ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠰᠢᠨᠵᠢᠯᠡᠨ ᠪᠠᠶᠢᠴᠠᠭᠠᠵᠤ ᠰᠤᠷᠤᠯᠴᠠᠬᠤ ᠶᠢᠨ ᠬᠠᠮᠲᠤ ᠪᠠᠭᠰᠢ ᠶᠢᠨ ᠰᠤᠷᠭᠠᠭᠤᠯᠢ ᠶᠢᠨ ᠣᠶᠤᠲᠠᠳ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠢ ᠬᠠᠮᠲᠤᠪᠠᠷ ᠪᠠᠶᠢᠭᠤᠯᠬᠤ ᠵᠦᠪᠯᠡᠯᠴᠡᠭᠡᠷ ᠲᠤᠭᠳᠠᠵᠠᠢ
ᠨᠡᠶᠢᠲᠡᠯᠡᠭᠰᠡᠨ ᠴᠠᠭ᠄
2023/11/28
   ᠰᠤᠷᠭᠠᠨ ᠬᠥᠮᠦᠵᠢᠯ ᠤᠨ ᠰᠢᠰᠲ᠋ᠧᠮ ᠤᠨ ᠬᠠᠮᠲᠤᠷᠠᠯᠴᠠᠭ᠎ᠠ ᠪᠠ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠶᠠᠨ ᠤ ᠬᠡᠪᠴᠢᠶᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 22 ᠤᠨ ᠡᠳᠦᠷ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠦᠦ ᠬᠤᠩ ᠶᠢᠩ ᠪᠦᠯᠬᠦᠮ ᠳᠠᠭᠠᠭᠤᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ᠃    ᠬᠤᠶᠠᠷ ᠲᠠᠯ᠎ᠠ ᠪᠠᠷ ᠢᠶᠠᠨ ᠳᠠᠳᠤᠯᠭ᠎ᠠ ᠶᠢᠨ ᠰᠠᠭᠤᠷᠢᠨ ᠢ ᠡᠭᠦᠳᠦᠨ ᠪᠠᠶᠢᠭᠤᠯᠬᠤ᠂ ᠪᠠᠭᠰᠢ ᠶᠢᠨ ᠪᠣᠯᠪᠠᠰᠤᠷᠠᠯ ᠵᠡᠷᠭᠡ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭ᠎ᠠ᠂ ᠰᠤᠷᠭᠠᠨ ᠬᠥᠮᠦᠵᠢᠯ ᠤᠨ ᠴᠢᠳᠠᠪᠤᠷᠢ ᠣᠯᠭᠤᠬᠤ ᠲᠠᠯ᠎ᠠ ᠪᠠᠷ ᠭᠦᠨᠵᠡᠭᠡᠢ ᠵᠣᠯᠭᠠᠭᠤᠯᠤᠨ ᠰᠣᠯᠢᠯᠴᠠᠬᠤ ᠶᠢᠨ ᠬᠠᠮᠲᠤ ᠪᠠᠭᠰᠢ ᠶᠢᠨ ᠰᠤᠷᠭᠠᠭᠤᠯᠢ ᠶᠢᠨ ᠣᠶᠤᠲᠠᠳ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠢ ᠬᠠᠮᠲᠤᠪᠠᠷ ᠪᠠᠶᠢᠭᠤᠯᠬᠤ ᠵᠥᠪᠯᠡᠯᠴᠡᠭᠡᠷ ᠲᠤ ᠠᠮᠵᠢᠯᠲᠠ ᠲᠠᠢ ᠭᠠᠷ ᠤᠨ ᠦᠰᠦᠭ ᠵᠢᠷᠤᠪᠠ᠃ ᠬᠤᠶᠠᠷ ᠲᠠᠯ᠎ᠠ ᠪᠠᠷ ᠢᠶᠠᠨ ᠡᠭᠦᠨ ᠢᠶᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠠᠭᠰᠢ ᠶᠢᠨ ᠮᠡᠷᠭᠡᠵᠢᠯ ᠤᠨ ᠣᠶᠤᠲᠠᠳ ᠢ ᠬᠥᠮᠥᠵᠢᠭᠦᠯᠬᠦ ᠠᠵᠢᠯ ᠢ ᠬᠠᠮᠲᠤᠪᠠᠷ ᠠᠬᠢᠭᠤᠯᠤᠨ᠎ᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠡᠮᠵᠢᠯᠭᠡ ᠶᠢ ᠠᠰᠢᠭᠯᠠᠨ᠂ ᠲᠦᠴᠢᠦᠸᠠᠨ ᠰᠢᠶᠠᠨ ᠤ ᠪᠠᠭᠰᠢ ᠶᠢᠨ ᠮᠡᠷᠭᠡᠵᠢᠯ ᠤᠨ ᠣᠶᠤᠲᠠᠳ ᠲᠤ ᠨᠠᠩ ᠰᠢᠯᠢᠳᠡᠭ ᠦᠢᠯᠡᠳᠦᠯᠭᠡ ᠶᠢᠨ ᠰᠤᠷᠭᠠᠨ ᠬᠥᠮᠦᠵᠢᠯ ᠤᠨ ᠲᠠᠪᠴᠠᠩ ᠬᠠᠩᠭᠠᠵᠤ᠂ ᠨᠠᠩ ᠣᠯᠠᠨ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠥᠵᠢᠭᠦᠯᠦᠨ᠎ᠡ᠃    ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠰᠤᠷᠤᠯᠴᠠᠬᠤ ᠠᠵᠢᠯᠯᠠᠭ᠎ᠠ ᠨᠢ ᠪᠢᠳᠡᠨ ᠤ ᠲᠤᠷᠰᠢᠯᠭ᠎ᠠ ᠶᠢᠨ ᠨᠥᠭᠡᠴᠡ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠦᠢᠯᠡᠰ ᠲᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠣᠯᠭᠤᠭᠰᠠᠨ ᠪᠠᠶᠢᠨ᠎ᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠠᠮᠲᠤ ᠪᠠᠷ ᠪᠠᠶᠢᠭᠤᠯᠤᠭᠰᠠᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠨᠢ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠥᠯᠥᠭᠡᠢ ᠪᠠ ᠰᠢᠨ᠎ᠡ ᠶᠢ ᠡᠭᠦᠳᠬᠦ ᠰᠤᠷᠭᠠᠨ ᠬᠥᠮᠦᠵᠢᠯ ᠤᠨ ᠥᠯᠢᠭᠡᠷ ᠵᠢᠱᠢᠶ᠎ᠡ ᠪᠣᠯᠬᠤ ᠶᠢ ᠪᠢᠳᠡ ᠢᠲᠡᠭᠡᠵᠦ ᠪᠠᠶᠢᠨ᠎ᠠ᠃ ᠡᠭᠦᠨ ᠤ ᠵᠡᠷᠭᠡᠴᠡᠭᠡᠪᠡᠷ᠂ ᠪᠢᠳᠡ ᠪᠠᠰᠠ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠪᠠ ᠲᠠᠪᠰᠢᠯᠳᠠ ᠶᠢ ᠲᠠᠰᠤᠷᠠᠯᠳᠠ ᠦᠭᠡᠢ ᠲᠦᠯᠬᠢᠨ ᠠᠬᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号