ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠡᠭᠡᠵᠢᠩ ᠬᠤᠳᠠ ᠶᠢᠨ ᠹᠠᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ᠂ ᠥᠪᠥᠷ ᠮᠣᠩᠭᠤᠯ ᠤᠨ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ ᠭᠦᠨᠵᠡᠭᠡᠢ ᠰᠣᠯᠢᠯᠴᠠᠨ ᠰᠤᠷᠤᠯᠴᠠᠵᠠᠢ
ᠨᠡᠶᠢᠲᠡᠯᠡᠭᠰᠡᠨ ᠴᠠᠭ᠄
2023/11/28
   11 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠬᠤᠩ ᠶᠢᠩ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠹᠠᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠳᠤ ᠬᠦᠷᠴᠦ ᠪᠡᠭᠡᠵᠢᠩ ᠦᠪᠦᠷ ᠮᠣᠩᠭᠤᠯ ᠤᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠵᠤ᠂ ᠨᠢᠭᠡ ᠤᠳᠠᠭᠠᠨ ᠤ ᠶᠡᠷᠦ ᠪᠤᠰᠤ ᠶᠢᠨ ᠤᠳᠬ᠎ᠠ ᠠᠭᠤᠯᠭ᠎ᠠ ᠲᠠᠢ ᠰᠣᠯᠢᠯᠴᠠᠭ᠎ᠠ ᠰᠤᠷᠤᠯᠴᠠᠯᠭ᠎ᠠ ᠶᠢᠨ ᠠᠶᠠᠯᠠᠯ ᠬᠢᠵᠡᠢ᠃ ᠡᠨᠡ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠨᠢ ᠬᠤᠶᠠᠷ ᠲᠠᠯ᠎ᠠ ᠶᠢᠨ ᠨᠥᠬᠦᠷᠯᠡᠯ ᠪᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃    ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠬᠢᠴᠢᠶᠡᠯ ᠤᠨ ᠪᠠᠶᠢᠭᠤᠯᠤᠯᠲᠠ᠂ ᠵᠢᠭᠠᠨ ᠰᠤᠷᠭᠠᠯᠲᠠ ᠵᠢᠭᠠᠨ ᠰᠤᠷᠭᠠᠬᠤ ᠰᠤᠳᠤᠯᠭᠠᠨ᠂ ᠰᠢᠨ᠎ᠡ ᠮᠠᠶ᠋ᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠡᠳᠦᠪ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠭᠡᠷ ᠪᠦᠯᠢ ᠪᠠ ᠰᠤᠷᠭᠠᠭᠤᠯᠢ ᠬᠠᠮᠵᠢᠯᠴᠠᠨ ᠬᠥᠮᠥᠨ ᠬᠥᠮᠥᠵᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠲᠠᠯ᠎ᠠ ᠶᠢᠨ ᠲᠣᠭᠤᠷᠢᠨ ᠳᠤ ᠬᠤᠶᠠᠷ ᠲᠠᠯ᠎ᠠ ᠪᠠᠷ ᠢᠶᠠᠨ ᠭᠦᠨᠵᠡᠭᠡᠢ ᠰᠣᠯᠢᠯᠴᠠᠭ᠎ᠠ ᠪᠠ ᠰᠤᠳᠤᠯᠤᠨ ᠶᠠᠷᠢᠯᠴᠠᠭ᠎ᠠ ᠥᠷᠨᠢᠭᠦᠯᠪᠡ᠃ ᠶᠠᠷᠢᠯᠴᠠᠵᠤ ᠰᠣᠯᠢᠯᠴᠠᠬᠤ ᠳᠤᠮᠳᠠ᠂ ᠬᠤᠶᠠᠷ ᠲᠠᠯ᠎ᠠ ᠪᠠᠷ ᠢᠶᠠᠨ ᠥᠪᠡᠷ ᠥᠪᠡᠷ ᠤᠨ ᠲᠤᠷᠰᠢᠯᠭ᠎ᠠ ᠪᠠ ᠠᠷᠭ᠎ᠠ ᠪᠠᠨ ᠬᠤᠪᠢᠶᠠᠯᠴᠠᠵᠤ᠂ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠤᠨ ᠠᠵᠢᠯ ᠳᠤ ᠨᠠᠩ ᠭᠦᠨᠵᠡᠭᠡᠢ ᠣᠶᠢᠯᠠᠭᠠᠯᠲᠠ ᠲᠠᠢ ᠪᠣᠯᠤᠭᠰᠠᠨ ᠢᠶᠠᠷ ᠪᠠᠷᠠᠬᠤ ᠦᠭᠡᠢ᠂ ᠪᠠᠰᠠ ᠥᠪᠡᠷ ᠥᠪᠡᠷ ᠤᠨ ᠲᠤᠯᠭᠠᠷᠠᠵᠤ ᠪᠠᠶᠢᠭ᠎ᠠ ᠠᠰᠠᠭᠤᠳᠠᠯ ᠢᠶᠠᠨ ᠰᠢᠢᠳᠪᠦᠷᠢᠯᠡᠬᠦ ᠳᠤ ᠰᠢᠨ᠎ᠡ ᠰᠡᠳᠬᠢᠴᠡ ᠪᠠ ᠠᠷᠭ᠎ᠠ ᠶᠢ ᠬᠠᠩᠭᠠᠭᠰᠠᠨ ᠪᠠᠶᠢᠨ᠎ᠠ᠃    ᠶᠠᠷᠢᠯᠴᠠᠵᠤ ᠰᠣᠯᠢᠯᠴᠠᠬᠤ ᠠᠴᠠ ᠭᠠᠳᠠᠨ᠎ᠠ ᠪᠠᠰᠠ ᠰᠤᠷᠭᠠᠭᠤᠯᠢ ᠳᠤ ᠣᠷᠣᠵᠤ ᠲᠣᠭᠤᠷᠢᠨ ᠦᠵᠡᠬᠦ ᠬᠡᠯᠪᠡᠷᠢ ᠪᠠᠷ ᠹᠠᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ᠂ ᠪᠠᠭᠰᠢ ᠶᠢᠨ ᠳᠠᠪᠲᠠᠨ ᠪᠣᠯᠪᠠᠰᠤᠷᠠᠬᠤ ᠰᠤᠷᠭᠠᠭᠤᠯᠢ᠂ ᠪᠡᠭᠡᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ᠂ ᠬᠤᠶᠠᠳᠤᠭᠠᠷ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠯᠢᠶᠠᠩᠰᠢᠶᠠᠩ ᠤᠨ ᠬᠠᠷᠢᠶᠠᠲᠤ ᠳᠤᠮᠳᠠᠳᠤ ᠰᠤᠷᠭᠠᠭᠤᠯᠢ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠵᠤ ᠰᠤᠷᠤᠯᠴᠠᠵᠤ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠳᠠᠲᠠᠢ ᠶᠠᠪᠤᠳᠠᠯ ᠪᠣᠯᠣᠨ ᠰᠠᠨᠠᠮᠵᠢ ᠶᠢ ᠠᠩᠬ᠎ᠠ ᠠᠯᠬᠤᠮ ᠲᠣᠭᠲᠠᠭᠠᠵᠤ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠰᠢᠨ᠎ᠡ ᠵᠠᠭᠪᠤᠷ ᠢ ᠰᠤᠳᠤᠯᠤᠨ ᠶᠠᠷᠢᠯᠴᠠᠪᠠ᠃    11 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠪᠦᠦ ᠬᠤᠩ ᠶᠢᠩ ᠳᠡᠳ᠋ ᠰᠢᠶᠠᠨ ᠤ ᠳᠠᠷᠤᠭ᠎ᠠ ᠶᠢᠨ ᠳᠠᠭᠠᠭᠤᠯᠭ᠎ᠠ ᠳᠣᠣᠷ᠎ᠠ᠂ ᠥᠪᠥᠷ ᠮᠣᠩᠭᠤᠯ ᠤᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠮᠠᠨᠵᠤ ᠦᠨᠳᠦᠰᠦᠲᠡᠨ ᠤ ᠪᠠᠭ᠎ᠠ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ᠂ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠵᠢᠴᠢ ᠰᠤᠷᠭᠠᠨ ᠬᠥᠮᠦᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠭᠯᠡᠯ ᠳᠤ ᠰᠠᠶᠢᠨ ᠯᠠᠪᠯᠠᠯᠲᠠ ᠬᠠᠩᠭᠠᠪᠠ᠃    ᠲᠣᠰ ᠤᠳᠠᠭᠠᠨ ᠤ ᠰᠣᠯᠢᠯᠴᠠᠭ᠎ᠠ ᠰᠤᠷᠤᠯᠴᠠᠯᠭ᠎ᠠ ᠶᠢᠨ ᠠᠵᠢᠯᠯᠠᠭ᠎ᠠ ᠨᠢ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠬᠠᠮᠢᠶᠠᠷᠤᠯᠲᠠ ᠶᠢᠨ ᠲᠤᠷᠰᠢᠯᠭ᠎ᠠ ᠶᠢᠨ ᠲᠠᠯ᠎ᠠ ᠪᠠᠷ ᠬᠠᠷᠢᠯᠴᠠᠨ ᠯᠠᠪᠯᠠᠯᠲᠠ ᠪᠠ ᠰᠡᠩᠬᠡᠷᠡᠭᠦᠯᠦᠯ ᠠᠪᠴᠢᠷᠠᠭᠰᠠᠨ ᠢᠶᠠᠷ ᠪᠠᠷᠠᠬᠤ ᠦᠭᠡᠢ᠂ ᠨᠠᠩ ᠴᠢᠬᠤᠯᠠ ᠨᠢ ᠬᠤᠶᠠᠷ ᠲᠠᠯ᠎ᠠ ᠶᠢᠨ ᠨᠥᠬᠦᠷᠯᠡᠯ ᠪᠠ ᠬᠠᠮᠲᠤᠷᠠᠯᠴᠠᠭ᠎ᠠ ᠶᠢ ᠵᠤᠵᠠᠭᠠᠳᠬᠠᠵᠤ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠦᠢᠯᠡᠰ ᠲᠤ ᠨᠠᠩ ᠶᠡᠭᠡ ᠬᠠᠮᠲᠤᠷᠠᠯᠴᠠᠭᠠᠨ ᠤ ᠣᠷᠣᠨ ᠵᠠᠢ ᠪᠠ ᠬᠥᠭᠵᠢᠯᠲᠡ ᠶᠢᠨ ᠠᠵᠠ ᠲᠣᠬᠢᠶᠠᠯ ᠬᠠᠩᠭᠠᠭᠰᠠᠨ ᠪᠠᠶᠢᠨ᠎ᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠦᠢᠯᠡᠰ ᠨᠡᠩ ᠰᠠᠶᠢᠨ ᠰᠠᠶᠢᠬᠠᠨ ᠢᠷᠡᠭᠡᠳᠦᠢ ᠪᠠᠨ ᠤᠭᠲᠤᠨ ᠠᠪᠴᠢᠷᠠᠬᠤ ᠶᠢ ᠢᠲᠡᠭᠡᠵᠦ ᠪᠠᠶᠢᠨ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号