯᠴᠢᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ᠂ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ︽ᠵᠠᠭᠤᠨ ᠡᠳᠦᠷ ᠤᠨ ᠬᠠᠮᠲᠤᠷᠠᠭᠰᠠᠨ | ᠪᠠᠶᠢᠯᠳᠤᠭᠠᠨ︾ ᠤ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠵᠢᠯᠤᠭᠤᠳᠬᠤ ᠭᠠᠵᠠᠷ | ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠠᠵᠢᠯ ᠤᠨ ᠠᠬᠢᠴᠠ ᠶᠢ ᠮᠡᠳᠡᠭᠳᠡᠨ᠂ | ᠬᠦᠷᠦᠯᠴᠡᠬᠦ ᠦᠭᠡᠢ ᠲᠠᠯ᠎ᠠ ᠪᠠᠨ ᠳ᠋ᠦᠩᠨᠡᠵᠦ᠂ ᠨᠡᠶᠢᠲᠡᠯᠢᠭ ᠲᠤᠷᠰᠢᠯᠭ᠎ᠠ ᠪᠠᠨ ᠰᠣᠯᠢᠯᠴᠠᠵᠤ᠂ ᠬᠤᠯᠪᠣᠭᠳᠠᠯ ᠪᠦᠬᠦᠢ | ᠠᠵᠢᠯ ᠢᠶᠠᠨ ᠪᠠᠶᠢᠷᠢᠯᠠᠭᠤᠯᠪᠠ᠃ ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ ᠶᠢᠨ ︽ᠵᠠᠭᠤᠨ ᠡᠳᠦᠷ ᠤᠨ | ᠬᠠᠮᠲᠤᠷᠠᠭᠰᠠᠨ ᠪᠠᠶᠢᠯᠳᠤᠭᠠᠨ︾ ᠤ ᠵᠢᠯᠤᠭᠤᠳᠬᠤ ᠭᠠᠵᠠᠷ ᠪᠠᠶᠢᠭᠤᠯᠬᠤ ᠶᠢ ᠰᠢᠮᠳᠠᠭᠤᠯᠤᠨ ᠵᠢᠯᠤᠭᠤᠳᠴᠤ᠂ ᠰᠢᠶᠠᠩ | ᠪᠠᠯᠭᠠᠰᠤ ᠶᠢᠨ ᠵᠢᠯᠤᠭᠤᠳᠬᠤ ᠭᠠᠵᠠᠷ ᠨᠢ ᠲᠣᠰᠬᠤᠨ ᠤ ᠱᠦᠵᠢ ᠶᠢ ᠵᠢᠯᠤᠭᠤᠳᠬᠤ ᠭᠠᠵᠠᠷ ᠲᠤ ᠣᠷᠣᠭᠤᠯᠤᠨ᠂ ︽ | ᠭᠤᠷᠪᠠᠨ ᠱᠠᠲᠤ ᠪᠠᠷ ᠬᠠᠮᠲᠤᠷᠠᠨ ᠬᠥᠳᠡᠯᠦᠯᠴᠡᠬᠦ︾ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ︽ᠬᠠᠮᠲᠤᠷᠠᠭᠰᠠᠨ | ᠬᠤᠷᠠᠯ ᠤᠨ ᠲᠣᠭᠲᠠᠴᠠ︾ ᠶᠢᠨ ᠦᠢᠯᠡᠳᠦᠯ ᠢ ᠪᠠᠳᠠᠷᠠᠭᠤᠯᠤᠨ᠂ ᠲᠤᠬᠠᠢ ᠶᠢᠨ ᠲᠠᠯᠠᠪᠤᠷ ᠲᠤ ᠠᠵᠢᠯᠯᠠᠬᠤ᠂ | ᠸᠢᠴᠠᠲ ᠤᠨ ᠠᠵᠢᠯ ᠤᠨ ᠪᠦᠯᠦᠭ ᠪᠠ ᠰᠦᠯᠵᠢᠶᠡᠨ ᠤ ᠬᠤᠷᠠᠯ ᠤᠨ ᠲᠠᠪᠴᠠᠩ ᠤᠨ ᠣᠯᠠᠨ ᠵᠦᠢᠯ ᠤᠨ ᠬᠡᠯᠪᠡᠷᠢ ᠶᠢ | ᠠᠪᠴᠤ᠂ ᠠᠰᠠᠭᠤᠳᠠᠯ ᠤᠨ ᠬᠦᠴᠢᠷᠳᠡᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠲᠥᠷᠥ ᠶᠢᠨ ᠪᠣᠳᠣᠯᠭ᠎ᠠ ᠶᠢᠨ | ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠬᠦ ᠬᠡᠷᠡᠭᠲᠡᠢ᠃ | ︽ᠵᠠᠭᠤᠨ ᠡᠳᠦᠷ ᠤᠨ ᠬᠠᠮᠲᠤᠷᠠᠭᠰᠠᠨ ᠪᠠᠶᠢᠯᠳᠤᠭᠠᠨ ᠤ ᠵᠢᠯᠤᠭᠤᠳᠬᠤ ᠭᠠᠵᠠᠷ︾ ᠤᠨ ᠠᠯᠪᠠᠨ ᠭᠡᠷ ᠢ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠳᠦᠷ ᠲᠤᠳᠤᠮ ᠤᠨ | ᠠᠵᠢᠯ ᠢ ᠬᠠᠷᠢᠭᠤᠴᠠᠭᠤᠯᠤᠨ᠎ᠠ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ ᠶᠢᠨ ᠳᠠᠷᠤᠭ᠎ᠠ ᠹᠦ᠋ ᠴᠠᠩ ᠬᠤᠸᠠ ᠨᠥᠬᠦᠷ ᠬᠠᠪᠰᠤᠷᠭᠠᠨ ᠬᠠᠷᠢᠭᠤᠴᠠᠨ᠎ᠠ᠂ ᠪᠣᠳᠠᠲᠠᠢ | ᠬᠠᠷᠢᠯᠴᠠᠬᠤ ᠬᠥᠮᠥᠨ᠄ ᠸᠠᠩ ᠳ᠋ᠦᠩ ᠭᠠᠩ 13948225577᠃ | ᠳᠥᠷᠪᠡ᠂ ᠴᠠᠭ ᠤᠨ ᠲᠣᠬᠢᠷᠠᠭᠤᠯᠤᠯᠲᠠ | 2023 ᠣᠨ ᠤ 10 ᠰᠠᠷ᠎ᠠ ᠶᠢᠨ 7 ︱ 12 ᠰᠠᠷ᠎ᠠ ᠶᠢᠨ 31 ᠤ ᠡᠳᠦᠷ᠃ | ᠲᠠᠪᠤ᠂ ᠭᠤᠣᠯᠳᠠᠯᠭ᠎ᠠ ᠲᠠᠢ ᠠᠵᠢᠯ | ︵ᠨᠢᠭᠡ︶ 2023 ᠣᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠲᠦᠯᠬᠢᠨ ᠠᠬᠢᠭᠤᠯᠬᠤ ᠠᠵᠢᠯ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽ᠠᠵᠢᠯ ᠤᠨ ᠴᠤᠪᠤᠷᠠᠯ ᠤᠨ | ᠵᠢᠷᠤᠭ︾ ᠲᠤ ᠲᠣᠭᠲᠠᠭᠠᠭᠰᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠬᠠᠷᠠᠯᠲᠠ ᠪᠣᠯᠭᠠᠵᠤ᠂ ᠬᠤᠶᠠᠷ | ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠬᠡᠷᠡᠭᠲᠡᠢ᠄ ᠨᠢᠭᠡ ᠳᠤ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ ᠨᠢ ᠪᠠᠷᠢᠯᠭ᠎ᠠ ᠪᠠᠷᠢᠬᠤ ᠨᠢᠭᠡᠴᠡ᠂ ᠬᠢᠨᠠᠨ ᠬᠠᠮᠢᠶᠠᠷᠬᠤ ᠨᠢᠭᠡᠴᠡ᠂ ᠲᠥᠷᠥᠯ ᠵᠦᠢᠯ ᠤᠨ | ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ ᠪᠠᠷᠢᠮᠵᠢᠶ᠎ᠠ ᠬᠡᠰᠡᠭ ᠶᠣᠰᠣᠭᠠᠷ ᠪᠠᠷᠢᠯᠭ᠎ᠠ ᠪᠠᠷᠢᠬᠤ | ᠲᠥᠯᠥᠪᠯᠡᠭᠡ ᠲᠣᠭᠲᠠᠭᠠᠵᠤ᠂ ᠠᠵᠢᠯ ᠤᠨ ᠲᠠᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠬᠠᠷᠠᠯᠲᠠ ᠶᠢᠨ ᠱᠠᠭᠠᠷᠳᠠᠯᠭ᠎ᠠ ᠶᠢ ᠱᠠᠲᠤ ᠬᠤᠪᠢᠶᠠᠨ | ᠲᠣᠳᠣᠷᠬᠠᠶᠢᠯᠠᠬᠤ ᠬᠡᠷᠡᠭᠲᠡᠢ︔ ᠬᠤᠶᠠᠷ ᠲᠤ ᠪᠠᠶᠢᠭᠤᠯᠬᠤ ᠳᠤ ᠣᠷᠣᠯᠴᠠᠭᠰᠠᠨ ᠨᠢᠭᠡᠴᠢ ᠶᠢ ᠰᠢᠪᠠᠳᠠᠵᠤ ᠪᠠᠶᠢᠭᠠᠳ | ᠬᠥᠮᠥᠨ ᠤ ᠬᠦᠴᠦ᠂ ᠪᠣᠳᠠᠰ ᠤᠨ ᠬᠦᠴᠦ᠂ ᠡᠳ᠋ ᠤᠨ ᠬᠦᠴᠦᠨ ᠢ ᠪᠦᠷᠢᠨ ᠪᠡᠯᠡᠳᠬᠡᠯᠭᠡᠵᠦ᠂ ᠮᠠᠲ᠋ᠧᠷᠢᠶᠠᠯ ᠢ ᠪᠦᠬᠦᠨ ᠢ | ᠲᠠᠯᠠᠪᠠᠢ ᠳᠤ ᠣᠷᠣᠭᠤᠯᠵᠤ᠂ ᠡᠯ᠎ᠡ ᠲᠦᠷᠦᠯ ᠤᠨ ᠮᠡᠷᠭᠡᠵᠢᠯ ᠤᠨ ᠠᠵᠢᠯᠲᠠᠨ ᠢ ᠪᠦᠬᠦᠨ ᠢ ᠪᠣᠳᠠᠲᠠᠶᠢᠵᠢᠭᠤᠯᠬᠤ ᠬᠡᠷᠡᠭᠲᠡᠢ᠃ | ᠥᠨᠳᠥᠷ ᠪᠠᠷᠢᠮᠵᠢᠶᠠᠲᠤ ᠲᠤᠰᠬᠠᠢ ᠠᠩᠭᠢ ᠳᠤ᠂ ᠡᠯ᠎ᠡ ᠰᠢᠶᠠᠩ ᠪᠠᠯᠭᠠᠰᠤ ᠨᠢ ᠪᠠᠷᠢᠯᠭ᠎ᠠ ᠶᠢᠨ ᠶᠠᠰᠤ ᠴᠢᠨᠠᠷ ᠲᠤ | ᠬᠢᠨᠠᠯᠲᠠ ᠲᠠᠯᠪᠢᠬᠤ ᠵᠢᠴᠢ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠠᠵᠢᠯ ᠢ ᠬᠠᠷᠢᠭᠤᠴᠠᠨ᠎ᠠ᠃ ︽ | ᠠᠵᠢᠯ ᠳᠠᠭᠤᠰᠪᠠᠯ ᠨᠢᠭᠡ ᠬᠡᠰᠡᠭ ᠢ ᠰᠢᠯᠭᠠᠨ ᠠᠪᠬᠤ︾ ᠵᠠᠷᠴᠢᠮ ᠤᠨ ᠶᠣᠰᠣᠭᠠᠷ ᠠᠵᠢᠯ ᠳᠠᠭᠤᠰᠤᠭᠰᠠᠨ ᠢ ᠠᠩᠬ᠎ᠠ | ᠰᠢᠯᠭᠠᠨ ᠪᠠᠶᠢᠴᠠᠭᠠᠬᠤ ᠶᠢᠨ ᠬᠠᠮᠲᠤ᠂ ᠠᠶᠢᠮᠠᠭ ᠤᠨ ᠱᠠᠲᠤᠨ ᠳᠤ ᠳᠡᠪᠰᠢᠭᠦᠯᠦᠨ ᠰᠢᠯᠭᠠᠨ ᠠᠪᠤᠭᠤᠯᠵᠤ᠂ ᠴᠠᠭ | ᠲᠤᠬᠠᠢ ᠳᠤᠨᠢ ᠰᠢᠯᠭᠠᠨ ᠠᠪᠬᠤ ᠵᠢᠷᠤᠭ ᠢ ᠬᠥᠮᠥᠷᠭᠡ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ | ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠢ᠃ ᠪᠣᠳᠠᠲᠠᠢ ᠨᠡᠶᠢᠲᠡ ᠳᠥᠷᠪᠡᠨ ᠱᠠᠲᠤ ᠬᠤᠪᠢᠶᠠᠵᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠬᠠᠷᠠᠯᠲᠠ ᠶᠢ ᠲᠣᠳᠣᠷᠬᠠᠶᠢᠯᠠᠨ᠎ᠠ᠄ | ᠨᠢᠭᠡᠳᠦᠭᠡᠷ ᠱᠠᠲᠤ 10 ᠰᠠᠷ᠎ᠠ ᠶᠢᠨ 7 ᠤ ᠡᠳᠦᠷ ᠠᠴᠠ 10 ᠰᠠᠷ᠎ᠠ ᠶᠢᠨ 15 ᠤ ᠡᠳᠦᠷ᠃ ᠡᠯ᠎ᠡ ᠰᠢᠶᠠᠩ | ᠪᠠᠯᠭᠠᠰᠤ ᠶᠢᠨ ᠵᠢᠯᠤᠭᠤᠳᠬᠤ ᠭᠠᠵᠠᠷ ᠠᠴᠠ ᠬᠠᠷᠢᠭᠤᠴᠠᠵᠤ ᠪᠠᠶᠢᠭᠠᠳ 2023 ᠣᠨ ᠳᠤ ᠰᠢᠨ᠎ᠡ ᠪᠠᠷ ᠪᠠᠶᠢᠭᠤᠯᠬᠤ | ᠪᠠ ᠡᠯ᠎ᠡ ᠵᠢᠯ ᠳᠤ ᠳᠠᠮᠵᠢᠭᠤᠯᠬᠤ ᠬᠤᠭᠤᠯᠠᠢ ᠶᠢ ᠰᠡᠯᠪᠢᠨ ᠵᠠᠰᠠᠬᠤ ᠴᠢᠬᠤᠯᠠᠲᠠᠢ ᠲᠥᠷᠥᠯ ᠵᠦᠢᠯ ᠳᠤ | ᠬᠤᠯᠪᠣᠭᠳᠠᠭᠰᠠᠨ ᠲᠣᠰᠬᠤᠨ ᠤ ᠲᠠᠷᠢᠶᠠᠴᠢᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠪᠦᠲᠦᠭᠡᠨ | ᠪᠠᠶᠢᠭᠤᠯᠤᠯᠲᠠ ᠶᠢᠨ ᠬᠡᠰᠡᠭ ᠭᠠᠵᠠᠷ ᠤᠨ ᠨᠠᠮᠤᠷ ᠤᠨ ᠬᠤᠷᠢᠶᠠᠯᠲᠠ ᠶᠢᠨ ᠠᠬᠢᠴᠠ ᠶᠢ ᠭᠤᠣᠯᠳᠠᠯᠭ᠎ᠠ ᠲᠠᠢ ᠲᠦᠷᠭᠡᠳᠬᠡᠨ | ᠂ ᠴᠠᠭ ᠲᠤᠬᠠᠢ ᠳᠤᠨᠢ ᠡᠷᠲᠡ ᠬᠤᠷᠢᠶᠠᠵᠤ᠂ ᠵᠠᠪᠳᠤᠨ ᠬᠤᠷᠢᠶᠠᠵᠤ᠂ ᠠᠮᠤ ᠪᠤᠳᠠᠭ᠎ᠠ᠂ ᠡᠰᠢ ᠰᠦᠷᠡᠯ ᠢ ᠡᠷᠲᠡ | ᠲᠠᠷᠢᠶᠠᠨ ᠠᠴᠠ ᠰᠠᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠬᠤᠶᠠᠳᠤᠭᠠᠷ ᠱᠠᠲᠤ 10 ᠰᠠᠷ᠎ᠠ ᠶᠢᠨ 7 ᠤ ᠡᠳᠦᠷ ᠠᠴᠠ 10 ᠰᠠᠷ᠎ᠠ ᠶᠢᠨ 31 ᠤ ᠡᠳᠦᠷ ᠤᠰᠤᠨ | ᠰᠤᠷᠪᠤᠯᠵᠢ ᠶᠢᠨ ᠬᠤᠳᠳᠤᠭ ᠤᠨ ᠪᠠᠷᠢᠯᠭ᠎ᠠ᠂ ᠲᠠᠷᠢᠶᠠᠨ ᠭᠠᠵᠠᠷ ᠤᠨ ᠵᠠᠮ ᠤᠨ ᠪᠠᠷᠢᠯᠭ᠎ᠠ᠂ ᠤᠷᠢᠳᠴᠢᠯᠠᠨ | ᠦᠢᠯᠡᠳᠦᠭᠰᠡᠨ ᠬᠤᠳᠳᠤᠭ ᠤᠨ ᠰᠠᠭᠤᠷᠢ ᠪᠠ ᠤᠰᠤ ᠭᠠᠲᠤᠯᠬᠤ ᠵᠠᠮ ᠤᠨ ᠭᠠᠳᠠᠷᠭᠤ ᠶᠢᠨ ᠪᠠᠷᠢᠯᠭ᠎ᠠ ᠶᠢ ᠪᠡᠶᠡᠯᠡᠭᠦᠯᠵᠦ | ᠂ ᠪᠤᠢ ᠪᠦᠬᠦᠢ ᠪᠧᠲ᠋ᠣᠨ ᠤ ᠪᠠᠷᠢᠯᠭ᠎ᠠ ᠲᠤ ᠬᠤᠯᠪᠣᠭᠳᠠᠬᠤ ᠲᠤ ᠤᠷᠢᠳᠴᠢᠯᠠᠨ ᠦᠢᠯᠡᠳᠦᠭᠰᠡᠨ ᠲᠤᠨᠤᠭ ᠢ ᠬᠡᠷᠡᠭᠯᠡᠵᠦ | ᠪᠣᠯᠬᠤ ᠲᠤᠨᠢ ᠴᠠᠭ ᠢ ᠠᠮᠵᠢᠨ ᠤᠷᠢᠳᠴᠢᠯᠠᠨ ᠬᠢᠵᠦ᠂ ᠡᠷᠬᠡᠪᠰᠢ ᠠᠭᠠᠷ ᠤᠨ ᠳᠤᠯᠠᠭᠠᠨ ᠲᠡᠭ ᠭᠷᠡᠳᠦ᠋ᠰ ᠲᠤ | ᠬᠦᠷᠬᠦ ᠠᠴᠠ ᠡᠮᠦᠨ᠎ᠡ ᠪᠡᠶᠡᠯᠡᠭᠦᠯᠬᠦ ᠬᠡᠷᠡᠭᠲᠡᠢ᠃ | ᠭᠤᠷᠪᠠᠳᠤᠭᠠᠷ ᠱᠠᠲᠤ 10 ᠰᠠᠷ᠎ᠠ ᠶᠢᠨ 7 ᠤ ᠡᠳᠦᠷ ᠠᠴᠠ 11 ᠰᠠᠷ᠎ᠠ ᠶᠢᠨ 30 ᠤ ᠡᠳᠦᠷ ᠪᠣᠯᠲᠠᠯ᠎ᠠ ᠭᠠᠵᠠᠷ | ᠪᠤᠯᠠᠭᠰᠠᠨ ᠤᠰᠤ ᠳᠠᠮᠵᠢᠭᠤᠯᠬᠤ ᠬᠤᠭᠤᠯᠠᠢ ᠶᠢᠨ ᠢᠨᠵᠧᠨᠧᠷᠢᠩ ᠤᠨ ᠡᠰᠢ ᠰᠦᠷᠡᠯ ᠢ ᠲᠠᠷᠢᠶᠠᠨ ᠠᠴᠠ ᠰᠠᠯᠭᠠᠭᠰᠠᠨ ᠤ | ᠳᠠᠷᠠᠭ᠎ᠠ 11 ᠰᠠᠷ᠎ᠠ ᠶᠢᠨ 20 ᠤ ᠡᠳᠦᠷ ᠠᠴᠠ ᠡᠮᠦᠨ᠎ᠡ ᠳᠠᠭᠤᠰᠬᠠᠨ᠎ᠠ︔ ᠤᠷᠢᠳᠴᠢᠯᠠᠨ ᠬᠢᠭᠰᠡᠨ ᠬᠤᠳᠳᠤᠭ ᠤᠨ | ᠭᠡᠷ ᠪᠠᠶᠢᠰᠢᠩ ᠵᠢᠴᠢ ᠠᠩᠬᠠᠳᠠᠭᠴᠢ ᠤᠭᠰᠠᠷᠠᠬᠤ ᠪᠠᠷᠢᠯᠭ᠎ᠠ ᠶᠢ 11 ᠰᠠᠷ᠎ᠠ ᠶᠢᠨ 30 ᠤ ᠡᠳᠦᠷ ᠠᠴᠠ ᠡᠮᠦᠨ᠎ᠡ | ᠳᠠᠭᠤᠰᠬᠠᠨ᠎ᠠ︔ ᠲᠠᠷᠢᠶᠠᠨ ᠭᠠᠵᠠᠷ ᠤᠨ ᠬᠠᠯᠬᠠᠪᠴᠢ ᠣᠶ ᠶᠢᠨ ᠢᠨᠵᠧᠨᠧᠷᠢᠩ ᠤᠨ ᠮᠣᠳᠣᠨ ᠤ ᠨᠦᠬᠡ ᠶᠢ 11 | ᠳ᠋ᠦᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠮᠠᠯᠲᠠᠵᠤ ᠳᠠᠭᠤᠰᠬᠠᠨ᠂ 2024 ᠣᠨ ᠤ 5 ᠳ᠋ᠤᠭᠠᠷ ᠰᠠᠷ᠎ᠠ ᠳᠤ | ᠮᠣᠳᠣ ᠳᠠᠷᠢᠬᠤ ᠬᠤᠭᠤᠴᠠᠭ᠎ᠠ ᠠᠴᠠ ᠡᠮᠦᠨ᠎ᠡ ᠪᠠᠷᠢᠵᠤ ᠳᠠᠭᠤᠰᠬᠠᠨ᠎ᠠ᠃ | ᠳᠥᠷᠪᠡᠳᠦᠭᠡᠷ ᠱᠠᠲᠤ 10 ᠰᠠᠷ᠎ᠠ ᠶᠢᠨ 15 ᠤ ᠡᠳᠦᠷ ︱ 12 ᠰᠠᠷ᠎ᠠ ᠶᠢᠨ 31 ᠤ ᠡᠳᠦᠷ᠃ ᠲᠠᠷᠢᠶᠠᠨ | ᠭᠠᠵᠠᠷ ᠤᠨ ᠬᠠᠮᠠᠭᠠᠯᠠᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠳᠤ᠂ | ᠵᠢᠯᠠᠭ᠎ᠠ ᠶᠢᠨ ᠦᠢᠯᠡᠳᠬᠡᠯ ᠤᠨ ᠭᠠᠵᠠᠷ᠂ ᠬᠥᠲᠥᠯ ᠤᠨ ᠬᠠᠮᠠᠭᠠᠯᠠᠯᠲᠠ᠂ ᠭᠤᠤ ᠶᠢᠨ ᠦᠵᠦᠭᠦᠷ ᠤᠨ ᠬᠠᠮᠠᠭᠠᠯᠠᠯᠲᠠ | ᠵᠡᠷᠭᠡ ᠢᠨᠵᠧᠨᠧᠷᠢᠩ ᠤᠨ ᠮᠠᠲ᠋ᠧᠷᠢᠶᠠᠯ ᠢ ᠣᠲᠣ ᠠᠴᠠ ᠡᠬᠢᠯᠡᠨ ᠲᠠᠯᠠᠪᠠᠶ ᠳᠤ ᠣᠷᠣᠭᠤᠯᠬᠤ ᠬᠡᠷᠡᠭᠲᠡᠢ᠂ ᠪᠠᠷᠢᠯᠭ᠎ᠠ ᠶᠢᠨ | ᠠᠵᠢᠯ ᠢ 11 ᠰᠠᠷ᠎ᠠ ᠶᠢᠨ ᠰᠡᠭᠦᠯᠴᠢ ᠪᠠᠷ ᠵᠠᠪᠠᠯ ᠳᠠᠭᠤᠰᠬᠠᠬᠤ ᠬᠡᠷᠡᠭᠲᠡᠢ︔ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠪᠠᠷᠢᠯᠭ᠎ᠠ ᠳᠤ ᠥᠨᠳᠥᠷ ᠳᠣᠣᠷ᠎ᠠ ᠬᠦᠴᠦᠳᠡᠯᠲᠦ ᠱᠤᠭᠤᠮ ᠤᠨ ᠪᠠᠷᠢᠯᠭ᠎ᠠ᠂ ᠬᠦᠴᠦᠳᠡᠯ | ᠥᠭᠡᠷᠡᠴᠢᠯᠡᠭᠴᠢ ᠶᠢ ᠤᠭᠰᠠᠷᠠᠭᠤᠯᠬᠤ ᠪᠠᠷᠢᠯᠭ᠎ᠠ ᠶᠢ ᠪᠠᠭᠲᠠᠭᠠᠨ᠎ᠠ ; ᠨᠠᠮᠤᠷ ᠤᠨ ᠬᠤᠷᠢᠶᠠᠯᠲᠠ ᠶᠢᠨ ᠲᠠᠷᠠᠭ᠎ᠠ ᠲᠡᠷᠡ | ᠳᠠᠷᠤᠢ ᠳᠤᠨᠢ ᠲᠠᠯᠠᠪᠠᠢ ᠳᠤ ᠣᠷᠣᠵᠤ ᠪᠠᠷᠢᠯᠭ᠎ᠠ ᠪᠠᠷᠢᠵᠤ᠂ ᠮᠠᠲ᠋ᠧᠷᠢᠶᠠᠯ ᠢ ᠪᠥᠬᠦᠳᠡ ᠶᠢ ᠲᠠᠯᠠᠪᠠᠢ ᠳᠤ ᠣᠷᠣᠭᠤᠯᠬᠤ᠂ | ᠮᠡᠳᠡᠭᠦᠯᠦᠨ ᠤᠭᠰᠠᠷᠠᠭᠤᠯᠬᠤ ᠭᠠᠷ ᠭᠦᠢᠴᠡᠳᠬᠡᠯ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ | ᠰᠠᠶᠢᠲᠤᠷ ᠬᠢᠵᠦ᠂ ᠢᠷᠡᠬᠦ ᠵᠢᠯ ᠤᠨ ᠬᠠᠪᠤᠷ ᠤᠨ ᠤᠯᠠᠷᠢᠯ ᠤᠨ ᠴᠠᠬᠢᠯᠭᠠᠨ ᠢ ᠪᠥᠬᠦᠳᠡ ᠶᠢ ᠬᠡᠪ ᠢᠶᠠᠷ ᠨᠡᠪᠲᠡᠷᠡᠭᠦᠯᠬᠦ ᠶᠢ | ᠪᠠᠲᠤᠯᠠᠬᠤ ᠬᠡᠷᠡᠭᠲᠡᠢ᠃ | ︵ᠬᠤᠶᠠᠷ︶ ᠪᠠᠶᠢᠭᠤᠯᠬᠤ ᠲᠥᠷᠥᠯ ᠵᠦᠢᠯ ᠤᠨ ᠴᠡᠭᠴᠡᠯᠡᠨ ᠰᠠᠶᠢᠵᠢᠷᠠᠭᠤᠯᠬᠤ ᠪᠠ ᠰᠢᠯᠵᠢᠭᠦᠯᠦᠨ ᠲᠤᠰᠢᠶᠠᠬᠤ ᠠᠵᠢᠯ᠃ | ᠪᠣᠳᠠᠲᠠᠢ ᠪᠠᠷ ᠬᠤᠶᠠᠷ ᠱᠠᠲᠤ ᠬᠤᠪᠢᠶᠠᠨ᠎ᠠ᠄ | ᠨᠢᠭᠡᠳᠦᠭᠡᠷ ᠱᠠᠲᠤ 10 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 30 ᠤ ᠡᠳᠦᠷ᠃ ᠡᠯ᠎ᠡ ᠰᠢᠶᠠᠩ | ᠪᠠᠯᠭᠠᠰᠤ ᠵᠢᠴᠢ ᠪᠠᠷᠢᠯᠭ᠎ᠠ ᠶᠢᠨ ᠨᠢᠭᠡᠴᠡ ᠠᠴᠠ 2011 ᠣᠨ ︱ 2022 ᠣᠨ ᠤ ᠲᠥᠷᠥᠯ ᠵᠦᠢᠯ ᠤᠨ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ ᠳᠡᠶᠢᠯᠦᠭᠰᠡᠨ ᠦᠭᠡᠢ ᠠᠴᠠ ᠪᠣᠯᠤᠭᠰᠠᠨ ᠦᠯᠡᠳᠡᠭᠳᠡᠯ ᠠᠰᠠᠭᠤᠳᠠᠯ ᠢ | ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠤᠰᠬᠠᠢ | ᠠᠩᠭᠢ ᠪᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠩᠬ᠎ᠠ ᠠᠯᠬᠤᠮ ᠤᠨ | ᠰᠢᠯᠭᠠᠨ ᠠᠪᠬᠤ ᠠᠵᠢᠯ ᠢ ᠶᠠᠪᠤᠭᠳᠠᠭᠤᠯᠤᠨ᠎ᠠ᠃ | ᠬᠤᠶᠠᠳᠤᠭᠠᠷ ᠱᠠᠲᠤ 10 ᠰᠠᠷ᠎ᠠ ᠶᠢᠨ 15 ᠤ ᠡᠳᠦᠷ ᠠᠴᠠ 12 ᠰᠠᠷ᠎ᠠ ᠶᠢᠨ 31 ᠤ ᠡᠳᠦᠷ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠠᠵᠢᠯᠲᠠᠨ ᠲᠠᠲᠠᠬᠤ ᠪᠠ ᠭᠤᠷᠪᠠᠳᠠᠭᠢ ᠡᠲᠡᠭᠡᠳ ᠢ ᠤᠷᠢᠵᠤ | ᠂ 2011 ︱ 2018 ᠣᠨ ᠳᠤ ᠤᠯᠤᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ︽12 · 5︾ | ᠶᠢᠨ ᠲᠥᠯᠦᠪᠵᠢᠭᠦᠯᠭᠡ ᠶᠢᠨ ᠬᠥᠮᠥᠷᠭᠡ ᠳᠤ ᠣᠷᠣᠭᠤᠯᠤᠨ ᠬᠠᠮᠢᠶᠠᠷᠴᠤ ᠪᠠᠶᠢᠭ᠎ᠠ ᠡᠯ᠎ᠡ ᠲᠥᠷᠥᠯ ᠤᠨ ᠲᠠᠷᠢᠶᠠᠨ | ᠭᠠᠵᠠᠷ ᠤᠨ ᠲᠥᠷᠥᠯ ᠵᠦᠢᠯ ᠢ ᠰᠢᠯᠭᠠᠨ ᠠᠪᠴᠤ ᠰᠢᠯᠵᠢᠭᠦᠯᠦᠨ ᠲᠤᠰᠢᠶᠠᠨ᠎ᠠ᠃ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ 2011 2018 ᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠰᠢᠯᠭᠠᠨ ᠠᠪᠬᠤ ᠪᠠ ᠰᠢᠯᠵᠢᠭᠦᠯᠦᠨ ᠲᠤᠰᠢᠶᠠᠬᠤ ᠪᠠᠷᠢᠮᠵᠢᠶ᠎ᠠ ᠶᠢ ᠦᠨᠳᠦᠰᠦᠯᠡᠨ᠂ ᠰᠢᠯᠭᠠᠨ ᠠᠪᠬᠤ ᠳᠤ | ᠬᠢᠷᠢ ᠲᠡᠩᠴᠡᠭᠰᠡᠨ ᠤ ᠳᠠᠷᠠᠭ᠎ᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠲᠤ ᠰᠢᠯᠵᠢᠭᠦᠯᠦᠨ ᠬᠢᠨᠠᠨ | ᠬᠠᠮᠢᠶᠠᠷᠤᠭᠤᠯᠵᠤ᠂ ᠤᠤᠯ ᠤᠨ ᠬᠡᠷᠡᠭᠵᠢᠭᠦᠯᠵᠦ ᠪᠠᠶᠢᠭᠰᠠᠨ ᠨᠢᠭᠡᠴᠡ ᠠᠴᠠ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ ᠶᠢᠨ ᠨᠠᠷᠢᠨ ᠬᠠᠭᠤᠳᠠᠰᠤ᠂ ᠰᠢᠯᠭᠠᠨ ᠠᠪᠤᠭᠰᠠᠨ ᠮᠡᠳᠡᠭᠦᠯᠦᠯᠲᠡ᠂ ᠲᠥᠷᠥᠯ | ᠵᠦᠢᠯ ᠤᠨ ᠳ᠋ᠦᠩᠨᠡᠨ ᠪᠤᠳᠤᠭᠰᠠᠨ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠬᠠᠮᠢᠶᠠᠷᠴᠤ ᠬᠠᠮᠠᠭᠠᠯᠠᠬᠤ | ᠵᠥᠪᠯᠡᠯᠴᠡᠭᠡᠷ ᠲᠤ ᠰᠢᠯᠵᠢᠭᠦᠯᠦᠨ ᠲᠤᠰᠢᠶᠠᠭᠰᠠᠨ ᠤ ᠳᠠᠷᠠᠭ᠎ᠠ ᠰᠠᠶ᠋ᠢ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ | ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠡᠴᠦᠰ ᠠᠴᠠ ᠡᠮᠦᠨ᠎ᠡ ᠰᠢᠯᠵᠢᠭᠦᠯᠦᠨ ᠲᠤᠰᠢᠶᠠᠬᠤ ᠠᠵᠢᠯ ᠢ | ᠪᠡᠶᠡᠯᠡᠭᠦᠯᠬᠦ ᠶᠢ ᠱᠠᠭᠠᠷᠳᠠᠵᠤ᠂ ᠪᠡᠶᠡᠯᠡᠭᠦᠯᠦᠭᠰᠡᠨ ᠦᠭᠡᠢ ᠪᠠᠶᠢᠪᠠᠯ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠢ | ᠲᠣᠬᠢᠷᠠᠭᠤᠯᠬᠤ ᠦᠭᠡᠢ ᠪᠥᠭᠡᠳ 2024 ᠣᠨ ᠤ ᠲᠥᠷᠥᠯ ᠵᠦᠢᠯ ᠤᠨ ᠭᠠᠵᠠᠷ ᠰᠣᠩᠭᠤᠨ ᠨᠥᠭᠡᠴᠡᠯᠡᠬᠦ᠂ ᠵᠢᠷᠤᠭ | ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ | ︵ᠭᠤᠷᠪᠠ︶ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠨ᠎ᠠ᠃ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ︽ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠠᠷᠪᠠᠨ | ᠵᠤᠷᠪᠤᠰ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ︾ ᠢ ᠴᠢᠩᠭ᠎ᠠ ᠵᠢᠷᠤᠮᠯᠠᠨ ᠡᠳᠦᠷ | ᠲᠤᠲᠤᠮ ᠤᠨ ᠪᠠᠶᠢᠴᠠᠭᠠᠯᠲᠠ ᠶᠢ ᠥᠷᠨᠢᠭᠦᠯᠵᠦ᠂ ᠳᠤᠮᠳᠠᠬᠢ ᠪᠦᠲᠦᠭᠡᠭᠳᠡᠬᠦᠨ ᠪᠠ ᠪᠣᠳᠠᠲᠤ ᠴᠣᠭᠴᠠ ᠶᠢᠨ | ᠢᠨᠵᠧᠨᠧᠷᠢᠩ ᠤᠨ ᠶᠠᠰᠤ ᠴᠢᠨᠠᠷ ᠲᠤ ᠰᠤᠭᠤᠴᠢᠨ ᠪᠠᠶᠢᠴᠠᠭᠠᠯᠲᠠ ᠬᠢᠵᠦ᠂ ᠳᠡᠭᠡᠳᠦ ᠪᠠᠷᠢᠮᠵᠢᠶᠠᠲᠤ ᠲᠤᠰᠬᠠᠢ ᠠᠩᠭᠢ | ᠪᠠ ᠲᠥᠷᠥᠯ ᠵᠦᠢᠯ ᠤᠨ ᠰᠢᠶᠠᠩ ᠪᠠᠯᠭᠠᠰᠤ ᠨᠢ ᠴᠢᠭ᠋ ᠲᠤ ᠰᠤᠭᠤᠴᠢᠨ ᠪᠠᠶᠢᠴᠠᠭᠠᠯᠲᠠ ᠬᠢᠬᠦ ᠬᠡᠷᠡᠭᠲᠡᠢ᠃ | ᠪᠠᠷᠢᠯᠭ᠎ᠠ ᠶᠢᠨ ᠠᠵᠤ ᠠᠬᠤᠶᠢᠯᠠᠯ ᠨᠢ ᠲᠥᠷᠥᠯ ᠵᠦᠢᠯ ᠤᠨ ᠬᠡᠯᠲᠡᠰ ᠪᠠᠶᠢᠭᠤᠯᠵᠤ᠂ ᠲᠥᠷᠥᠯ ᠵᠦᠢᠯ ᠢ ᠢᠯᠡ | ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ ᠲᠥᠷᠥᠯ ᠵᠦᠢᠯ ᠤᠨ ᠳᠠᠭᠠᠭᠠᠮᠠᠯ ᠪᠠ ᠲᠠᠪᠤᠨ ᠶᠡᠭᠡ ᠠᠵᠢᠯᠲᠠᠨ ᠢ | ᠪᠣᠳᠠᠲᠠᠶᠢᠵᠢᠭᠤᠯᠵᠤ᠂ ᠵᠢᠷᠤᠭᠯᠠᠨ ᠲᠥᠯᠥᠪᠯᠡᠬᠦ ᠨᠢᠭᠡᠴᠡ ᠨᠢ ᠲᠥᠷᠥᠯ ᠵᠦᠢᠯ ᠤᠨ ᠬᠡᠯᠲᠡᠰ ᠪᠠᠶᠢᠭᠤᠯᠵᠤ᠂ ᠪᠠᠷᠢᠯᠭ᠎ᠠ | ᠪᠠᠷᠢᠬᠤ ᠬᠤᠭᠤᠴᠠᠭᠠᠨ ᠳᠤ᠂ ᠵᠢᠷᠤᠭᠯᠠᠨ ᠲᠥᠯᠥᠪᠯᠡᠬᠦ ᠨᠢᠭᠡᠴᠡ ᠨᠢ ᠵᠢᠷᠤᠭᠯᠠᠨ ᠲᠥᠯᠥᠪᠯᠡᠬᠦ ᠲᠥᠯᠥᠭᠡᠯᠡᠭᠴᠢ | ᠲᠣᠮᠢᠯᠠᠨ ᠰᠠᠭᠤᠯᠭᠠᠵᠤ ᠪᠥᠬᠦ ᠶᠠᠪᠤᠴᠠ ᠳᠤ ᠮᠡᠷᠭᠡᠵᠢᠯ ᠤᠨ ᠦᠢᠯᠡᠴᠢᠯᠡᠭᠡᠨ ᠬᠠᠩᠭᠠᠯᠭᠠᠵᠤ᠂ ᠮᠡᠷᠭᠡᠵᠢᠯ ᠤᠨ | ᠬᠦᠴᠢᠷᠳᠡᠯ ᠲᠠᠢ ᠠᠰᠠᠭᠤᠳᠠᠯ ᠲᠤᠯᠭᠠᠷᠠᠪᠠᠯ ᠵᠢᠯᠣᠭᠤᠳᠤᠯᠭ᠎ᠠ ᠪᠠᠨ ᠴᠢᠩᠭᠠᠳᠬᠠᠨ᠂ ᠪᠠᠷᠢᠯᠭ᠎ᠠ ᠪᠠᠷᠢᠬᠤ ᠶᠠᠪᠤᠴᠠ ᠳᠤ | ᠢᠯᠡᠷᠡᠭᠰᠡᠨ ᠬᠤᠪᠢᠷᠠᠭᠤᠯᠬᠤ ᠵᠡᠷᠭᠡ ᠠᠰᠠᠭᠤᠳᠠᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠨᠵᠢᠵᠦ᠂ | ᠬᠤᠪᠢᠷᠠᠭᠤᠯᠬᠤ ᠲᠥᠰᠥᠯ ᠢ ᠴᠠᠭ ᠲᠤᠬᠠᠢ ᠳᠤᠨᠢ ᠭᠠᠷᠭᠠᠵᠤ᠂ ᠪᠠᠷᠢᠯᠭ᠎ᠠ ᠪᠠᠷᠢᠬᠤ ᠠᠬᠢᠴᠠ ᠶᠢ ᠨᠥᠯᠥᠭᠡᠯᠡᠬᠦ ᠦᠭᠡᠢ | ᠪᠠᠶᠢᠬᠤ ᠶᠢ ᠡᠷᠬᠡᠪᠰᠢ ᠪᠠᠲᠤᠯᠠᠬᠤ ᠬᠡᠷᠡᠭᠲᠡᠢ᠃ ᠬᠢᠨᠠᠨ ᠬᠠᠮᠢᠶᠠᠷᠬᠤ ᠨᠢᠭᠡᠴᠡ ᠨᠢ ᠬᠢᠨᠠᠨ ᠬᠠᠮᠢᠶᠠᠷᠬᠤ ᠬᠡᠯᠲᠡᠰ | ᠪᠠᠶᠢᠭᠤᠯᠵᠤ᠂ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ᠂ ᠬᠢᠨᠠᠨ ᠬᠠᠮᠢᠶᠠᠷᠬᠤ ᠢᠨᠵᠧᠨᠧᠷ ᠨᠢ ᠦᠨᠡᠮᠯᠡᠯ ᠲᠠᠢ ᠪᠠᠷ | ᠠᠵᠢᠯ ᠤᠨ ᠪᠠᠶᠢᠷᠢ ᠳᠤ ᠭᠠᠷᠴᠤ᠂ ᠬᠢᠨᠠᠨ ᠬᠠᠮᠢᠶᠠᠷᠬᠤ ᠨᠢᠭᠡᠴᠡ ᠨᠢᠭᠡᠪᠦᠷᠢ ᠨᠢ ᠨᠢᠭᠡ ᠴᠠᠬᠢᠯᠭᠠᠨ ᠬᠦᠴᠦᠨ ᠤ ᠬᠢᠨᠠᠨ | ᠬᠠᠮᠢᠶᠠᠷᠤᠭᠴᠢ ᠲᠠᠢ ᠪᠠᠶᠢᠬᠤ ᠶᠢ ᠪᠠᠲᠤᠯᠠᠵᠤ᠂ ᠬᠥᠮᠥᠨ ᠪᠣᠯᠣᠨ ᠦᠨᠡᠮᠯᠡᠯ ᠨᠢ ᠬᠠᠷᠢᠯᠴᠠᠨ ᠨᠡᠶᠢᠴᠡᠬᠦ ᠶᠢ ᠪᠡᠶᠡᠯᠡᠭᠦᠯᠵᠦ᠂ | ᠬᠠᠵᠠᠭᠤ ᠥᠷᠲᠡᠭᠡ ᠶᠢᠨ ᠬᠢᠨᠠᠨ ᠬᠠᠮᠢᠶᠠᠷᠤᠯᠲᠠ ᠶᠢᠨ ᠪᠠᠶᠢᠷᠢᠨ ᠳᠤ ᠪᠠᠶᠢᠬᠤ ᠨᠣᠷᠮ᠎ᠠ ᠶᠢ ᠪᠠᠲᠤᠯᠠᠨ᠂ ᠬᠢᠨᠠᠨ | ᠬᠠᠮᠢᠶᠠᠷᠤᠯᠲᠠ ᠶᠢᠨ ᠡᠳᠦᠷ ᠤᠨ ᠲᠡᠮᠳᠡᠭᠯᠡᠯ ᠢ ᠨᠠᠷᠢᠨ ᠨᠢᠭᠲᠠ ᠲᠡᠮᠳᠡᠭᠯᠡᠬᠦ ᠬᠡᠷᠡᠭᠲᠡᠢ᠃ ᠡᠯ᠎ᠡ ᠪᠦᠲᠦᠭᠡᠨ | ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠦᠭᠦᠳ ᠳ᠋ᠤᠭᠠᠷ ᠢᠶᠠᠷ ᠢᠶᠠᠨ ᠰᠠᠭᠤᠳᠠᠯ ᠳᠤ ᠣᠷᠣᠵᠤ᠂ ︽ | ᠡᠪᠡᠷᠰᠢᠶᠡᠯ ᠲᠠᠢ ᠭᠠᠵᠠᠷ︾ ᠢ ᠣᠨᠣᠪᠴᠢᠲᠠᠶ ᠡᠷᠢᠨ ᠣᠯᠵᠤ᠂ ᠶᠠᠰᠤ ᠴᠢᠨᠠᠷ ᠤᠨ ᠪᠠᠶᠢᠴᠠᠭᠠᠯᠲᠠ ᠶᠢᠨ ᠦᠷ᠎ᠡ | ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ | ᠠᠬᠤᠶᠢᠯᠠᠯ ᠤᠨ ᠭᠡᠷ᠎ᠡ ᠵᠥᠷᠢᠴᠡᠭᠰᠡᠨ ᠲᠥᠯᠥᠪᠦᠷᠢ ᠪᠠ ᠢᠲᠡᠭᠡᠮᠵᠢ ᠶᠢᠨ ᠦᠨᠡᠯᠡᠯᠲᠡ ᠶᠢ ᠴᠢᠩᠭᠠᠷᠠᠭᠤᠯᠵᠤ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠢᠩᠭ᠎ᠠ ᠰᠢᠢᠳᠪᠦᠷᠢᠯᠡᠵᠦ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ | ︵ᠳᠥᠷᠪᠡ︶ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ︽ᠲᠤᠰᠬᠠᠢ ᠲᠠᠩᠰᠠᠨ ᠡᠷᠦᠬᠡ ᠪᠠᠷ | ᠬᠠᠮᠢᠶᠠᠷᠬᠤ᠂ ᠲᠤᠰᠬᠠᠢ ᠲᠠᠩᠰᠠᠨ ᠡᠷᠦᠬᠡ ᠪᠠᠷ ᠰᠢᠯᠵᠢᠭᠦᠯᠦᠨ ᠥᠭᠬᠦ᠂ ᠲᠤᠰᠬᠠᠢ ᠲᠠᠩᠰᠠᠨ ᠡᠷᠦᠬᠡ ᠪᠠᠷ | ᠢᠯᠭᠠᠷᠠᠭᠤᠯᠤᠨ ᠪᠤᠳᠤᠬᠤ︾ ᠶᠢ ᠴᠢᠩᠭ᠎ᠠ ᠬᠡᠷᠡᠭᠵᠢᠭᠦᠯᠦᠨ᠎ᠡ᠃ 30% ᠠᠴᠠ ᠥᠨᠳᠥᠷ ᠦᠭᠡᠢ ᠬᠠᠷᠢᠴᠠᠯ ᠢᠶᠠᠷ | ᠠᠵᠢᠯ ᠡᠬᠢᠯᠡᠭᠦᠯᠬᠦ ᠲᠥᠷᠥᠯ ᠵᠦᠢᠯ ᠤᠨ ᠡᠬᠢᠯᠡᠭᠦᠯᠬᠦ ᠪᠡᠯᠡ ᠮᠥᠩᠭᠦ ᠶᠢ ᠥᠭᠴᠦ᠂ 80% ᠠᠴᠠ ᠳᠣᠣᠷ᠎ᠠ ᠦᠭᠡᠢ | ᠬᠠᠷᠢᠴᠠᠯ ᠢᠶᠠᠷ ᠠᠬᠢᠴᠠ ᠶᠢᠨ ᠵᠣᠭᠤᠰ ᠢ ᠥᠭᠭᠦᠨ᠎ᠡ᠃ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ | ᠢᠳᠡᠪᠬᠢᠲᠡᠢ ᠪᠠᠷ ᠡᠮᠬᠢᠯᠡᠨ ᠨᠡᠶᠢᠯᠡᠭᠦᠯᠵᠦ᠂ ᠮᠥᠩᠭᠦᠨ ᠭᠦᠢᠯᠭᠡᠭᠡ᠂ ᠨᠡᠶᠢᠭᠡᠮ ᠤᠨ ᠬᠥᠷᠥᠩᠭᠡ ᠶᠢ ᠲᠠᠳᠠᠨ ᠠᠪᠴᠢᠷᠠᠵᠤ᠂ | ᠲᠦᠷᠦᠯ ᠵᠦᠢᠯ ᠤᠨ ᠣᠷᠣᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ ᠳᠡᠭᠡᠭᠰᠢᠯᠡᠭᠦᠯᠦᠨ᠎ᠡ᠃ | ︵ᠲᠠᠪᠤ︶ ᠨᠡᠶᠢᠲᠡᠯᠢᠭ ᠵᠢᠱᠢᠶ᠎ᠡ ᠦᠵᠡᠭᠦᠯᠬᠦ ᠠᠵᠢᠯ ᠢ ᠳᠡᠯᠭᠡᠷᠡᠭᠦᠯᠦᠨ᠎ᠡ᠃ ︽ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠬᠡᠪ ᠵᠠᠭᠪᠤᠷ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠷᠪᠠᠨ ᠶᠡᠭᠡ | ᠨᠡᠶᠢᠲᠡᠯᠢᠭ ᠬᠡᠷᠡᠭ ᠤᠨ ᠵᠢᠱᠢᠶ᠎ᠡ︾ ︽ᠪᠠᠶᠠᠨᠨᠠᠭᠤᠷ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠳᠣᠯᠣᠭᠠᠨ ᠵᠤᠷᠪᠤᠰ ᠲᠤᠷᠰᠢᠯᠭ᠎ᠠ︾ ᠶᠢ ᠬᠢᠨᠠᠮᠠᠭᠠᠢ ᠰᠤᠳᠤᠯᠤᠨ ᠰᠤᠷᠤᠯᠴᠠᠵᠤ᠂ | ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠶᠢ | ᠥᠷᠨᠢᠭᠦᠯᠵᠦ᠂ ᠭᠤᠣᠯᠳᠠᠯᠭ᠎ᠠ ᠲᠠᠢ ᠪᠠᠷ ︽EPC+O︾ + ᠨᠡᠶᠢᠭᠡᠮ ᠤᠨ ᠬᠥᠷᠥᠩᠭᠡ ᠶᠢ ᠪᠦᠲᠦᠭᠡᠨ | ᠪᠠᠶᠢᠭᠤᠯᠤᠯᠲᠠ ᠳᠤ ᠣᠷᠣᠭᠤᠯᠬᠤ᠂ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ + ᠣᠶᠤᠨᠲᠤ ᠴᠠᠭ ᠠᠭᠤᠷ ᠤᠨ | ᠤᠰᠤ ᠠᠷᠪᠢᠯᠠᠬᠤ ᠤᠰᠤᠯᠠᠯᠲᠠ︾ ᠪᠠ ᠮᠥᠩᠭᠦᠨ ᠭᠦᠢᠯᠭᠡᠭᠡ ᠳᠠᠭᠠᠳᠬᠠᠯ ᠢ ᠣᠷᠣᠭᠤᠯᠤᠨ ᠠᠪᠴᠢᠷᠠᠵᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠵᠡᠷᠭᠡ ᠵᠠᠭᠪᠤᠷ ᠢ ᠬᠠᠶᠢᠨ | ᠰᠦᠪᠡᠭᠴᠢᠯᠡᠨ᠎ᠡ᠃ | ︵ᠵᠢᠷᠭᠤᠭ᠎ᠠ︶ ᠰᠢᠵᠢᠷ ᠠᠯᠲᠠᠨ ᠤ ᠪᠠᠷᠢᠯᠭ᠎ᠠ ᠶᠢᠨ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠨ᠎ᠡ᠃ | ᠡᠰᠢ ᠰᠦᠷᠡᠯ ᠢ ᠲᠠᠷᠢᠶᠠᠨ ᠠᠴᠠ ᠰᠠᠯᠭᠠᠬᠤ ᠪᠣᠯ ᠰᠢᠵᠢᠷ ᠠᠯᠲᠠᠨ ᠤ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ | ᠠᠳᠬᠤᠬᠤ ᠶᠢᠨ ᠬᠠᠮᠤᠭ ᠤᠨ ᠦᠨᠳᠦᠰᠦᠨ ᠠᠵᠢᠯ ᠮᠥᠨ᠂ ᠪᠠᠰᠠ ᠴᠤ ᠵᠢᠯ ᠤᠨ ᠡᠴᠦᠰ ᠲᠤ ᠠᠵᠢᠯ ᠢᠶᠠᠨ | ᠤᠷᠤᠭᠰᠢᠲᠠᠢ ᠳᠠᠭᠤᠰᠬᠠᠵᠤ ᠳᠡᠶᠢᠯᠬᠦ ᠡᠰᠡᠬᠦ ᠶᠢ ᠨᠥᠯᠥᠭᠡᠯᠡᠬᠦ ᠵᠠᠩᠭᠢᠯᠠᠭ᠎ᠠ ᠶᠢᠨ ᠨᠢᠭᠡ ᠭᠤᠭᠴᠤᠭ᠎ᠠ ᠮᠥᠨ᠃ ᠡᠯ᠎ᠡ | ᠲᠥᠷᠥᠯ ᠵᠦᠢᠯ ᠤᠨ ᠰᠢᠶᠠᠩ ᠪᠠᠯᠭᠠᠰᠤ ᠨᠤᠭᠤᠳ ︽ᠵᠠᠭᠤᠨ ᠡᠳᠦᠷ ᠤᠨ ᠬᠠᠮᠲᠤᠷᠠᠭᠰᠠᠨ ᠪᠠᠶᠢᠯᠳᠤᠭᠠᠨ︾ ᠤ | ᠪᠠᠶᠢᠷᠢᠯᠠᠭᠤᠯᠤᠯᠲᠠ ᠶᠢᠨ ᠬᠤᠷᠠᠯ ᠢ ᠪᠥᠬᠦ ᠲᠠᠯ᠎ᠠ ᠪᠠᠷ ᠬᠤᠷᠠᠯᠳᠤᠭᠤᠯᠵᠤ᠂ ᠲᠥᠷᠥᠯ ᠵᠦᠢᠯ ᠤᠨ ᠠᠰᠢᠭ ᠭᠥᠷᠳᠡᠬᠦ | ᠲᠣᠰᠬᠤᠨ ᠤ ᠠᠷᠠᠳ ᠢ ᠰᠢᠮᠳᠠᠭᠤᠯᠵᠤ ᠪᠠᠶᠢᠭᠠᠳ ᠠᠮᠤ ᠪᠤᠳᠠᠭᠠᠨ ᠤ ᠤᠨᠠᠯᠲᠠ ᠶᠢ ᠪᠠᠭᠤᠷᠠᠭᠤᠯᠬᠤ ᠦᠭᠡᠢ ᠪᠠᠶᠢᠬᠤ ᠶᠢ | ᠦᠨᠡᠨ ᠬᠦ ᠪᠠᠲᠤᠯᠠᠭᠰᠠᠨ ᠪᠠᠶᠢᠳᠠᠯ ᠳᠣᠣᠷ᠎ᠠ᠂ ᠲᠥᠷᠥᠯ ᠵᠦᠢᠯ ᠤᠨ ᠲᠣᠭᠤᠷᠢᠭ ᠤᠨ ᠲᠠᠷᠢᠶᠠᠴᠢᠳ ᠢ ᠳᠠᠶᠢᠴᠢᠯᠠᠨ | ᠠᠮᠤ ᠪᠤᠳᠠᠭ᠎ᠠ ᠶᠢ ᠲᠠᠷᠢᠶᠠᠨ ᠭᠠᠵᠠᠷ ᠠᠴᠠ ᠡᠷᠲᠡᠬᠡᠨ ᠰᠠᠯᠭᠠᠵᠤ᠂ ᠡᠰᠢ ᠰᠦᠷᠡᠯ ᠢ ᠲᠠᠷᠢᠶᠠᠨ ᠭᠠᠵᠠᠷ ᠠᠴᠠ | ᠡᠷᠲᠡᠬᠡᠨ ᠰᠠᠯᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠬᠤ ᠳᠤ ᠴᠠᠭ ᠪᠠ ᠣᠷᠣᠨ ᠵᠠᠢ ᠶᠢ | ᠭᠦᠢᠴᠡᠳ ᠦᠯᠡᠳᠡᠭᠡᠬᠦ ᠬᠡᠷᠡᠭᠲᠡᠢ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠰᠢᠶᠠᠩ ᠪᠠᠯᠭᠠᠰᠤ | ᠠᠮᠤ ᠪᠤᠳᠠᠭᠠᠨ ᠤ ᠠᠮᠤᠷ ᠲᠦᠪᠰᠢᠨ ᠤ ᠨᠠᠮ ᠵᠠᠰᠠᠭ ᠠᠳᠠᠯᠢ ᠬᠠᠷᠢᠭᠤᠴᠠᠯᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠴᠢᠩᠭᠠᠳᠬᠠᠵᠤ᠂ ᠵᠠᠰᠠᠭ ᠤᠨ ᠣᠷᠳᠣᠨ ᠤ ᠨᠢᠭᠡᠳᠦᠭᠡᠷ ᠭᠠᠷ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ | ᠬᠤᠪᠢᠳᠠᠨ ᠬᠠᠮᠢᠶᠠᠷᠬᠤ ᠤᠳᠤᠷᠢᠳᠤᠯᠭ᠎ᠠ ᠰᠢᠭᠤᠳ ᠬᠠᠷᠢᠭᠤᠴᠠᠬᠤ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠴᠠᠭ ᠢ ᠠᠮᠵᠢᠨ ︽ᠵᠠᠭᠤᠨ ᠡᠳᠦᠷ ᠤᠨ ᠬᠠᠮᠲᠤᠷᠠᠭᠰᠠᠨ ᠪᠠᠶᠢᠯᠳᠤᠭᠠᠨ ᠤ ᠵᠢᠯᠤᠭᠤᠳᠬᠤ ᠭᠠᠵᠠᠷ︾ | ᠢ ᠪᠠᠶᠢᠭᠤᠯᠵᠤ᠂ ︽ᠬᠠᠮᠲᠤᠷᠠᠭᠰᠠᠨ ᠬᠤᠷᠠᠯᠳᠤᠭᠠᠨ ᠤ ᠲᠣᠭᠲᠠᠴᠠ︾ ᠶᠢ ᠨᠠᠶᠢᠳᠠᠪᠤᠷᠢᠵᠢᠭᠤᠯᠤᠨ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ︽ᠵᠠᠭᠤᠨ ᠡᠳᠦᠷ ᠤᠨ ᠬᠠᠮᠲᠤᠷᠠᠭᠰᠠᠨ ᠪᠠᠶᠢᠯᠳᠤᠭᠠᠨ︾ ᠤ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ | ᠲᠦᠯᠬᠢᠨ ᠠᠬᠢᠭᠤᠯᠬᠤ ᠬᠡᠷᠡᠭᠲᠡᠢ᠃ | ︵ᠬᠤᠶᠠᠷ︶ ᠲᠣᠬᠢᠷᠠᠭᠤᠯᠵᠤ ᠬᠢᠨᠠᠨ ᠵᠢᠯᠤᠭᠤᠳᠬᠤ ᠶᠢ ᠴᠢᠩᠭᠠᠳᠬᠠᠨ᠎ᠠ᠃ ︽ᠵᠠᠭᠤᠨ ᠡᠳᠦᠷ ᠤᠨ ᠬᠠᠮᠲᠤᠷᠠᠭᠰᠠᠨ | ᠪᠠᠶᠢᠯᠳᠤᠭᠠᠨ︾ ᠤ ᠬᠤᠭᠤᠴᠠᠭᠠᠨ ᠳᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠥᠪᠡᠷᠲᠡᠭᠡᠨ | ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ | ᠲᠠᠪᠴᠠᠩ ᠤᠨ ᠲᠥᠷᠥᠯ ᠵᠦᠢᠯ ᠤᠨ ᠠᠬᠢᠴᠠ ᠶᠢ ᠡᠳᠦᠷ ᠪᠦᠷᠢ ᠰᠢᠨᠡᠳᠬᠡᠵᠦ᠂ ᠪᠡᠯᠡ ᠮᠥᠩᠭᠦ ᠰᠠᠯᠭᠠᠨ ᠥᠭᠬᠦ᠂ | ᠢᠨᠵᠧᠨᠧᠷᠢᠩ ᠢ ᠠᠬᠢᠭᠤᠯᠬᠤ ᠪᠠ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠵᠡᠷᠭᠡ ᠠᠵᠢᠯ ᠤᠨ | ᠠᠬᠢᠴᠠ ᠶᠢ ᠴᠠᠭ ᠲᠤᠬᠠᠢ ᠳᠤᠨᠢ ᠲᠠᠭᠯᠠᠨ ᠮᠡᠳᠡᠭᠦᠯᠬᠦ ᠶᠢᠨ ᠬᠠᠮᠲᠤ ᠵᠢᠯᠤᠭᠤᠳᠬᠤ ᠭᠠᠵᠠᠷ ᠲᠤ ᠮᠡᠳᠡᠭᠦᠯᠦᠨ ᠬᠦᠷᠭᠡᠬᠦ | ᠬᠡᠷᠡᠭᠲᠡᠢ᠃ ᠵᠢᠯᠤᠭᠤᠳᠬᠤ ᠭᠠᠵᠠᠷ ᠤᠨ ᠬᠢᠨ ᠠᠵᠢᠯ ᠤᠨ ᠪᠠᠶᠢᠳᠠᠯ ᠢᠶᠠᠨ ᠦᠨᠳᠦᠰᠦᠯᠡᠨ ᠵᠠᠷᠯᠠᠨ ᠮᠡᠳᠡᠭᠳᠡᠬᠦ ᠪᠠ | ᠰᠢᠪᠠᠳᠠᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ | ᠠᠵᠢᠯ ᠤᠨ ᠪᠠᠶᠢᠴᠠᠭᠠᠯᠲᠠ ᠬᠢᠬᠦ ᠬᠡᠷᠡᠭᠲᠡᠢ᠃ | ︵ᠭᠤᠷᠪᠠ︶ ᠤᠬᠠᠭᠤᠯᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠨᠢ ︽ᠵᠠᠭᠤᠨ | ᠡᠳᠦᠷ ᠤᠨ ᠬᠠᠮᠲᠤᠷᠠᠭᠰᠠᠨ ᠪᠠᠶᠢᠯᠳᠤᠭᠠᠨ︾ ᠤ ᠠᠵᠢᠯᠯᠠᠭ᠎ᠠ ᠶᠢᠨ ᠤᠬᠠᠭᠤᠯᠭ᠎ᠠ ᠪᠣᠯᠪᠠᠰᠤᠷᠠᠭᠤᠯᠤᠯ ᠪᠠ ᠠᠵᠢᠯ ᠤᠨ | ᠳ᠋ᠦᠩᠨᠡᠯᠲᠡ ᠶᠢ ᠰᠠᠶᠢᠲᠤᠷ ᠠᠳᠬᠤᠵᠤ᠂ ᠲᠧᠯᠸᠢᠰ᠂ ᠰᠦᠯᠵᠢᠶ᠎ᠡ᠂ ᠸᠢᠴᠠᠲ᠂ ᠲᠦᠷᠭᠡᠨ ᠭᠠᠷ ᠵᠡᠷᠭᠡ ᠰᠢᠨ᠎ᠡ | ᠵᠠᠭᠤᠴᠢᠯᠠᠭᠤᠷ ᠢ ᠭᠦᠢᠴᠡᠳ ᠠᠰᠢᠭᠯᠠᠨ ᠤᠬᠠᠭᠤᠯᠭ᠎ᠠ ᠮᠡᠳᠡᠭᠡᠯᠡᠯ ᠥᠷᠨᠢᠭᠦᠯᠵᠦ᠂ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠤᠷᠳᠤ ᠬᠤᠭᠤᠴᠠᠭᠠᠨ ᠤ ᠦᠷ᠎ᠡ ᠠᠰᠢᠭ ᠢ ᠲᠤᠤᠱᠲᠠᠢ | ᠶᠠᠷᠢᠵᠤ᠂ ︽ᠵᠠᠭᠤᠨ ᠡᠳᠦᠷ ᠤᠨ ᠳᠠᠶᠢᠯᠠᠯᠳᠤᠭᠠᠨ︾ ᠤ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠲᠥᠷᠥᠯ | ᠵᠦᠢᠯ ᠤᠨ ᠰᠢᠶᠠᠩ ᠪᠠᠯᠭᠠᠰᠤ ᠨᠢᠭᠡᠪᠦᠷᠢ ᠨᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠭᠠᠷᠠᠭ ᠪᠦᠷᠢ | 1 ᠬᠤᠪᠢ ᠮᠡᠳᠡᠭᠡ ᠵᠠᠩᠭᠢ ᠶᠢᠨ ᠲᠣᠪᠴᠢ ᠮᠡᠳᠡᠭᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃ ︽ᠵᠠᠭᠤᠨ ᠡᠳᠦᠷ ᠤᠨ | ᠬᠠᠮᠲᠤᠷᠠᠭᠰᠠᠨ ᠪᠠᠶᠢᠯᠳᠤᠭᠠᠨ︾ ᠳᠠᠭᠤᠰᠤᠭᠰᠠᠨ ᠤ ᠳᠠᠷᠠᠭ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ ᠶᠢᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠨ ᠤ | ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠳ᠋ᠦᠩᠨᠡᠨ ᠪᠣᠶ ᠪᠣᠯᠭᠠᠵᠤ᠂ 2024 ᠣᠨ ᠤ 1 ᠳ᠋ᠦᠭᠡᠷ ᠰᠠᠷ᠎ᠠ ᠶᠢᠨ | 10 ᠤ ᠡᠳᠦᠷ ᠠᠴᠠ ᠡᠮᠦᠨ᠎ᠡ ᠵᠢᠯᠤᠭᠤᠳᠬᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃ | ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 10 ᠰᠠᠷ᠎ᠠ ᠶᠢᠨ 7 ᠤ ᠡᠳᠦᠷ | | | | | | | |