ᠲᠦᠴᠢᠦᠸᠠᠨ ᠰᠢᠶᠠᠨ᠄ ᠪᠥᠬᠦ ᠤᠷᠤᠨ ᠪᠦᠰᠡ ᠶᠢᠨ ᠵᠢᠭᠤᠯᠴᠢᠯᠠᠯ ᠤᠨ ᠰᠢᠨ᠎ᠡ ᠦᠵᠡᠮᠵᠢ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2023/11/15
   ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠲᠠᠷᠢᠶᠠᠯᠠᠩ ᠤᠨ ᠲᠡᠭᠦᠬᠦ ᠬᠦᠷᠢᠶᠡᠯᠡᠩ᠂ ᠲᠦᠷᠭᠡᠨ ᠲᠡᠰᠢᠯᠲᠡ ᠶᠢᠨ ᠣᠷᠳᠣᠨ᠂ ᠬᠤᠪᠢ ᠪᠠᠷ ᠢᠶᠠᠨ ᠲᠡᠷᠭᠡ ᠵᠢᠯᠤᠭᠤᠳᠬᠤ ᠪᠠᠭᠤᠴᠠ᠂  ᠲᠤᠭᠤᠶᠢᠯᠠᠩ ᠲᠡᠷᠭᠡᠨ ᠤ ᠤᠷᠤᠯᠳᠤᠭᠠᠨ ᠤ ᠵᠠᠮ᠂ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠤᠷᠰᠢᠯᠲᠠ ᠶᠢᠨ ᠣᠷᠳᠣᠨ᠂ ᠡᠪᠦᠭᠡᠨ ᠤ ᠠᠭᠤᠯᠠ ᠤᠰᠤᠨ ᠤ ᠤᠢ ᠰᠢᠭᠤᠢ ᠶᠢᠨ ᠰᠤᠪᠢᠯᠠᠯᠲᠠ ᠶᠢᠨ ᠶᠡᠷᠦᠩᠬᠡᠶᠢᠯᠡᠭᠰᠡᠨ ᠴᠣᠭᠴᠠ ᠁ ᠲᠦᠴᠢᠦᠸᠠᠨ ᠰᠢᠶᠠᠨ ᠳᠤ᠂ ᠪᠦᠬᠦ ᠣᠷᠣᠨ ᠪᠦᠰᠡ ᠶᠢᠨ ᠵᠤᠭᠠᠴᠠᠯ ᠤᠨ ᠰᠦᠷᠯᠢᠭ ᠰᠠᠶᠢᠬᠠᠨ ᠵᠢᠷᠤᠭ ᠪᠦᠬᠦ ᠲᠠᠯ᠎ᠠ ᠪᠠᠷ ᠳᠡᠯᠭᠡᠭᠳᠡᠵᠦ ᠪᠤᠢ᠃    ᠵᠢᠭᠤᠯᠴᠢᠯᠠᠯ ᠤᠨ ︽ᠰᠢᠨ᠎ᠡ ᠭᠠᠵᠠᠷ ᠤᠨ ᠲᠡᠮᠳᠡᠭ︾ ᠢ ᠪᠣᠶ ᠪᠣᠯᠭᠠᠨ᠎ᠠ    ᠪᠦᠦ ᠱᠢ ᠶᠢᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠴᠦᠨ ᠵᠧᠦ ᠶᠢᠨ ᠡᠷᠲᠡᠨ ᠤ ᠬᠤᠳᠠ ᠳᠤ ᠬᠦᠷᠬᠦ ᠳᠤ᠂ ᠥᠨᠢ ᠤᠳᠠᠭᠠᠨ ᠲᠡᠦᠬᠡ ᠲᠠᠢ ᠰᠣᠶᠣᠯ ᠤᠨ ᠠᠭᠤᠷ ᠠᠮᠢᠰᠬᠤᠯ ᠢᠶᠠᠷ ᠪᠢᠯᠬᠠᠨ᠎ᠠ᠃ ᠭᠡᠷᠡᠯ ᠭᠢᠯᠪᠠᠭ᠎ᠠ ᠶᠢᠨ ᠬᠤᠪᠢᠷᠠᠯᠲᠠ ᠶᠢᠨ ᠳᠤᠮᠳᠠ᠂ ᠭᠡᠷᠡᠯ ᠰᠠᠴᠤᠷᠠᠩᠭᠤᠢ ᠤᠯᠠᠮᠵᠢᠯᠠᠯᠲᠤ ᠰᠣᠶᠣᠯ ᠨᠢ ᠴᠠᠭ ᠮᠥᠴᠡ ᠶᠢ ᠲᠤᠭᠤᠯᠤᠨ᠂ ᠠᠭᠤᠯᠠ ᠤᠰᠤ ᠶᠢ ᠳᠠᠪᠠᠵᠤ᠂ ᠵᠤᠭᠠᠴᠠᠭᠰᠠᠳ ᠤᠨ ᠵᠦᠭ ᠠᠶᠠᠯᠠᠨ ᠢᠷᠡᠵᠦ᠂ ᠵᠤᠭᠠᠴᠠᠭᠰᠠᠳ ᠠᠳᠡ ᠠᠴᠠ ᠯᠢᠶᠣᠤ ᠶᠢᠨ ᠤ ᠲᠡᠦᠬᠡ ᠶᠢ ᠣᠶᠢᠯᠠᠭᠠᠵᠤ᠂ ᠲᠦᠴᠢᠦᠸᠠᠨ ᠰᠢᠶᠠᠨ ᠤ ᠬᠥᠭᠵᠢᠯᠲᠡ ᠶᠢᠨ ᠶᠠᠪᠤᠴᠠ ᠶᠢ ᠣᠶᠢᠯᠠᠭᠠᠵᠤ᠂ ᠰᠤᠳᠤᠷ ᠪᠢᠴᠢᠭ ᠲᠠᠬᠢ ᠦᠯᠢᠭᠡᠷ ᠢ ᠰᠣᠨᠣᠰᠴᠤ ᠪᠠᠶᠢᠯ᠎ᠠ᠃    ᠵᠤᠭᠠᠴᠠᠯ ᠢ ᠴᠢᠬᠤᠯᠠᠴᠢᠯᠠᠵᠤ᠂ ᠲᠦᠷᠦᠯ ᠵᠦᠢᠯ ᠢ ᠲᠥᠯᠥᠪᠵᠢᠭᠦᠯᠦᠨ᠎ᠡ᠃ ᠡᠨᠡ ᠵᠢᠯ᠂ ᠲᠦᠴᠢᠦᠸᠠᠨ ᠰᠢᠶᠠᠨ ᠤ  ᠬᠢᠨ ︽ᠬᠢᠩᠭᠠᠨ ᠳᠠᠪᠠᠭ᠎ᠠ ᠳᠠᠬᠢ ᠬᠢᠩᠭᠠᠨ ᠠᠶᠢᠮᠠᠭ︾ ᠤᠨ ᠣᠷᠣᠨ ᠪᠦᠰᠡ ᠶᠢᠨ ᠫᠠᠶᠢᠰᠠ ᠶᠢᠨ ᠭᠤᠣᠯ ᠴᠣᠭᠴᠠ ᠶᠢᠨ ᠳᠦᠷᠢ ᠲᠥᠷᠬᠦ ᠶᠢ ᠱᠤᠭᠤᠵᠤ ᠳᠡᠭᠡᠭᠰᠢᠯᠡᠭᠦᠯᠬᠦ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠤ ᠵᠤᠭᠠᠴᠠᠯ ᠤᠨ ᠳᠠᠯᠳᠠ ᠬᠦᠴᠦᠨ ᠢ ᠭᠦᠨᠵᠡᠭᠡᠢ ᠠᠭᠤᠳᠠᠯᠠᠵᠦ᠂  ᠮᠢᠩ ᠰᠢᠩ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠪᠤᠤ ᠱᠢ ᠶᠢᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠡᠪᠦᠭᠡᠨ ᠤ ᠠᠭᠤᠯᠠᠨ ᠣᠶ ᠰᠢᠭᠤᠢ ᠶᠢᠨ ᠠᠰᠠᠷᠠᠮᠵᠢ ᠶᠢᠨ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ ᠬᠡᠷᠡᠭᠵᠢᠭᠦᠯᠵᠦ᠂ ᠰᠡᠯᠡᠭᠦᠴᠡᠨ ᠲᠡᠭᠦᠬᠦ ᠠᠵᠢᠯ ᠢᠶᠠᠷ ᠰᠠᠭᠤᠷᠢ ᠪᠣᠯᠭᠠᠭᠰᠠᠨ᠂ ᠠᠮᠠᠷᠠᠯᠲᠠ ᠶᠢᠨ ᠦᠨᠦᠷ ᠠᠮᠲᠠ ᠪᠠᠷ ᠤᠳᠤᠷᠢᠳᠤᠮᠵᠢ ᠪᠣᠯᠭᠠᠭᠰᠠᠨ᠂ ᠮᠥᠰᠥ ᠴᠠᠰᠤᠨ ᠤ ᠥᠩᠭᠡᠷᠡᠭᠡᠯᠲᠡ ᠪᠠᠷ ᠣᠨᠴᠠᠯᠢᠭ ᠪᠣᠯᠭᠠᠭᠰᠠᠨ᠂ ᠡᠷᠳᠡᠮ ᠰᠢᠨᠵᠢᠯᠡᠭᠡᠨ ᠤ ᠲᠥᠷᠥᠯ ᠢᠶᠠᠷ ᠦᠷᠭᠦᠯᠵᠢᠯᠡᠯ ᠪᠣᠯᠭᠠᠭᠰᠠᠨ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠳᠠᠪᠠᠭᠤᠯᠢᠭ ᠡᠬᠢ ᠪᠠᠶᠠᠯᠢᠭ ᠢ ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠦᠨᠡᠨᠬᠦ ᠪᠠᠲᠤᠯᠠᠨ᠎ᠠ᠃    ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠲᠦᠴᠢᠦᠸᠠᠨ ᠰᠢᠶᠠᠨ ᠤ ᠬᠢᠨ ᠲᠥᠯᠦᠪᠵᠢᠭᠦᠯᠭᠡ ᠪᠠᠷ ᠤᠷᠢᠳᠠᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠲᠦᠴᠢᠦᠸᠠᠨ ᠰᠢᠶᠠᠨ ᠤ ᠵᠤᠭᠠᠴᠠᠯ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠯᠭᠠᠵᠤ᠂ ᠪᠡᠭᠡᠵᠢᠩ ᠤᠨ ᠵᠢᠭᠤᠯᠴᠢᠯᠠᠯ ᠤᠨ ᠲᠥᠯᠦᠪᠵᠢᠭᠦᠯᠭᠡ ᠶᠢᠨ ᠺᠣᠮᠫᠠᠨᠢ  ᠶᠢ ᠤᠷᠢᠵᠤ᠂ ︽ᠪᠥᠬᠦ ᠤᠷᠤᠨ ᠪᠦᠰᠡ ᠶᠢᠨ ᠲᠥᠯᠦᠪᠵᠢᠭᠦᠯᠭᠡ᠂ ᠬᠤᠲᠠ ᠬᠥᠳᠡᠭᠡ ᠶᠢ ᠨᠢᠭᠡ ᠴᠣᠭᠴᠠᠵᠢᠭᠤᠯᠬᠤ︾ ᠣᠨᠣᠯᠵᠢᠬᠤᠨ ᠶᠣᠰᠣᠭᠠᠷ᠂ ︽ᠲᠦᠴᠢᠦᠸᠠᠨ ᠰᠢᠶᠠᠨ ᠤ ᠪᠥᠬᠦ ᠤᠷᠤᠨ ᠪᠦᠰᠡ ᠶᠢᠨ ᠵᠢᠭᠤᠯᠴᠢᠯᠠᠯ ᠤᠨ ᠲᠥᠯᠦᠪᠵᠢᠭᠦᠯᠭᠡ︾ ᠶᠢ ᠨᠠᠷᠢᠨ ᠨᠢᠮᠪᠠᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠥᠯᠦᠪᠵᠢᠭᠦᠯᠭᠡ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠱᠠᠩᠬᠠᠢ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠺᠣᠮᠫᠠᠨᠢ ᠶᠢ ᠤᠷᠢᠵᠤ᠂ ᠪᠦᠦ ᠱᠢ  ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠪᠠ  ᠮᠢᠩ ᠰᠢᠩ ᠤᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠳᠤ ᠲᠤᠰᠬᠠᠢ ᠵᠢᠷᠤᠭ ᠲᠥᠯᠥᠪᠯᠡᠭᠡ ᠬᠢᠵᠦ᠂ ᠦᠵᠡᠮᠵᠢ ᠶᠢᠨ ᠣᠷᠣᠨ ᠤ ᠦᠵᠡᠮᠵᠢ ᠶᠢᠨ ᠣᠷᠣᠨ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠵᠤ᠂ ᠵᠤᠭᠠᠴᠠᠨ ᠲᠣᠭᠤᠷᠢᠬᠤ ᠬᠤᠶᠠᠷ ᠭᠠᠵᠠᠷ ᠤᠨ ︽ᠰᠢᠨ᠎ᠡ ᠭᠠᠵᠠᠷ ᠤᠨ ᠲᠡᠮᠳᠡᠭ︾ ᠢ ᠨᠡᠮᠡᠨ᠎ᠡ᠃    ᠨᠢᠭᠡ ᠲᠠᠯ᠎ᠠ ᠪᠠᠷ ᠵᠤᠭᠠᠴᠠᠯ ᠢ ᠠᠳᠬᠤᠵᠤ᠂ ᠨᠢᠭᠡ ᠲᠠᠯ᠎ᠠ ᠪᠠᠷ ᠠᠵᠤ ᠦᠢᠯᠡᠰ ᠢ ᠠᠳᠬᠤᠵᠤ᠂ ᠬᠥᠳᠡᠭᠡ ᠲᠣᠰᠬᠤᠨ ᠢ ︽ᠬᠥᠭᠵᠢᠭᠦᠯᠦᠨ ᠮᠠᠨᠳᠤᠭᠤᠯᠵᠤ︾᠂ ᠵᠤᠭᠠᠴᠠᠯ ᠢ ︽ᠬᠥᠭᠵᠢᠶᠡᠨᠲᠡᠢ ᠪᠣᠯᠭᠠᠵᠤ︾᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠨᠡᠩ ᠤᠯᠠᠨ ᠲᠠᠷᠢᠶᠠᠴᠢᠳ ᠲᠤ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢᠨ ᠠᠰᠢᠭ ᠢ ᠡᠳ᠋ᠯᠡᠭᠦᠯᠦᠨ᠎ᠡ᠃ ᠲᠦᠴᠢᠦᠸᠠᠨ ᠰᠢᠶᠠᠨ ᠤ ᠬᠢᠨ ᠲᠠᠷᠢᠶᠠᠯᠠᠩ ᠤᠨ ᠲᠣᠮᠣ ᠰᠢᠶᠠᠨ ᠤ ᠬᠡᠪᠴᠢᠶᠡᠨ ᠤ ᠳᠠᠪᠠᠭᠤᠯᠢᠭ ᠲᠤ ᠲᠦᠰᠢᠭᠯᠡᠨ᠂ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠣᠨᠴᠠᠯᠢᠭᠲᠤ ᠨᠡᠷᠡᠲᠦ ᠲᠡᠮᠳᠡᠭ ᠢ ᠬᠦᠴᠦᠯᠡᠨ ᠡᠭᠦᠳᠴᠦ᠂ ᠮᠢᠩ ᠰᠢᠩ ᠨᠠᠭᠤᠷ ᠤᠨ ᠤᠰᠤ ᠶᠢ ᠲᠣᠰᠬᠤᠨ ᠳᠤ ᠲᠠᠲᠠᠵᠤ᠂ ᠮᠢᠩᠭᠠᠨ ᠮᠦ ᠲᠠᠷᠢᠶᠠᠯᠠᠩ ᠤᠨ ᠵᠤᠭᠠᠴᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠴᠦᠨ ᠵᠧᠦ ᠶᠢᠨ ᠡᠷᠲᠡᠨ ᠤ ᠬᠤᠲᠠ  ᠶᠢ ᠰᠡᠷᠭᠦᠭᠡᠨ ᠪᠠᠶᠢᠭᠤᠯᠵᠤ᠂ ᠲᠦᠴᠢᠦᠸᠠᠨ ᠤ ᠲᠡᠦᠬᠡ ᠰᠣᠶᠣᠯ ᠤᠨ ᠮᠦᠽᠧᠢ ᠵᠠᠰᠠᠵᠦ᠂ ᠬᠥᠳᠡᠭᠡ ᠨᠤᠲᠤᠭ ᠤᠨ ᠥᠩᠭᠡ ᠦᠵᠡᠮᠵᠢ᠂ ᠲᠠᠷᠢᠶᠠᠯᠠᠩ ᠤᠨ ᠪᠣᠯᠪᠠᠰᠤᠨ᠂ ᠲᠡᠦᠬᠡ ᠰᠣᠶᠣᠯ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠤᠨ ᠠᠰᠢᠭᠯᠠᠵᠤ᠂ ᠬᠥᠳᠡᠭᠡ ᠲᠣᠰᠬᠤᠨ ᠤ ᠵᠤᠭᠠᠴᠠᠯ᠂ ᠲᠣᠭᠤᠷᠢᠨ ᠦᠵᠡᠵᠦ ᠲᠡᠭᠦᠬᠦ ᠪᠠ ᠲᠥᠬᠦᠭᠡᠷᠦᠮᠵᠢᠲᠦ ᠲᠠᠷᠢᠶᠠᠯᠠᠩ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠡᠪᠦᠭᠡᠨ ᠤ ᠠᠭᠤᠯᠠ ᠶᠢᠨ ᠤᠢ ᠰᠢᠭᠤᠢ ᠶᠢᠨ ᠰᠤᠪᠢᠯᠠᠯᠳᠠ ᠶᠢᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠡᠪᠦᠭᠡᠨ ᠤ ᠠᠭᠤᠯᠠ ᠶᠢᠨ ᠪᠠᠶᠢᠭᠠᠯᠢ ᠶᠢᠨ ᠦᠵᠡᠮᠵᠢ ᠶᠢᠨ ᠲᠣᠭᠤᠷᠢᠨ ᠳᠤ᠂ ᠲᠦᠷᠦᠯ ᠵᠦᠢᠯ ᠤᠨ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠢᠳᠤᠷᠠᠯ ᠤᠨ ᠣᠨᠴᠠᠯᠢᠭ ᠲᠠᠢ ᠪᠠᠨ ᠤᠶᠠᠯᠳᠤᠭᠤᠯᠵᠤ ᠪᠠᠶᠢᠭᠠᠳ ᠲᠡᠭᠦᠨ ᠢ ᠵᠡᠭᠦᠨ ᠬᠤᠶᠢᠲᠤ ᠶᠢᠨ ᠴᠠᠰᠤᠲᠤ ᠲᠣᠰᠬᠤᠨ ᠵᠢᠴᠢ ᠠᠷᠠᠳ ᠤᠨ ᠵᠠᠩ ᠦᠢᠯᠡ ᠶᠢᠨ ᠣᠨᠴᠠᠯᠢᠭ ᠲᠠᠢ ᠤᠢ ᠰᠢᠭᠤᠢ ᠶᠢᠨ ᠲᠣᠰᠬᠤᠨ ᠪᠣᠯᠭᠠᠨ ᠪᠠᠶᠢᠭᠤᠯᠵᠤ᠂ ᠪᠦᠬᠦ ᠣᠷᠣᠨ ᠪᠦᠰᠡ ᠪᠠᠷ ᠢᠶᠠᠨ ᠦᠵᠡᠮᠵᠢ ᠲᠠᠢ᠂ ᠳᠦᠷᠪᠡᠨ ᠤᠯᠠᠷᠢᠯ ᠳᠤ ᠵᠤᠭᠠᠴᠠᠵᠤ ᠳᠡᠶᠢᠯᠬᠦ ᠶᠢ ᠪᠡᠶᠡᠯᠡᠭᠦᠯᠵᠡᠢ᠃    ᠵᠢᠭᠤᠯᠴᠢᠯᠠᠯ ᠤᠨ ︽ᠰᠢᠨ᠎ᠡ ᠵᠢᠷᠤᠭ︾ ᠢ ᠵᠢᠷᠤᠭᠯᠠᠨ᠎ᠠ    2018 ᠣᠨ ᠳᠤ᠂ ᠪᠥᠬᠦ ᠣᠷᠣᠨ ᠤ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠲᠦᠷᠭᠡᠨ ᠲᠡᠰᠢᠯᠲᠡ ᠶᠢᠨ ᠣᠷᠳᠣᠨ ᠢ ᠲᠦᠴᠢᠦᠸᠠᠨ ᠰᠢᠶᠠᠨ ᠳᠤ ᠪᠠᠶᠢᠭᠤᠯᠤᠨ ᠬᠡᠷᠡᠭᠯᠡᠵᠦ᠂ ᠲᠦᠷᠭᠡᠨ ᠲᠡᠰᠢᠯᠲᠡ ᠶᠢᠨ ᠣᠷᠳᠣᠨ ᠢ ᠪᠠᠶᠢᠭᠤᠯᠤᠭᠰᠠᠨ ᠨᠢ ᠲᠦᠴᠢᠦᠸᠠᠨ ᠰᠢᠶᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠪᠠᠶᠠᠯᠢᠭᠵᠢᠭᠤᠯᠵᠤ᠂ ᠵᠤᠭᠠᠴᠠᠭᠰᠠᠳ ᠤᠨ ᠰᠣᠨᠢᠷᠬᠠᠯ ᠢ ᠲᠠᠲᠠᠬᠤ ᠨᠢᠭᠡ ᠵᠦᠢᠯ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠴᠢᠬᠤᠯᠠ ᠦᠢᠯᠡᠳᠬᠦᠨ ᠪᠣᠯᠤᠭᠰᠠᠨ ᠪᠠᠶᠢᠨ᠎ᠠ᠃ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠬᠢᠬᠦ ᠬᠦᠰᠡᠯ ᠲᠠᠢ ᠬᠥᠮᠥᠨ ᠪᠣᠯᠭᠠᠨ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠠᠶᠠᠷ ᠪᠠᠭ᠋ᠠᠳᠤᠯ ᠪᠠ ᠷᠢᠳᠢ ᠰᠢᠳᠢ ᠶᠢ ᠮᠡᠳᠡᠷᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠮᠥᠰᠥᠨ ᠳᠡᠭᠡᠷᠡᠬᠢ ᠲᠦᠷᠦᠯ ᠵᠦᠢᠯ ᠳᠤ ᠬᠡᠷᠡᠭᠰᠡᠬᠦ ᠮᠥᠰᠥᠨ ᠭᠤᠲᠤᠯ᠂ ᠬᠠᠮᠠᠭᠠᠯᠠᠯᠲᠠ ᠶᠢᠨ ᠬᠡᠷᠡᠭᠰᠡᠯ ᠵᠡᠷᠭᠡ ᠢ ᠦᠨ᠎ᠡ ᠲᠥᠯᠥᠪᠦᠷᠢ ᠦᠭᠡᠢ ᠪᠠᠷ ᠬᠠᠩᠭᠠᠬᠤ ᠶᠢᠨ ᠬᠠᠮᠲᠤ ᠲᠤᠰᠬᠠᠢ ᠮᠡᠷᠭᠡᠵᠢᠯ ᠤᠨ ᠮᠥᠰᠥᠨ ᠳᠡᠭᠡᠷᠡᠬᠢ ᠳᠠᠰᠬᠠᠯᠵᠢᠭᠤᠯᠤᠭᠴᠢ ᠶᠢ ᠲᠣᠬᠢᠷᠠᠭᠤᠯᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠵᠢᠭᠠᠨ ᠰᠤᠷᠭᠠᠯᠲᠠ ᠬᠢᠯᠭᠡᠵᠦ᠂ ᠬᠥᠮᠥᠨ ᠪᠣᠯᠭᠠᠨ ᠢ ᠬᠥᠳᠡᠯᠭᠡᠭᠡᠨ ᠳᠤ ᠣᠷᠣᠯᠴᠠᠭᠤᠯᠵᠤ᠂ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠤᠷ᠎ᠠ ᠮᠡᠷᠭᠡᠵᠢᠯ ᠢ ᠡᠵᠡᠮᠰᠢᠭᠦᠯᠵᠦ᠂ ᠨᠡᠩ ᠤᠯᠠᠨ ᠬᠥᠮᠥᠰ ᠢ ᠳᠠᠭᠠᠭᠤᠯᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠪᠣᠯᠭᠠᠪᠠ᠃   ᠲᠦᠴᠢᠦᠸᠠᠨ ᠰᠢᠶᠠᠨ ᠤ ᠲᠦᠷᠭᠡᠨ ᠲᠡᠰᠢᠯᠲᠡ ᠶᠢᠨ ᠣᠷᠳᠣᠨ ᠠᠴᠠ ᠭᠠᠳᠠᠨ᠎ᠠ᠂ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠨᠢ ᠴᠦ ᠤᠯᠠᠨ ᠲᠦᠮᠡᠨ ᠤ ᠣᠶᠢᠷ᠎ᠠ ᠬᠠᠪᠢ ᠶᠢᠨ ᠵᠤᠭᠠᠴᠠᠯ ᠤᠨ ᠬᠦᠰᠡᠯᠡᠩ ᠤᠨ ᠭᠠᠵᠠᠷ ᠪᠣᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠪᠴᠢᠷᠠᠭᠰᠠᠨ ᠪᠠᠶᠠᠷ ᠪᠠᠶᠠᠰᠤᠯ ᠢ ᠬᠠᠨᠲᠠᠯ᠎ᠠ ᠡᠳ᠋ᠯᠡᠪᠡ᠃    ︽ᠭᠠᠷᠠᠭ ᠤᠨ ᠰᠡᠭᠦᠯᠴᠢ ᠳᠤ ᠭᠡᠷ ᠤᠨ ᠬᠥᠮᠥᠰ ᠢᠶᠠᠨ ᠳᠠᠭᠠᠭᠤᠯᠤᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠳᠤ ᠢᠷᠡᠵᠦ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠯᠠᠭᠠᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠭᠳᠡᠯ ᠪᠠ ᠪᠡᠶ᠎ᠡ ᠪᠠᠷ ᠢᠶᠠᠨ ᠣᠶᠢᠯᠠᠭᠠᠬᠤ ᠲᠥᠷᠥᠭᠳᠡᠯ ᠮᠠᠰᠢ ᠴᠢᠩᠭ᠎ᠠ ᠪᠠᠶᠢᠵᠤ᠂ ᠪᠢ ᠠᠷᠠᠳ ᠤᠨ ᠵᠠᠩ ᠳᠠᠳᠬᠠᠯ ᠢ ᠨᠡᠩ ᠰᠠᠶᠢᠨ ᠣᠶᠢᠯᠠᠭᠠᠵᠤ᠂ ᠲᠡᠦᠬᠡ ᠶᠢ ᠨᠡᠩ ᠰᠠᠶᠢᠨ ᠣᠶᠢᠯᠠᠭᠠᠪᠠ︾ ᠭᠡᠵᠦ ᠵᠤᠭᠠᠴᠠᠭᠴᠢ ᠵᠠᠩ ᠽᠧ ᠴᠢᠶᠦ᠋ᠨ ᠬᠡᠯᠡᠪᠡ᠃    ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠤ ᠦᠵᠡᠭᠦᠯᠦᠯᠭᠡ ᠶᠢᠨ ᠲᠢᠩᠬᠢᠮ ᠤᠨ ᠦᠵᠡᠭᠦᠯᠦᠯᠭᠡ ᠶᠢᠨ ᠲᠠᠯᠠᠪᠠᠢ ᠨᠢ 1800 ᠲᠡᠭᠰᠢ ᠳᠥᠷᠪᠡᠯᠵᠢᠨ ᠮᠧᠲᠷ ᠲᠤ ᠬᠦᠷᠴᠦ᠂ 3 ᠦᠵᠡᠭᠦᠯᠦᠯᠭᠡ ᠶᠢᠨ ᠲᠣᠭᠤᠷᠢᠭ ᠬᠤᠪᠢᠶᠠᠵᠠᠢ᠃ ᠤᠭ ᠦᠨᠳᠦᠰᠦ ᠶᠢ ᠨᠢ ᠡᠷᠢᠬᠦ᠂ ᠠᠷᠠᠳ ᠤᠨ ᠵᠠᠩ ᠦᠢᠯᠡ ᠶᠢ ᠨᠢ ᠡᠷᠢᠬᠦ᠂ ᠲᠦᠴᠢᠦᠸᠠᠨ ᠤ ᠵᠠᠭᠤᠨ ᠵᠢᠯ ᠤᠨ ᠵᠠᠩ ᠦᠢᠯᠡ᠂ ᠬᠤᠲᠠ ᠶᠢᠨ ᠠᠮᠢᠳᠤᠷᠠᠯ᠂ ᠰᠤᠳᠤᠯᠤᠨ ᠰᠤᠷᠤᠯᠴᠠᠬᠤ ᠵᠡᠷᠭᠡ ᠪᠠᠷ ᠭᠤᠣᠯ ᠰᠡᠳᠦᠪ ᠪᠣᠯᠭᠠᠵᠤ᠂ ᠭᠤᠣᠯᠳᠠᠭᠤ ᠲᠦᠴᠢᠦᠸᠠᠨ ᠤ ᠠᠷᠠᠳ ᠤᠨ ᠵᠠᠩ ᠦᠢᠯᠡ ᠶᠢᠨ ᠰᠣᠶᠣᠯ ᠪᠠ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠲᠠᠨᠢᠯᠴᠠᠭᠤᠯᠬᠤ ᠪᠠ ᠳᠡᠯᠭᠡᠨ ᠦᠵᠡᠭᠦᠯᠬᠦ ᠶᠢᠨ ᠬᠠᠮᠲᠤ ᠭᠠᠷ ᠢᠶᠠᠷ ᠦᠢᠯᠡᠳᠬᠦ ᠬᠤᠷᠢᠶ᠎ᠠ᠂ ᠬᠡᠦᠬᠡᠳ ᠤᠨ ᠵᠦᠴᠦᠭᠡ ᠶᠢᠨ ᠲᠤᠭᠯᠠᠯᠳᠠ᠂ ᠤᠯᠤᠰ ᠤᠨ ᠰᠤᠷᠭᠠᠯ ᠠᠷᠠᠳ ᠤᠨ ᠤᠷᠠᠯᠢᠭ ᠤᠨ ᠠᠮᠢᠳᠤᠷᠠᠯ ᠤᠨ ᠣᠷᠳᠣᠨ ᠪᠠ ᠪᠦᠲᠦᠭᠡᠯᠴᠢ ᠦᠢᠯᠡᠳᠬᠡᠯ ᠤᠨ ᠭᠠᠵᠠᠷ ᠢ ᠪᠠᠶᠢᠭᠤᠯᠵᠠᠢ᠃ ᠮᠦᠽᠧᠢ ᠳᠤ ᠪᠣᠳᠠᠲᠤ ᠪᠣᠳᠠᠰ ᠤᠨ ᠦᠵᠡᠭᠦᠯᠦᠯᠭᠡ᠂ ᠵᠢᠷᠤᠭ ᠪᠢᠴᠢᠭ ᠤᠨ ᠲᠣᠳᠣᠷᠬᠠᠶᠢᠯᠠᠯᠲᠠ ᠵᠡᠷᠭᠡ ᠤᠯᠠᠮᠵᠢᠯᠠᠯᠲᠤ ᠳᠡᠯᠭᠡᠨ ᠦᠵᠡᠭᠦᠯᠦᠯᠭᠡ ᠶᠢᠨ ᠠᠷᠭ᠎ᠠ ᠬᠡᠯᠪᠡᠷᠢ ᠪᠠᠶᠢᠬᠤ ᠪᠠᠷ ᠪᠠᠷᠠᠬᠤ ᠦᠭᠡᠢ ᠂ ᠪᠠᠰᠠ VR ᠵᠢᠷᠤᠭ ᠳᠦᠷᠰᠦ᠂ AIGC ᠵᠡᠷᠭᠡ ᠲᠣᠭᠠᠴᠢᠯᠠᠭᠰᠠᠨ ᠮᠡᠷᠭᠡᠵᠢᠯ ᠢ ᠬᠡᠷᠡᠭᠯᠡᠵᠦ᠂ ᠲᠣᠭᠤᠷᠢᠨ ᠦᠵᠡᠭᠴᠢᠳ ᠲᠤ ᠴᠣ᠋ ᠰᠢᠨ᠎ᠡ ᠦᠢᠯᠡᠳᠦᠯᠴᠡᠯ ᠤᠨ ᠣᠶᠢᠯᠠᠭᠠᠯᠲᠠ ᠶᠢ ᠠᠪᠴᠢᠷᠠᠭᠰᠠᠨ ᠪᠠᠶᠢᠨ᠎ᠠ᠃ ᠳᠤᠭᠠᠴᠠᠯᠠᠭᠰᠠᠨ ᠮᠡᠷᠭᠡᠵᠢᠯ ᠢᠶᠠᠷ ᠲᠣᠭᠤᠷᠢᠨ ᠦᠵᠡᠭᠰᠡᠳ ᠦᠵᠡᠭᠦᠯᠦᠯᠭᠡ ᠶᠢᠨ ᠵᠦᠢᠯᠡᠰ ᠤᠨ ᠠᠷᠤ ᠳᠠᠬᠢ ᠦᠯᠢᠭᠡᠷ ᠪᠠ ᠰᠣᠶᠣᠯ ᠤᠨ ᠠᠬᠤᠭᠤᠯᠤᠭᠳᠠᠬᠤᠨ ᠢ ᠨᠡᠩ ᠰᠢᠭᠤᠳ ᠪᠥᠭᠡᠳ ᠠᠮᠢᠳᠤᠯᠢᠭ ᠢᠶᠠᠷ ᠣᠶᠢᠯᠠᠭᠠᠵᠤ ᠪᠣᠯᠣᠨ᠎ᠠ᠃    ᠬᠥᠳᠡᠭᠡ ᠲᠣᠰᠬᠤᠨ ᠤ ︽ᠰᠢᠨ᠎ᠡ ᠬᠥᠭᠵᠢᠮ︾ ᠢ ᠴᠢᠪᠬᠠᠳᠠᠨ᠎ᠠ    ᠲᠦᠴᠢᠦᠸᠠᠨ ᠰᠢᠶᠠᠨ ᠤ ᠰᠠᠶᠢᠨᠬᠤᠸᠠᠷ ᠰᠢᠭᠦᠰᠦᠯᠢᠭ ᠵᠢᠮᠢᠰ ᠤᠨ ᠣᠶᠤᠨᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ᠂ ᠭᠦᠵᠡᠯᠵᠡᠭᠡᠨ᠎ᠡ ᠶᠢᠨ ᠦᠨᠦᠷ ᠬᠠᠮᠠᠷ ᠴᠣᠷᠭᠢᠮ᠎ᠠ ᠠᠩᠬᠢᠯᠤᠮ᠎ᠠ ᠦᠨᠦᠷ ᠬᠠᠩᠬᠤᠯᠵᠤ᠂ ᠨᠢᠭᠡ ᠰᠠᠭᠤᠷᠢ ᠭᠦᠵᠡᠯᠵᠡᠭᠡᠨ᠎ᠡ ᠶᠢᠨ ᠴᠢᠬᠢ ᠨᠣᠭᠤᠭᠠᠷᠠᠵᠤ᠂ ᠪᠤᠯᠪᠠᠷᠠᠢ ᠭᠦᠵᠡᠯᠵᠡᠭᠡᠨ᠎ᠡ ᠨᠢ ᠶᠠᠭ ᠯᠠ ᠨᠢᠭᠡ ᠮᠥᠬᠦᠯᠢᠭ ᠪᠠᠳᠮᠠᠷᠠᠭ᠎ᠠ ᠰᠢᠭ᠋ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠵᠠᠷᠢᠮ ᠳᠠᠭᠠᠨ ᠵᠤᠭᠠᠴᠠᠭᠰᠠᠳ ᠭᠡᠷ ᠪᠦᠯᠢ ᠪᠠᠨ ᠳᠠᠭᠠᠭᠤᠯᠤᠨ᠂ ᠨᠠᠶᠢᠵᠠ ᠨᠥᠬᠦᠳ ᠢᠶᠠᠨ ᠳᠠᠭᠤᠳᠠᠨ ᠠᠳᠡ ᠢᠷᠡᠵᠦ ᠲᠡᠭᠦᠵᠦ᠂ ᠬᠥᠳᠡᠭᠡ ᠨᠤᠲᠤᠭ ᠤᠨ ᠵᠤᠭ᠎ᠠ ᠴᠡᠩᠭᠡᠯ ᠢ ᠡᠳ᠋ᠯᠡᠨ᠎ᠡ᠃    ᠣᠶᠢᠷ᠎ᠠ ᠶᠢᠨ ᠵᠢᠯ ᠳᠤ᠂ ᠲᠦᠴᠢᠦᠸᠠᠨ ᠰᠢᠶᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠦᠴᠢᠦᠸᠠᠨ ᠰᠢᠶᠠᠨ ᠤ ᠰᠠᠶᠢᠨᠬᠤᠸᠠᠷ ᠰᠢᠭᠦᠰᠦᠯᠢᠭ ᠵᠢᠮᠢᠰ ᠤᠨ ᠣᠶᠤᠨᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠣᠨ ᠲᠦᠴᠢᠦᠸᠠᠨ ᠰᠢᠶᠠᠨ ᠤ ᠱᠤ᠋ ᠭᠤᠸᠠᠩ ᠬᠦᠷᠢᠶᠡᠯᠡᠩ ᠲᠣᠭᠤᠷᠢᠭ ᠤᠨ ᠣᠶᠤᠨᠲᠤ ᠲᠥᠬᠦᠭᠡᠷᠦᠮᠵᠢᠲᠦ ᠲᠠᠷᠢᠶᠠᠯᠠᠩ ᠤᠨ ᠤᠯᠠᠷᠢᠯ ᠰᠥᠷᠬᠦ ᠢᠳᠡᠰᠢᠨ ᠨᠣᠭᠤᠭ᠎ᠠ ᠶᠢᠨ ᠰᠠᠭᠤᠷᠢᠨ ᠢ ᠬᠦᠴᠦᠯᠡᠨ ᠪᠠᠶᠢᠭᠤᠯᠵᠤ᠂ ᠴᠢᠨᠠᠷ ᠰᠠᠶᠢᠲᠠᠢ ᠵᠢᠮᠢᠰ ᠤᠨ ᠲᠦᠷᠦᠯ ᠵᠢᠴᠢ ᠨᠣᠭᠤᠭ᠎ᠠ ᠵᠢᠮᠢᠰ ᠢ ᠲᠠᠷᠢᠵᠤ᠂ ᠴᠢᠯᠦᠭᠡᠲᠡᠢ ᠪᠠᠷ ᠲᠡᠭᠦᠬᠦ᠂ ᠪᠡᠶᠡᠴᠢᠯᠡᠨ ᠣᠶᠢᠯᠠᠭᠠᠵᠤ ᠰᠤᠳᠤᠯᠬᠤ᠂ ᠲᠦᠷᠦᠯ ᠰᠠᠳᠤᠨ ᠦᠷ᠎ᠡ ᠬᠡᠦᠬᠡᠳ ᠬᠠᠷᠢᠯᠴᠠᠨ ᠬᠥᠳᠡᠯᠦᠯᠴᠡᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠣᠶᠢᠷ᠎ᠠ ᠲᠡᠭᠦᠷᠭᠡ ᠶᠢᠨ ᠵᠤᠭᠠᠴᠠᠯ ᠤᠨ ᠰᠢᠨ᠎ᠡ ᠬᠢᠯᠠᠰ ᠴᠡᠭ ᠢ ᠪᠤᠢ ᠪᠣᠯᠭᠠᠵᠤ᠂ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠨ᠎ᠠ᠃    ᠠᠭᠤᠯᠠ ᠤᠰᠤ ᠦᠵᠡᠰᠬᠦᠯᠡᠩᠲᠦ ᠰᠠᠶᠢᠬᠠᠨ᠂ ᠥᠨᠢ ᠤᠳᠠᠭᠠᠨ ᠰᠢᠨ᠎ᠡ ᠶᠢ ᠥᠩᠭᠡᠷᠡᠭᠦᠯᠦᠭᠰᠡᠨ ᠲᠦᠴᠢᠦᠸᠠᠨ ᠰᠢᠶᠠᠨ ᠳᠤ᠂ ᠥᠪᠡᠷᠮᠢᠴᠡ ᠣᠨᠴᠠᠯᠢᠭ ᠲᠠᠢ ᠰᠣᠶᠣᠯ ᠤᠨ ᠷᠢᠳᠢ ᠰᠢᠳᠢ ᠲᠠᠢ ᠪᠠᠶᠢᠵᠤ᠂ ᠠᠭᠤᠯᠠ ᠤᠰᠤ᠂ ᠰᠣᠶᠣᠯ ᠢᠷᠭᠡᠨᠰᠢᠯ ᠢ ᠬᠠᠷᠢᠯᠴᠠᠨ ᠠᠭᠤᠰᠤᠯᠴᠠᠭᠤᠯᠤᠨ᠂ ᠦᠵᠡᠰᠬᠦᠯᠡᠩᠲᠦ ᠰᠠᠶᠢᠬᠠᠨ ᠦᠵᠡᠮᠵᠢ ᠶᠢ ᠳᠥᠷᠪᠡᠨ ᠤᠯᠠᠷᠢᠯ ᠳᠤ ᠲᠠᠰᠤᠷᠠᠯᠳᠡ ᠦᠭᠡᠢ ᠦᠷᠭᠦᠯᠵᠢᠯᠡᠭᠦᠯᠵᠦ᠂ ᠪᠦᠬᠦ ᠣᠷᠣᠨ ᠪᠦᠰᠡ ᠶᠢᠨ ᠵᠤᠭᠠᠴᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠵᠤ ᠪᠠᠶᠢᠨ᠎ᠠ᠃ ᠵᠢᠯ ᠤᠨ ᠡᠬᠢᠨ ᠠᠴᠠ ᠨᠠᠰᠢ᠂ ᠵᠤᠭᠠᠴᠠᠭᠰᠠᠳ ᠢ ᠨᠡᠶᠢᠲᠡ 68 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 49.4% ᠪᠠᠷ ᠨᠡᠮᠡᠭᠳᠡᠪᠡ︔ ᠣᠷᠣᠯᠭ᠎ᠠ ᠨᠢ 4.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.8% ᠪᠠᠷ ᠨᠡᠮᠡᠭᠳᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号