ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠠᠶᠢᠴᠢᠯᠠᠨ᠎ᠠ
ᠨᠡᠶᠢᠲᠡᠯᠡᠭᠰᠡᠨ ᠴᠠᠭ᠄
2023/11/17
   ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠵᠤᠤ ᠿᠢ ᠰᠢᠶᠠ ᠥᠪᠡᠷ ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠢᠶᠠᠷ ᠢᠶᠠᠨ ᠲᠦᠷᠦᠯ ᠰᠠᠳᠤᠨ ᠤ ᠬᠠᠶᠢᠷ᠎ᠠ ᠰᠡᠳᠬᠢᠯᠭᠡ᠂ ᠨᠥᠬᠦᠷᠯᠡᠯ᠂ ᠦᠨᠳᠦᠰᠦᠲᠡᠨ ᠤ ᠪᠦᠯᠬᠦᠮᠳᠡᠯ ᠤᠨ ᠬᠠᠶᠢᠷ᠎ᠠ ᠰᠡᠳᠬᠢᠯᠭᠡ ᠶᠢ ᠲᠠᠮᠵᠢᠭᠤᠯᠤᠨ᠎ᠠ    ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠵᠤᠤ ᠿᠢ ᠰᠢᠶᠠ ᠶᠢᠨ ᠭᠠᠷ ᠤᠷᠠᠯᠠᠯ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠭᠠᠵᠠᠷ ᠲᠤ ᠬᠦᠷᠬᠦ ᠳᠤ᠂ ᠶᠡᠭᠡ ᠪᠠᠭ᠎ᠠ ᠴᠠᠭᠠᠰᠤᠨ ᠬᠠᠶᠢᠴᠢᠯᠠᠮᠠᠯ ᠤᠨ ᠪᠦᠲᠦᠭᠡᠯ᠂ ᠦᠨᠳᠦᠰᠦᠲᠡᠨ ᠤ ᠬᠥᠮᠥᠨ ᠤ ᠳᠦᠷᠢ᠂ ᠴᠡᠴᠡᠭ ᠰᠢᠪᠠᠭᠤ ᠵᠢᠭᠠᠰᠤ ᠬᠤᠷᠣᠬᠠᠢ᠂ ᠨᠡᠷᠡᠳᠦ ᠠᠭᠤᠯᠠ ᠤᠰᠤ ᠵᠡᠷᠭᠡ ᠶᠢ ᠳᠡᠯᠭᠡᠨ ᠲᠠᠯᠪᠢᠵᠤ᠂ ᠳᠦᠷᠰᠦ ᠪᠦᠲᠦᠭᠡᠯᠲᠡ ᠨᠢ ᠠᠮᠢᠳᠤᠯᠢᠭ᠂ ᠤᠷᠠᠨ ᠨᠠᠷᠢᠯᠢᠭ ᠪᠠᠶᠢᠯ᠎ᠠ᠃ ᠡᠭᠦᠨ ᠤ ᠳᠣᠲᠣᠷ᠎ᠠ ︽ᠲᠦᠴᠢᠦᠸᠠᠨ ᠤ ᠬᠥᠪᠡᠭᠦᠳ ᠥᠬᠢᠳ ᠤᠨ ᠰᠡᠳᠬᠢᠯ ᠨᠠᠮ ᠳᠤ ᠦᠨᠳᠦᠰᠦᠲᠡᠨ ᠨᠦᠭᠦᠳ ᠪᠦᠯᠬᠦᠮᠳᠡᠯ ᠲᠠᠢ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ︾ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠣᠨᠴᠠᠭᠠᠢ ᠢᠯᠡ ᠲᠣᠳᠣ ᠬᠠᠷᠠᠭᠳᠠᠨ᠎ᠠ᠃    ︽ᠠᠭᠤᠯᠭ᠎ᠠ ᠶᠢ ᠨᠢ ᠵᠥᠪ ᠣᠨᠣᠪᠴᠢᠲᠠᠶ ᠢᠯᠡᠳᠬᠡᠬᠦ ᠶᠢᠨ ᠲᠥᠯᠥᠭᠡ᠂ ᠡᠨᠡ ᠬᠦ ᠪᠦᠲᠦᠭᠡᠯ ᠤᠨ ᠡᠬᠢᠨ ᠤ ᠬᠤᠭᠤᠴᠠᠭᠠᠨ ᠤ ᠵᠢᠷᠤᠭ ᠤᠨ ᠪᠦᠲᠦᠴᠡ ᠨᠢ ᠨᠢᠭᠡ ᠭᠠᠷᠠᠭ ᠤᠨ ᠴᠠᠭ ᠢ ᠬᠡᠷᠡᠭᠰᠡᠵᠡᠢ᠂ ᠵᠢᠷᠤᠭ ᠤᠨ ᠪᠦᠲᠦᠴᠡ ᠨᠢ ᠶᠠᠷᠰᠢᠭ ᠲᠦᠪᠡᠭ ᠲᠠᠢ ᠪᠣᠯᠬᠤᠷ ᠣᠯᠠᠨ ᠤᠳᠠᠭ᠎ᠠ ᠳᠠᠬᠢᠨ ᠳᠠᠪᠲᠠᠨ ᠵᠠᠰᠠᠭᠠᠳ ᠰᠠᠶ᠋ᠢ ᠬᠠᠶᠢᠴᠢᠯᠠᠵᠤ ᠡᠬᠢᠯᠡᠭᠰᠡᠨ ᠶᠤᠮ ᠂ ᠤᠷᠢᠳ ᠬᠤᠵᠢᠳ ᠬᠠᠭᠠᠰ ᠰᠠᠷ᠎ᠠ ᠭᠠᠷᠤᠢ ᠬᠡᠷᠡᠭᠯᠡᠵᠦ᠂ ᠡᠴᠦᠰ ᠲᠡᠭᠡᠨ ᠰᠠᠶ᠋ᠢ ᠡᠶᠢᠮᠦ ᠦᠷ᠎ᠡ ᠳ᠋ᠦᠩ ᠲᠠᠢ ᠪᠣᠯᠤᠭᠰᠠᠨ ᠶᠤᠮ︾ ᠭᠡᠵᠦ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠵᠤᠤ ᠿᠢ ᠰᠢᠶᠠ ᠬᠡᠯᠡᠪᠡ᠃    ᠴᠠᠭᠠᠰᠤᠨ ᠬᠠᠶᠢᠴᠢᠯᠠᠮᠠᠯ ᠪᠣᠯ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠮᠥᠨ᠂ ᠡᠶᠢᠮᠦᠷᠬᠦᠦ ᠥᠪᠡᠷᠮᠢᠴᠡ ᠣᠨᠴᠠᠯᠢᠭ  ᠲᠠᠢ ᠤᠷᠠᠯᠢᠭ ᠤᠨ ᠬᠡᠯᠪᠡᠷᠢ ᠪᠠ ᠥᠩᠭᠡ ᠢᠯᠭᠠᠷᠠᠭᠰᠠᠨ ᠦᠨᠳᠦᠰᠦᠲᠡᠨ ᠤ ᠳᠦᠷᠢ ᠲᠥᠷᠬᠦ ᠨᠢ ᠬᠠᠷᠢᠯᠴᠠᠨ ᠬᠠᠪᠰᠤᠷᠤᠯᠴᠠᠵᠤ᠂ ᠠᠳᠠᠯᠢ ᠪᠤᠰᠤ ᠦᠨᠳᠦᠰᠦᠲᠡᠨ ᠤ ᠣᠨᠴᠠᠯᠢᠭ ᠢ ᠨᠡᠩ ᠰᠠᠶᠢᠨ ᠢᠯᠡᠷᠡᠭᠦᠯᠬᠦ ᠶᠢᠨ ᠲᠥᠯᠥᠭᠡ᠂ ᠵᠣᠣ ᠿᠢ ᠰᠢᠶᠠ ᠬᠤᠶᠠᠷ ᠵᠢᠯ ᠤᠨ ᠴᠠᠭ ᠵᠠᠷᠤᠴᠠᠭᠤᠯᠵᠤ ᠪᠠᠶᠢᠭᠠᠳ ᠶᠡᠭᠡ ᠬᠡᠮᠵᠢᠶᠡᠨ ᠤ ᠮᠠᠲ᠋ᠧᠷᠢᠶᠠᠯ ᠴᠤᠭᠯᠠᠭᠤᠯᠤᠨ ᠰᠡᠳᠬᠢᠮᠵᠢ ᠶᠢᠨ ᠵᠢᠷᠤᠭ ᠲᠥᠯᠥᠪᠯᠡᠭᠡ ᠬᠢᠭᠰᠡᠨ ᠪᠠᠶᠢᠨ᠎ᠠ᠃    ︽ᠦᠨᠳᠦᠰᠦᠲᠡᠨ ᠨᠢᠭᠡᠪᠦᠷᠢ ᠶᠢᠨ ᠬᠤᠪᠴᠠᠰᠤ ᠵᠠᠰᠠᠯ᠂ ᠵᠠᠰᠠᠯ ᠴᠢᠮᠡᠭᠯᠡᠯ ᠢ ᠴᠥᠮ ᠮᠠᠰᠢ ᠤᠨᠴᠠᠯᠢᠭ ᠲᠠᠢ᠂ ᠵᠠᠷᠢᠮ ᠦᠨᠳᠦᠰᠦᠲᠡᠨ ᠳᠤ ᠪᠠᠰᠠ ᠥᠪᠡᠷ ᠤᠨ ᠣᠨᠴᠠᠯᠢᠭ ᠪᠦᠬᠦᠢ ᠦᠨᠳᠦᠰᠦᠲᠡᠨ ᠤ ᠴᠡᠴᠡᠭ ᠪᠠ ᠲᠣᠲ᠋ᠧᠮ ᠪᠠᠶᠢᠳᠠᠭ ᠂ ᠡᠳᠡᠭᠡᠷ ᠨᠠᠷᠢᠨ ᠵᠦᠢᠯᠡᠰ ᠢ ᠠᠯᠢ ᠴᠢᠳᠠᠬᠤ ᠪᠠᠷ ᠪᠦᠲᠦᠭᠡᠯ ᠳᠡᠭᠡᠨ ᠢᠯᠡᠷᠡᠭᠦᠯᠵᠦ᠂ ᠨᠡᠩ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠪᠠ ᠦᠨᠳᠦᠰᠦᠲᠡᠨ ᠨᠦᠭᠦᠳ ᠤᠨ ᠰᠣᠶᠣᠯ ᠢ ᠣᠶᠢᠯᠠᠭᠠᠭᠤᠯᠬᠤ ᠬᠡᠷᠡᠭᠲᠡᠢ ︾ ᠭᠡᠵᠦ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠵᠤᠤ ᠿᠢ ᠰᠢᠶᠠ ᠬᠡᠯᠡᠪᠡ᠃    ᠭᠤᠶᠢᠳᠠ ᠰᠠᠶᠢᠬᠠᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢᠶᠠᠷ ᠢᠶᠠᠨ ᠵᠤᠤ ᠿᠢ ᠰᠢᠶᠠ ᠶᠢᠨ ᠭᠠᠷ ᠤᠷᠠᠯᠠᠯ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠭᠠᠵᠠᠷ ᠨᠢ ᠮᠠᠰᠢ ᠤᠯᠠᠨ ᠴᠠᠭᠠᠰᠤᠨ ᠬᠠᠶᠢᠴᠢᠯᠠᠮᠠᠯ ᠳᠤ ᠪᠠᠭ᠋ᠠᠲᠠᠢ ᠬᠥᠮᠥᠰ ᠤᠨ ᠠᠩᠬᠠᠷᠤᠯ ᠢ ᠲᠠᠲᠠᠵᠠᠢ᠃ ᠳ᠋ᠦ᠋ ᠬᠠᠢ ᠶᠢᠩ ᠪᠣᠯ ᠳᠠᠷᠤᠢ ᠲᠡᠭᠦᠨ ᠤ ᠳᠣᠲᠣᠷᠠᠬᠢ ᠨᠢᠭᠡ ᠭᠡᠰᠢᠭᠦᠨ ᠮᠥᠨ᠂ 47 ᠨᠠᠰᠤᠲᠠᠢ ᠳ᠋ᠦ᠋ ᠬᠠᠢ ᠶᠢᠩ ᠵᠣᠣ ᠿᠢ ᠰᠢᠶᠠ ᠶᠢ ᠳᠠᠭᠠᠵᠤ ᠴᠠᠭᠠᠰᠤᠨ ᠬᠠᠶᠢᠴᠢᠯᠠᠮᠠᠯ ᠢ ᠰᠤᠷᠤᠭᠠᠳ ᠨᠢᠭᠡᠨᠲᠡ ᠨᠠᠢᠮᠠᠨ ᠵᠢᠯ ᠪᠣᠯᠵᠤ ᠪᠠᠶᠢᠨ᠎ᠠ᠂ ᠢᠯᠠᠩᠭᠤᠶ᠎ᠠ ᠠᠮᠢᠳᠤᠷᠠᠯ ᠤᠨ ᠳᠤᠮᠳᠠᠬᠢ ᠦᠵᠡᠵᠦ ᠰᠣᠨᠣᠰᠤᠭᠰᠠᠨ ᠵᠦᠢᠯ᠂ ᠪᠤᠳᠤᠵᠤ ᠰᠠᠨᠠᠭᠰᠠᠨ ᠢᠶᠠᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ ᠲᠤ ᠠᠭᠤᠰᠬᠠᠨ ᠣᠷᠣᠭᠤᠯᠵᠤ᠂ ᠴᠠᠭᠠᠰᠤᠨ ᠬᠠᠶᠢᠴᠢᠯᠠᠮᠠᠯ ᠢᠶᠠᠷ ᠰᠠᠶᠢᠨ ᠰᠠᠶᠢᠬᠠᠨ ᠠᠮᠢᠳᠤᠷᠠᠯ ᠢ ᠲᠡᠮᠳᠡᠭᠯᠡᠬᠦ ᠳᠤᠷᠠᠲᠠᠢ ᠪᠠᠶᠢᠳᠠᠭ᠃    ︽ᠰᠤᠯᠠ ᠰᠡᠯᠡᠭᠦᠦ ᠴᠠᠭ ᠲᠤ᠂ ᠪᠢᠳᠡ ᠨᠢᠭᠡ ᠳᠣᠣᠷ᠎ᠠ ᠴᠤᠭᠯᠠᠵᠤ ᠴᠠᠭᠠᠰᠤᠨ ᠬᠠᠶᠢᠴᠢᠯᠠᠮᠠᠯ ᠬᠢᠬᠦ ᠨᠢ ᠮᠠᠰᠢ ᠤᠳᠬ᠎ᠠ ᠠᠭᠤᠯᠭ᠎ᠠ  ᠲᠠᠢ᠂ ᠶᠠᠷᠢᠯᠴᠠᠵᠦ ᠢᠨᠢᠶᠡᠯᠴᠡᠬᠦ ᠨᠢ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠮᠥᠷᠲᠡᠭᠡᠨ ᠪᠠᠰᠠ ᠮᠠᠨ ᠤ ᠠᠮᠢᠳᠤᠷᠠᠯ ᠤᠨ ᠳᠤᠮᠳᠠ ᠣᠯᠵᠤ ᠦᠵᠡᠭᠰᠡᠨ ᠵᠦᠢᠯ ᠢᠶᠠᠨ ᠴᠠᠭᠠᠰᠤᠨ ᠳᠡᠭᠡᠷ᠎ᠡ ᠢᠯᠡᠷᠡᠭᠦᠯᠬᠦ ᠨᠢ ᠮᠠᠰᠢ ᠤᠳᠬ᠎ᠠ ᠠᠭᠤᠯᠭ᠎ᠠ  ᠲᠠᠢ ᠶᠤᠮ︾ ᠭᠡᠵᠦ ᠳ᠋ᠦ᠋ ᠬᠠᠢ ᠶᠢᠩ ᠬᠡᠯᠡᠪᠡ᠃    ᠤᠨᠠᠭᠠᠨ ᠪᠠᠭ᠎ᠠ ᠠᠴᠠ ᠪᠠᠨ ᠭᠡᠷ ᠪᠦᠯᠢ ᠶᠢᠨ ᠨᠥᠯᠥᠭᠡ ᠶᠢ ᠭᠥᠷᠳᠡᠵᠦ᠂ ᠵᠣᠣ ᠿᠢ ᠰᠢᠶᠠ 6 ᠨᠠᠰᠤᠨ  ᠠᠴᠠ ᠪᠠᠨ ᠡᠵᠢ ᠪᠠᠨ ᠳᠠᠭᠠᠵᠤ ᠴᠠᠭᠠᠰᠤᠨ ᠬᠠᠶᠢᠴᠢᠯᠠᠮᠠᠯ ᠢ ᠰᠤᠷᠴᠤ᠂ ᠨᠠᠰᠤᠨ ᠲᠤᠷᠰᠢᠲᠠ ᠪᠠᠨ ᠴᠠᠭᠠᠰᠤᠨ ᠬᠠᠶᠢᠴᠢᠯᠠᠮᠠᠯ ᠤᠨ ᠤᠷᠠᠯᠢᠭ ᠢ ᠤᠯᠠᠮᠵᠢᠯᠠᠬᠤ ᠪᠠᠷ ᠴᠢᠷᠮᠠᠶᠢᠵᠠᠢ᠃ ᠤᠯᠠᠨ ᠵᠢᠯ ᠤᠨ ᠲᠤᠷᠰᠢ᠂ ᠲᠡᠷᠡ ᠨᠢᠭᠡ ᠬᠠᠶᠢᠴᠢ᠂ ᠬᠡᠳᠦᠨ ᠴᠤᠯᠭᠤᠢ ᠴᠠᠭᠠᠰᠤ ᠪᠠᠷ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡ ᠶᠢ ᠴᠠᠭᠠᠰᠤᠨ ᠬᠠᠶᠢᠴᠢᠯᠠᠮᠠᠯ ᠤᠨ ᠤᠷᠠᠯᠢᠭ ᠢᠶᠠᠷ ᠲᠡᠮᠳᠡᠭᠯᠡᠵᠦ᠂ ᠠᠮᠢᠳᠤᠷᠠᠯ ᠤᠨ ᠲᠤᠬᠠᠢ ᠮᠠᠭᠲᠠᠭᠠᠯ ᠰᠠᠶᠢᠰᠢᠶᠠᠯ ᠢ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ ᠲᠤ ᠠᠭᠤᠰᠬᠠᠨ ᠣᠷᠣᠭᠤᠯᠵᠠᠢ᠂ ᠡᠳᠡᠭᠡᠷ ᠪᠦᠲᠦᠭᠡᠯ ᠤᠳ ᠨᠢ ᠰᠡᠳᠬᠢᠯ ᠳᠣᠭᠳᠣᠯᠤᠮ᠎ᠠ᠂ ᠤᠷᠮ᠎ᠠ ᠪᠠᠬ᠎ᠠ ᠪᠠᠷ ᠪᠢᠯᠬᠠᠮ᠎ᠠ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠰᠡᠳᠬᠢᠯ ᠬᠥᠳᠡᠯᠭᠡᠮ᠎ᠡ ᠰᠠᠶᠢᠨ ᠰᠠᠶᠢᠬᠠᠨ ᠦᠯᠢᠭᠡᠷ ᠤᠳ ᠢ ᠠᠮᠢᠳᠤᠯᠢᠭ ᠢᠶᠠᠷ ᠶᠠᠷᠢᠵᠤ᠂ ᠬᠥᠮᠥᠰ ᠲᠤ ᠬᠢᠵᠠᠭᠠᠯᠠᠰᠢ ᠦᠭᠡᠢ ᠭᠦᠨ ᠰᠠᠭᠤᠭᠳᠠᠯ ᠥᠭᠴᠦ᠂ ᠥᠨᠢ ᠤᠳᠠᠭᠠᠨ ᠤᠳᠬ᠎ᠠ ᠰᠠᠨᠠᠭ᠎ᠠ ᠲᠠᠢ ᠪᠣᠯᠭᠠᠭᠰᠠᠨ ᠪᠠᠶᠢᠨ᠎ᠠ᠃    ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠤᠶᠤᠯ ᠤᠨ ᠦᠪ ᠤᠨ ᠵᠠᠯᠭᠠᠮᠵᠢᠯᠠᠭᠴᠢ ᠪᠣᠯᠤᠭᠰᠠᠨ ᠤ ᠬᠤᠪᠢ ᠳᠤ᠂ ᠪᠢ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠣᠶᠢᠯᠠᠭᠠᠭᠳᠠᠬᠤᠨ ᠢ ᠪᠢᠳᠡᠨ ᠤ ᠠᠮᠢᠳᠤᠷᠠᠯ ᠳᠤ ᠠᠭᠤᠰᠬᠠᠵᠤ᠂ ᠨᠠᠩ ᠣᠯᠠᠨ ᠬᠥᠮᠥᠰ ᠢ ᠴᠠᠭᠠᠰᠤᠨ ᠬᠠᠶᠢᠴᠢᠯᠠᠮᠠᠯ ᠳᠤ ᠳᠤᠷᠠᠲᠠᠢ᠂ ᠳᠤᠮᠳᠠᠳᠤ ᠶᠢᠨ ᠤᠯᠠᠮᠵᠢᠯᠠᠯᠲᠤ ᠰᠣᠶᠣᠯ ᠳᠤ ᠳᠤᠷᠠᠲᠠᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠡᠭᠦᠷᠭᠡ ᠲᠠᠢ︾ ᠭᠡᠵᠦ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠵᠤᠤ ᠿᠢ ᠰᠢᠶᠠ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号