ᠲᠣᠭᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠤᠯᠠᠭᠠᠨᠮᠥ᠋ᠴᠢᠷ ᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2023/11/26
   2022 ᠣᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠤᠯᠠᠭᠠᠨᠮᠥ᠋ᠴᠢᠷ ᠤᠨ ︽ᠰᠤᠷᠤᠯᠴᠠᠯᠭ᠎ᠠ · ᠡᠭᠦᠳᠦᠯᠲᠡ · ᠲᠣᠭᠯᠠᠯᠲᠠ︾ ᠶᠢᠨ ᠠᠵᠢᠯ ᠢ ᠠᠬᠢᠭᠤᠯᠤᠨ ᠬᠡᠷᠡᠭᠵᠢᠭᠦᠯᠵᠦ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠰᠤᠷᠤᠯᠴᠠᠯᠭ᠎ᠠ ᠪᠣᠯᠪᠠᠰᠤᠷᠠᠭᠤᠯᠤᠯ᠂ ᠠᠭᠤᠯᠭ᠎ᠠ ᠵᠢᠨ‌ᠵᠤᠬᠢᠶᠠᠨ ᠪᠦᠳᠦᠭᠡᠬᠦ᠂ ᠲᠣᠭᠯᠠᠯᠲᠠ ᠶᠢᠨ ᠦᠢᠯᠡᠴᠢᠯᠡᠭᠡ ᠵᠡᠷᠭᠡ ᠭᠤᠷᠪᠠᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠤᠯᠠᠭᠠᠨᠮᠥ᠋ᠴᠢᠷ ᠤᠨ ᠪᠠᠶᠢᠭᠤᠯᠤᠯᠲᠠ ᠶᠢᠨ ᠰᠢᠰᠲ᠋ᠧᠮᠵᠢᠯᠲᠡ᠂ ᠵᠣᠬᠢᠶᠠᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
   ᠣᠶᠢᠷ᠎ᠠ ᠶᠢᠨ ᠬᠡᠳᠦᠨ ᠡᠳᠦᠷ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠭᠡᠰᠢᠭᠦᠳ ᠪᠦᠬᠦ ᠣᠷᠣᠨ ᠤ ᠤᠯᠠᠭᠠᠨᠮᠥ᠋ᠴᠢᠷ ᠤᠨ ᠰᠢᠨ᠎ᠡ ᠡᠭᠦᠳᠦᠯᠲᠡ ᠶᠢᠨ ᠪᠦᠲᠦᠭᠡᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠵᠡᠭᠦᠯᠦᠯᠭᠡ ᠶᠢᠨ ᠲᠣᠭᠯᠠᠯᠲᠠ ᠭᠠᠷᠭᠠᠵᠤ ᠪᠤᠢ᠃ ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠳᠤ᠂ ᠦᠵᠡᠭᠳᠡᠯᠲᠦ ᠵᠦᠴᠦᠭᠡ ︽ᠪᠤᠩᠬᠤᠨ ᠢ ᠰᠠᠬᠢᠭᠰᠠᠨ ᠠᠬᠠᠮᠠᠳ ᠴᠡᠷᠢᠭ︾᠂ ᠪᠥᠵᠢᠭ ︽ᠬᠥᠳᠡᠭᠡ ᠲᠠᠯ᠎ᠠ ᠳᠤ ᠮᠥᠩᠬᠡ ᠶᠢᠨ ᠨᠠᠷᠠ ᠮᠠᠨᠳᠤᠯ᠎ᠠ︾ ᠵᠡᠷᠭᠡ ᠪᠦᠲᠦᠭᠡᠯ ᠲᠡᠰ ᠳᠠᠷᠠᠭᠠᠯᠠᠨ ᠢᠯᠡᠷᠡᠵᠦ᠂ ᠭᠡᠰᠢᠭᠦᠳ ᠤᠨ ᠲᠣᠭᠯᠠᠯᠲᠠ ᠶᠢᠨ ᠬᠦᠭ ᠠᠶᠢᠵᠠᠮ ᠬᠠᠩᠭᠢᠨᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ︽ᠰᠤᠷᠬᠤ · ᠡᠭᠦᠳᠬᠦ · ᠲᠣᠭᠯᠠᠬᠤ︾ ᠠᠵᠢᠯ ᠤᠨ ᠬᠠᠮᠤᠭ ᠰᠢᠨ᠎ᠡ ᠦᠷ᠎ᠡ ᠪᠦᠲᠦᠭᠡᠯ ᠢ ᠳᠡᠯᠭᠡᠨ ᠦᠵᠡᠭᠦᠯᠵᠦ ᠪᠠᠶᠢᠯ᠎ᠠ᠃
   ︽ᠪᠥᠬᠦ ᠣᠷᠣᠨ ᠤ ᠤᠯᠠᠭᠠᠨᠮᠥ᠋ᠴᠢᠷ ᠤᠨ ︿ᠰᠤᠷᠤᠯᠴᠠᠬᠤ · ᠡᠭᠦᠳᠬᠦ · ᠲᠣᠭᠯᠠᠬᠤ﹀ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠬᠡᠯᠪᠡᠷᠢ ᠨᠢ ᠣᠯᠠᠨ ᠶᠠᠩᠵᠤ ᠶᠢᠨ᠂ ᠶᠣᠭᠲᠠ ᠤᠳᠬ᠎ᠠ ᠨᠢ ᠭᠦᠨ ᠤᠳᠬ᠎ᠠ ᠠᠭᠤᠯᠭ᠎ᠠ ᠲᠠᠢ ᠤᠷᠠᠨ ᠰᠠᠶᠢᠬᠠᠨ ᠤ ᠪᠦᠲᠦᠭᠡᠯ ᠣᠯᠠᠨ ᠪᠣᠶ᠂ ᠵᠢᠱᠢᠶᠡᠯᠡᠪᠡᠯ ᠬᠤᠪᠢᠰᠬᠠᠯ ᠤᠨ ᠰᠡᠳᠦᠪ ᠲᠠᠢ ︽ᠵᠠᠩ ᠼᠧ ᠰᠥᠨᠢ ᠪᠠᠷ ᠶᠠᠷᠢᠯᠴᠠᠭᠰᠠᠨ︾᠂ ᠪᠠᠰᠠ ᠤᠯᠤᠰ ᠤᠨ ᠠᠮᠤᠷ ᠲᠦᠪᠰᠢᠨ ᠤ ᠰᠡᠳᠦᠪ ᠲᠠᠢ ᠪᠦᠲᠦᠭᠡᠯ ︽ᠬᠡᠯᠡᠵᠦ ᠪᠣᠯᠣᠰᠢ ᠦᠭᠡᠢ ᠨᠢᠭᠤᠴᠠ︾ ᠵᠡᠷᠭᠡ ᠪᠣᠶ᠂ ᠪᠢᠳᠡ ᠪᠠᠰᠠ ᠦᠨᠳᠦᠰᠦᠨ ᠱᠠᠲᠤᠨ ᠤ ᠲᠣᠭᠯᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ ᠡᠲᠡᠭᠡᠷ ᠪᠦᠲᠦᠭᠡᠯ ᠢ ᠦᠵᠡᠭᠴᠢᠳ ᠲᠤ ᠲᠠᠰᠤᠷᠠᠯᠲᠠ ᠦᠭᠡᠢ ᠦᠵᠡᠭᠦᠯᠵᠦ ᠪᠠᠶᠢᠨ᠎ᠠ︾ ᠭᠡᠵᠦ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠵᠢᠭᠠᠨ ᠵᠢᠯᠣᠭᠤᠳᠤᠭᠴᠢ ᠮᠠ ᠶᠢᠨ ᠳ᠋ᠦᠩ ᠲᠠᠨᠢᠯᠴᠠᠭᠤᠯᠤᠨ ᠬᠡᠯᠡᠪᠡ᠃
   ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠠᠷᠠᠳ ᠤᠯᠠᠨ ᠳᠤ ᠦᠢᠯᠡᠴᠢᠯᠡᠨ᠎ᠡ᠃ ᠲᠦᠴᠢᠦᠸᠠᠨ ᠰᠢᠶᠠᠨ ᠤ ᠤᠯᠠᠭᠠᠨᠮᠥ᠋ᠴᠢᠷ ᠵᠢᠯ ᠪᠦᠷᠢ ᠵᠠᠭᠤ ᠭᠠᠷᠤᠢ ᠲᠠᠯᠠᠪᠠᠢ ᠬᠥᠳᠡᠭᠡ ᠪᠠᠭᠤᠵᠤ ᠲᠣᠭᠯᠠᠯᠲᠠ ᠭᠠᠷᠭᠠᠵᠤ᠂ ᠪᠦᠬᠦ ᠰᠢᠶᠠᠨ ᠤ 9 ᠰᠢᠶᠠᠩ ᠪᠠᠯᠭᠠᠰᠤᠨ ᠤ 188 ᠵᠠᠰᠠᠭ ᠵᠠᠬᠢᠷᠭᠠᠨ ᠤ ᠲᠣᠰᠬᠤᠨ ᠳᠤ ᠤᠯᠠ ᠮᠥᠷ ᠲᠦᠭᠡᠵᠦ ᠪᠤᠢ᠃ ︽ᠲᠠᠯ᠎ᠠ ᠨᠤᠲᠤᠭ ᠲᠤ ᠦᠨᠳᠦᠰᠦᠯᠡᠵᠦ᠂ ᠨᠠᠮ ᠢᠶᠠᠨ ᠪᠤᠳᠤᠵᠤ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠰᠢᠨ᠎ᠡ ᠭᠠᠪᠢᠶ᠎ᠠ ᠪᠠᠶᠢᠭᠤᠯᠬᠤ︾ ︽ᠪᠠᠶᠠᠷ ᠪᠠᠶᠠᠰᠤᠯ ᠪᠣᠯᠪᠠᠰᠤᠨ ᠢ ᠬᠦᠷᠭᠡᠬᠦ︾ ︽ᠵᠠᠭᠤᠨ ᠪᠦᠯᠬᠦᠮ ᠮᠢᠩᠭᠠᠨ ᠲᠠᠯᠠᠪᠤᠷ ᠦᠨᠳᠦᠰᠦᠨ ᠱᠠᠲᠤᠨ ᠳᠤ ᠪᠠᠭᠤᠬᠤ︾ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠤ ᠳᠤᠮᠳᠠ ᠣᠴᠢᠬᠤ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠠᠶᠠᠷ ᠪᠠᠶᠠᠰᠤᠯ ᠪᠠ ᠪᠣᠯᠪᠠᠰᠤᠨ ᠢ ᠦᠨᠳᠦᠰᠦᠨ ᠱᠠᠲᠤᠨ ᠳᠤ ᠬᠦᠷᠭᠡᠪᠡ᠃
   ︽ᠡᠨᠡ ᠵᠢᠯ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠬᠢᠨ ᠦᠨᠳᠦᠰᠦᠨ ᠱᠠᠲᠤᠨ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ ᠰᠣᠶᠣᠯ ᠤᠨ ᠱᠤᠭᠤᠮ ᠳᠣᠣᠷᠠᠬᠢ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠨᠡᠶᠢᠲᠡ 100 ᠭᠠᠷᠤᠢ ᠲᠠᠯᠠᠪᠤᠷ ᠲᠤᠭᠯᠠᠵᠤ᠂ ᠦᠵᠡᠭᠴᠢᠳ ᠲᠤ ᠨᠡᠶᠢᠲᠡ 5 ᠲᠦᠮᠡ ᠭᠠᠷᠤᠢ ᠦᠢᠯᠡᠴᠢᠯᠡᠭᠰᠡᠨ ᠪᠠᠶᠢᠨ᠎ᠠ︾᠃ ᠭᠡᠵᠦ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠳᠡᠳ᠋ ᠳᠠᠷᠤᠭ᠎ᠠ ᠵᠠᠩ ᠵᠢᠩ ᠬᠡᠯᠡᠪᠡ᠃
   ᠡᠨᠡ ᠵᠢᠯ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠢ ᠲᠥᠪᠯᠡᠷᠡᠭᠦᠯᠦᠨ ᠪᠣᠯᠪᠠᠰᠤᠷᠠᠭᠤᠯᠬᠤ᠂ ᠲᠤᠰᠬᠠᠢ ᠵᠦᠢᠯ ᠢᠶᠠᠷ ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠠᠭᠠᠨᠮᠥ᠋ᠴᠢᠷ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠠᠭᠠᠨᠮᠥ᠋ᠴᠢᠷ ᠤᠨ ᠭᠡᠰᠢᠭᠦᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ᠂ ᠠᠶᠢᠯ ᠲᠣᠰᠬᠤᠨ ᠳᠤ ᠭᠦᠨᠵᠡᠭᠡᠶᠢᠷᠡᠭᠦᠯᠦᠨ ᠨᠢᠭᠡ ᠨᠢᠭᠡ ᠪᠠᠷ᠂ ᠴᠡᠭ ᠢᠶᠠᠷ ᠴᠡᠭ ᠲᠤᠨᠢ ᠵᠢᠯᠣᠭᠤᠳᠤᠯᠭ᠎ᠠ ᠬᠢᠯᠭᠡᠵᠡᠢ᠃    ᠤᠳᠬ᠎ᠠ ᠤᠷᠠᠯᠢᠭ ᠲᠤ ᠪᠠᠭ᠋ᠠᠲᠠᠢ ᠲᠠᠷᠢᠶᠠᠴᠢᠳ ᠲᠤ ᠨᠡᠩ ᠡᠯᠪᠡᠭ ᠪᠠᠶᠠᠯᠢᠭ ᠰᠣᠶᠣᠯ ᠤᠨ ᠦᠢᠯᠡᠴᠢᠯᠡᠭᠡ ᠬᠦᠷᠲᠡᠭᠡᠵᠦ᠂ ᠤᠯᠠᠨ ᠲᠦᠮᠡᠨ ᠢ ᠬᠥᠳᠡᠭᠡ ᠲᠣᠰᠬᠤᠨ ᠤ ᠤᠳᠬ᠎ᠠ ᠤᠷᠠᠯᠢᠭ ᠤᠨ ᠲᠠᠪᠴᠠᠩ ᠤᠨ ᠲᠥᠪ ᠲᠤ ᠣᠷᠣᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ︽ᠰᠣᠶᠣᠯ ᠤᠨ ᠲᠣᠰᠬᠤᠨ ᠤ ᠳᠠᠷᠤᠭ᠎ᠠ ᠶᠢᠨ ᠠᠵᠢᠯᠯᠠᠭ᠎ᠠ︾ ᠨᠢ ᠪᠠᠰᠠ ︽ᠠᠷᠠᠳ ᠲᠦᠮᠡᠨ ᠤ ᠲᠥᠯᠥᠭᠡ ᠪᠥᠵᠢᠭᠯᠡᠬᠦ︾᠂ ︽ᠲᠣᠰᠬᠤᠨ ᠤ ᠳᠠᠭᠤᠤ ᠬᠠᠩᠭᠢᠨᠠᠬᠤ︾ ᠵᠡᠷᠭᠡ ᠤᠳᠬ᠎ᠠ ᠤᠷᠠᠯᠢᠭ ᠤᠨ ᠤᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠲᠤᠰᠬᠠᠶᠢᠯᠠᠨ ᠲᠥᠰᠥᠪᠯᠡᠨ ᠭᠠᠷᠭᠠᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号