ᠰᠢᠤᠸᠠᠢ ᠲᠢᠶᠠᠨ ᠰᠢᠶᠠᠩ ᠤᠨ ᠭᠤᠣᠯ ᠨᠣᠮ ᠤᠨ ᠥᠷᠥᠭᠡᠨ ᠳᠤ ᠨᠡᠭᠡᠭᠡᠭᠰᠡᠨ ᠤᠯᠤᠰ ᠤᠨ ᠰᠤᠷᠭᠠᠯ ᠤᠨ ᠦᠪᠡᠳᠡᠭᠰᠢ ᠨᠠᠶᠢᠷ
ᠨᠡᠶᠢᠲᠡᠯᠡᠭᠰᠡᠨ ᠴᠠᠭ᠄
2023/11/1
   ᠰᠢᠤᠸᠠᠢ ᠲᠢᠶᠠᠨ ᠰᠢᠶᠠᠩ ᠤᠨ ᠭᠤᠣᠯ ᠨᠣᠮ ᠤᠨ ᠦᠷᠦᠭᠡ ᠳᠤ ᠤᠶᠢᠷᠠᠳᠤᠬᠤ ᠳᠤ᠂ ᠦᠶ᠎ᠡ ᠦᠶ᠎ᠡ ᠨᠣᠮ ᠤᠩᠰᠢᠬᠤ ᠳᠠᠭᠤᠨ ᠤᠯᠤᠰ ᠤᠨ ᠰᠤᠷᠭᠠᠯ ᠤᠨ ᠬᠢᠴᠢᠶᠡᠯ ᠤᠨ ᠲᠠᠩᠬᠢᠮ ᠠᠴᠠ ᠰᠣᠨᠣᠰᠳᠠᠵᠤ᠂ ᠨᠢᠭᠡ ᠤᠳᠠᠭᠠᠨ ᠤ ᠣᠨᠳᠣᠣ ᠬᠡᠯᠪᠡᠷᠢ ᠶᠢᠨ ᠤᠩᠰᠢᠯᠭ᠎ᠠ ᠶᠢᠨ ᠠᠵᠢᠯᠯᠠᠭ᠎ᠠ ᠠᠳᠡ ᠥᠷᠨᠢᠪᠡ᠃    ᠪᠦᠬᠦ ᠠᠷᠠᠳ ᠤᠨ ᠤᠩᠰᠢᠯᠭ᠎ᠠ ᠶᠢᠨ ᠠᠵᠢᠯ ᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠭᠤᠣᠯ ᠨᠣᠮ  ᠤᠨ ᠦᠷᠦᠭᠡ ᠶᠢᠨ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠰᠢᠤᠸᠠᠢ ᠲᠢᠶᠠᠨ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠨᠢ ᠲᠤᠰ ᠭᠠᠵᠠᠷ  ᠤᠨ ᠲᠠᠷᠢᠶᠠᠯᠠᠬᠤ ᠰᠣᠶᠣᠯ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠴᠢᠨᠠᠭᠰᠢᠳᠠ ᠤᠯᠠᠮᠵᠢᠯᠠᠨ ᠪᠠᠳᠠᠷᠠᠭᠤᠯᠵᠤ᠂ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ 8 ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠤᠯᠭ᠎ᠠ ᠶᠢᠨ ᠺᠠᠳ᠋ᠷ᠂ ᠲᠠᠷᠢᠶᠠᠴᠢᠨ ᠨᠠᠮ ᠤᠨ ᠭᠡᠰᠢᠭᠦᠨ᠂ ᠰᠤᠷᠤᠭᠴᠢ᠂ ᠲᠣᠰᠬᠤᠨ  ᠤ ᠠᠷᠠᠳ ᠤᠨ ᠲᠥᠯᠥᠭᠡᠯᠡᠭᠴᠢ᠂ ᠡᠩ ᠤᠨ ᠤᠯᠠᠨ ᠲᠦᠮᠡᠨ ᠵᠡᠷᠭᠡ ᠶᠢ ᠪᠠᠭᠲᠠᠭᠠᠭᠰᠠᠨ ᠨᠡᠶᠢᠲᠡ 920 ᠭᠠᠷᠤᠢ ᠬᠦᠮᠦᠰ ᠨᠣᠮ ᠤᠩᠰᠢᠬᠤ ᠳᠤ ᠣᠷᠣᠯᠴᠠᠵᠠᠢ᠃    ᠠᠵᠢᠯᠯᠠᠭ᠎ᠠ ᠶᠢᠨ ᠠᠬᠤᠢ ᠲᠠᠯᠠᠪᠠᠢ ᠳᠤ᠂ ᠰᠢᠤᠸᠠᠢ ᠲᠢᠶᠠᠨ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠰᠤᠷᠤᠭᠴᠢᠳ ︽ᠠᠷᠢᠭᠤᠨ ᠴᠢᠬᠡᠴᠢ ᠶᠢᠨ ᠬᠥᠮᠦᠵᠢᠯ ᠤᠨ ᠭᠤᠷᠪᠠᠨ ᠦᠰᠦᠭᠲᠦ ᠨᠣᠮ︾᠂ ︽ᠬᠥᠪᠡᠭᠦᠳ ᠢᠶᠠᠨ ᠰᠡᠷᠡᠮᠵᠢᠯᠡᠭᠦᠯᠬᠦ ᠪᠢᠴᠢᠭ︾ ᠪᠠ ︽ᠱᠠᠪᠢ ᠨᠠᠷ ᠤᠨ ᠲᠦᠷᠢᠮ︾ ᠢ ᠬᠠᠮᠲᠤ ᠪᠠᠷ ᠤᠩᠰᠢᠵᠤ᠂ ᠪᠠᠰᠠ ᠳᠤᠭᠤᠶᠢᠯᠠᠩ ᠬᠤᠪᠢᠶᠠᠨ ᠲᠤᠰ ᠤᠳᠠᠭᠠᠨ ᠤ ᠤᠩᠰᠢᠯᠭ᠎ᠠ ᠶᠢᠨ ᠲᠦᠷᠦᠭᠳᠡᠯ ᠢᠶᠠᠨ ᠰᠣᠯᠢᠯᠴᠠᠵᠤ᠂ ᠤᠯᠠᠮᠵᠢᠯᠠᠯᠲᠤ ᠬᠤᠯᠤᠰᠤᠨ ᠨᠣᠮ  ᠢ ᠤᠩᠰᠢᠬᠤ ᠠᠳᠠᠯᠢ ᠪᠤᠰᠤ ᠪᠠᠶᠠᠷ ᠪᠠᠭ᠋ᠠᠳᠤᠯ ᠢ ᠬᠤᠪᠢᠶᠠᠯᠴᠠᠪᠠ᠃    ︽ᠪᠢ ᠡᠨᠡ ᠤᠳᠠᠭ᠎ᠠ ᠶᠢᠨ ᠨᠣᠮ ᠤᠩᠰᠢᠬᠤ ᠠᠵᠢᠯᠯᠠᠭ᠎ᠠ ᠳᠤ ᠲᠤᠩ ᠳᠤᠷᠠᠲᠠᠢ᠂ ᠨᠠᠮᠠᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠭᠦᠨ ᠪᠠᠭ᠋ᠠᠲᠠᠢ ᠪᠣᠯᠭᠠᠵᠠᠢ᠂ ᠬᠤᠵᠢᠮ ᠪᠢ ᠨᠣᠮ ᠢᠶᠠᠷ ᠥᠪᠡᠷ ᠤᠨ ᠠᠭᠤᠯᠤᠭᠳᠠᠬᠤᠨ ᠢᠶᠠᠨ ᠪᠠᠶᠠᠯᠢᠭᠵᠢᠭᠤᠯᠵᠤ᠂ ᠨᠡᠩ ᠤᠯᠠᠨ ᠮᠡᠳᠡᠯᠭᠡ ᠶᠢ ᠣᠶᠢᠯᠠᠭᠠᠵᠤ᠂ ᠨᠣᠮ ᠤᠩᠰᠢᠵᠦ ᠪᠠᠶᠠᠷ ᠬᠦᠷ ᠲᠠᠢ ᠪᠠᠷ ᠦᠰᠦᠨ ᠪᠤᠶᠢᠵᠢᠨ᠎ᠠ︕︾ ᠭᠡᠵᠦ ᠨᠢᠭᠡ ᠰᠤᠷᠤᠭᠴᠢ ᠠᠵᠢᠯᠯᠠᠭ᠎ᠠ ᠪᠠᠨ ᠬᠤᠪᠢᠶᠠᠯᠴᠠᠭᠰᠠᠨ ᠤ ᠳᠠᠷᠠᠭ᠎ᠠ ᠬᠡᠯᠡᠪᠡ᠃    ᠲᠠᠷᠠᠭᠠᠴᠢ ᠶᠢᠨ ᠠᠯᠬᠤᠮ ᠳᠤ᠂ ᠰᠢᠤᠸᠠᠢ ᠲᠢᠶᠠᠨ ᠰᠢᠶᠠᠩ ᠤᠨ ᠭᠤᠤᠯ ᠨᠣᠮ ᠤᠨ ᠥᠷᠥᠭᠡ ᠦᠷᠭᠦᠯᠵᠢᠯᠡᠨ ᠤᠯᠠᠮᠵᠢᠯᠠᠯᠲᠤ ᠪᠠᠶᠠᠷ ᠤᠨ ᠡᠳᠦᠷ᠂ ᠵᠠᠩᠭᠢᠯᠠᠭ᠎ᠠ ᠶᠢᠨ ᠭᠤᠭᠴᠤᠭ᠎ᠠ ᠲᠠᠢ ᠤᠶᠠᠯᠳᠤᠭᠤᠯᠤᠨ ᠣᠯᠠᠨ ᠶᠠᠩᠵᠤ ᠬᠡᠯᠪᠡᠷᠢ  ᠶᠢᠨ᠂ ᠡᠯᠪᠡᠭ ᠪᠠᠶᠠᠯᠢᠭ ᠠᠭᠤᠯᠭ᠎ᠠ ᠲᠠᠢ ᠡᠯ᠎ᠡ ᠲᠥᠷᠥᠯ ᠤᠨ ᠭᠤᠤᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠨᠣᠮ ᠤᠩᠰᠢᠬᠤ ᠳᠤ ᠣᠷᠣᠯᠴᠠᠬᠤ᠂ ᠨᠣᠮ ᠤᠩᠰᠢᠬᠤ ᠳᠤᠷᠠᠲᠠᠶ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号