ᠲᠦᠴᠢᠦᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠰᠠᠨ ᠵᠢᠶᠧ ᠪᠠᠭ᠎ᠠ ᠰᠤᠷᠭᠠᠭᠤᠯᠢ ᠳᠤ ᠬᠦᠷᠴᠦ ᠬᠠᠤᠯᠢ ᠪᠠᠷ ᠵᠠᠰᠠᠬᠤ ᠲᠠᠶᠢᠯᠤᠮᠵᠢ ᠬᠢᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/23
   ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠨᠢ ᠲᠤᠭ᠎ᠠ ᠲᠣᠮᠰᠢ ᠦᠭᠡᠢ ᠭᠡᠷ ᠪᠦᠯᠢ ᠶᠢᠨ ᠡᠶ᠎ᠡ ᠵᠣᠬᠢᠴᠠᠯ ᠲᠠᠢ ᠵᠣᠯ ᠵᠢᠷᠭᠠᠯ ᠲᠠᠢ ᠬᠤᠯᠪᠣᠭᠳᠠᠬᠤ ᠪᠠᠷ ᠪᠠᠷᠠᠬᠤ ᠦᠭᠡᠢ ᠨᠡᠩ ᠴᠤ ᠤᠯᠤᠰ ᠣᠷᠣᠨ ᠤ ᠢᠷᠡᠭᠡᠳᠦᠢ ᠪᠠ ᠦᠨᠳᠦᠰᠦᠲᠡᠨ ᠤ ᠰᠡᠷᠭᠦᠨ ᠮᠠᠨᠳᠤᠯᠲᠠ ᠲᠠᠢ ᠬᠤᠯᠪᠣᠭᠳᠠᠬᠤ ᠶᠤᠮ᠃    ᠰᠠᠨ ᠵᠢᠶᠧ ᠪᠠᠭ᠎ᠠ ᠰᠤᠷᠭᠠᠭᠤᠯᠢ ᠶᠢᠨ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠯᠠᠮᠵᠢᠯᠠᠬᠤ ᠶᠢᠨ ᠲᠥᠯᠥᠭᠡ᠂ 11 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠲᠦᠴᠢᠦᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠰᠠᠨ ᠵᠢᠶᠧ ᠪᠠᠭ᠎ᠠ ᠰᠤᠷᠭᠠᠭᠤᠯᠢ ᠳᠤ ᠬᠦᠷᠴᠦ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠵᠦ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠲᠡᠪᠴᠢᠬᠦ︾ ᠬᠠᠤᠯᠢ ᠪᠠᠷ ᠵᠠᠰᠠᠬᠤ ᠲᠠᠶᠢᠯᠤᠮᠵᠢ ᠶᠢᠨ ᠠᠵᠢᠯᠯᠠᠭ᠎ᠠ ᠥᠷᠨᠢᠭᠦᠯᠵᠦ᠂ ᠪᠠᠭᠰᠢ ᠰᠤᠷᠤᠭᠴᠢᠳ ᠲᠤ ᠨᠢᠭᠡᠨ ᠭᠤᠶᠢᠳᠠ ᠰᠠᠶᠢᠬᠠᠨ ᠬᠠᠤᠯᠢ ᠪᠠᠷ ᠵᠠᠰᠠᠬᠤ ᠲᠠᠶᠢᠯᠤᠮᠵᠢ ᠶᠢᠨ ᠬᠢᠴᠢᠶᠡᠯ ᠬᠦᠷᠭᠡᠪᠡ᠃    ᠸᠠᠩ ᠰᠢᠭᠦᠭᠴᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠤᠳᠬ᠎ᠠ ᠰᠠᠨᠠᠭ᠎ᠠ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠡᠭᠦᠰᠦᠭᠰᠡᠨ ᠰᠢᠯᠲᠠᠭᠠᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠪᠠᠶᠢᠩᠭᠤ ᠲᠣᠬᠢᠶᠠᠯᠳᠤᠬᠤ ᠬᠡᠯᠪᠡᠷᠢ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠤᠣᠷ ᠬᠥᠨᠥᠭᠡᠯ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠡᠷᠬᠢᠨ ᠰᠡᠷᠭᠡᠶᠢᠯᠡᠬᠦ ᠵᠡᠷᠭᠡ ᠲᠠᠯ᠎ᠠ ᠪᠠᠷ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠳᠤᠮᠳᠠ ᠪᠠᠶᠢᠩᠭᠤ ᠲᠣᠬᠢᠶᠠᠯᠳᠤᠬᠤ ᠠᠰᠠᠭᠤᠳᠠᠯ ᠳᠤ ᠴᠢᠭᠯᠡᠭᠦᠯᠦᠨ᠂ ︽ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ︽ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠲᠠᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠣᠯᠣᠨ ᠬᠠᠮᠲᠤ ᠰᠤᠷᠤᠯᠭᠠᠲᠠᠨ ᠤ ᠡᠳᠦᠷ ᠲᠤᠲᠤᠮ ᠤᠨ ᠨᠠᠭᠠᠳᠤᠮ ᠲᠣᠭᠯᠠᠭᠠᠮ ᠤᠨ ᠢᠯᠭᠠᠭ᠎ᠠ ᠶᠢ ᠣᠶᠢᠯᠠᠭᠠᠮᠵᠢᠲᠠᠢ ᠦᠭᠡ ᠬᠡᠯᠡ ᠪᠠᠷ ᠲᠣᠳᠣᠷᠬᠠᠢ ᠪᠣᠯᠭᠠᠵᠤ᠂ ᠬᠠᠮᠲᠤ ᠰᠤᠷᠤᠯᠭᠠᠲᠠᠨ ᠢ ᠬᠠᠪᠰᠤᠷᠤᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠤᠣᠷ ᠬᠥᠨᠥᠭᠡᠯ ᠢ ᠲᠠᠨᠢᠭᠤᠯᠵᠤ᠂ ᠳᠣᠷᠣᠮᠵᠢᠯᠠᠯ ᠤᠨ ᠦᠶᠯᠡ ᠠᠵᠢᠯᠯᠠᠭ᠎ᠠ ᠶᠢ ᠵᠥᠪ ᠢᠶᠠᠷ ᠢᠯᠭᠠᠨ ᠲᠠᠨᠢᠵᠤ᠂ ᠳᠣᠷᠣᠮᠵᠢᠯᠠᠭᠴᠢᠳ ᠤᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠡᠷᠬᠢᠨ ᠠᠷᠭᠠᠴᠠᠬᠤ ᠶᠢ ᠣᠶᠢᠯᠠᠭᠠᠭᠤᠯᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠢ ᠮᠡᠳᠡᠵᠦ ᠬᠠᠤᠯᠢ ᠶᠢ ᠰᠠᠬᠢᠬᠤ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ ᠪᠣᠯᠭᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠨᠡᠮᠡᠭᠳᠡᠭᠦᠯᠦᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠲᠡᠭᠡᠭᠰᠢᠯᠡᠭᠦᠯᠦᠨ᠎ᠡ᠃    ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠳᠡᠮᠵᠢᠬᠦ ᠳᠤ ᠭᠡᠷ ᠪᠦᠯᠢ᠂ ᠰᠤᠷᠭᠠᠭᠤᠯᠢ᠂ ᠨᠡᠶᠢᠭᠡᠮ ᠤᠨ ᠨᠢᠭᠲᠠ ᠬᠠᠮᠵᠢᠯᠴᠠᠭ᠎ᠠ᠂ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠃ ᠪᠢᠳᠡ ᠬᠠᠮᠲᠤᠪᠠᠷ ᠭᠠᠷ ᠭᠠᠷ ᠢᠶᠠᠨ ᠬᠤᠯᠪᠣᠯᠴᠠᠨ᠂ ᠨᠠᠷᠢᠨ ᠨᠢᠮᠪᠠᠢ ᠲᠥᠯᠥᠪᠵᠢᠭᠦᠯᠵᠦ᠂ ᠨᠠᠷᠢᠨ ᠨᠢᠮᠪᠠᠢ ᠬᠡᠷᠡᠭᠵᠢᠭᠦᠯᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ᠂ ᠪᠠᠶᠠᠷ ᠪᠠᠶᠠᠰᠬᠤᠯᠠᠩ ᠲᠠᠢ ᠰᠤᠷᠤᠯᠴᠠᠬᠤ ᠳᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠪᠠᠶᠢᠭᠤᠯᠵᠤ ᠦᠭᠭᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号