ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠪᠡᠯᠡᠳᠭᠡᠵᠦ ᠲᠦᠴᠢᠦᠸᠠᠨ ᠰᠢᠶᠠᠨ ᠳᠤ ᠮᠥᠰᠥ ᠴᠠᠰᠤᠨ ᠤ ᠬᠠᠯᠠᠭᠤᠨ ᠥᠷᠨᠢᠯᠲᠡ ᠭᠠᠷᠭᠠᠪᠠ
ᠨᠡᠶᠢᠲᠡᠯᠡᠭᠰᠡᠨ ᠴᠠᠭ᠄
2023/11/3
   ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤᠯᠠᠮ ᠠᠴᠠ ᠤᠯᠠᠮ ᠣᠶᠢᠷᠠᠲᠤᠬᠤ ᠶᠢ ᠳᠠᠭᠠᠯᠳᠤᠨ᠂ ᠬᠡᠳᠦᠶᠢᠪᠡᠷ ᠴᠠᠰᠤᠨ ᠤ ᠤᠯᠠᠷᠢᠯ ᠪᠣᠯᠤᠭ᠎ᠠ ᠥᠬᠡᠶ ᠪᠣᠯᠪᠠᠴᠤ᠂ ᠮᠥᠰᠥ ᠴᠠᠰᠤᠨ ᠤ ᠬᠥᠳᠡᠯᠭᠡᠭᠡᠨ ᠤ ᠬᠠᠯᠠᠭᠤᠨ ᠤ ᠬᠡᠮᠵᠢᠶ᠎ᠡ ᠨᠢᠭᠡᠨᠲᠡ ᠲᠦᠴᠢᠦᠸᠠᠨ ᠰᠢᠶᠠᠨ ᠳᠤ ᠠᠭᠠᠵᠢᠮ ᠢᠶᠠᠷ ᠳᠡᠭᠡᠭᠰᠢᠯᠡᠭᠰᠡᠨ ᠪᠠᠶᠢᠨ᠎ᠠ᠃    ᠲᠦᠴᠢᠦᠸᠠᠨ ᠰᠢᠶᠠᠨ ᠤ ᠲᠦᠷᠭᠡᠨ ᠲᠡᠰᠢᠯᠲᠡ ᠶᠢᠨ ᠣᠷᠳᠣᠨ ᠳᠤ ᠣᠷᠣᠬᠤ ᠳᠤ᠂ ᠲᠦᠴᠢᠦᠸᠠᠨ ᠰᠢᠶᠠᠨ ᠤ ᠪᠠᠭᠠᠴᠤᠳ ᠬᠡᠦᠬᠡᠳ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠲᠦᠷᠭᠡᠨ ᠲᠡᠰᠢᠯᠲᠡ ᠶᠢᠨ ᠠᠩᠭᠢ ᠶᠠᠭ ᠠᠳᠡ ᠲᠤᠰᠬᠠᠶ ᠮᠡᠷᠭᠡᠵᠢᠯ ᠤᠨ ᠪᠠᠭᠰᠢ ᠶᠢᠨ ᠪᠣᠯᠪᠠᠰᠤᠷᠠᠯ ᠢ ᠬᠦᠷᠲᠡᠵᠦ᠂ ᠬᠡᠦᠬᠡᠳ ᠤᠳ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠳᠤ ᠮᠠᠰᠢ ᠶᠡᠭᠡ ᠳᠤᠷ᠎ᠠ ᠰᠣᠨᠢᠷᠬᠠᠯ ᠲᠠᠢ ᠪᠠᠶᠢᠵᠤ᠂ ᠮᠥᠰᠥᠨ ᠲᠠᠯᠠᠪᠠᠢ ᠳᠤ ᠭᠠᠷᠪᠠᠯ ᠳᠠᠷᠤᠶ ᠥᠪᠡᠷ ᠢ  ᠪᠠᠨ ︽ᠨᠢᠰᠬᠡᠵᠦ︾᠂ ᠬᠦᠳᠡᠷ ᠴᠢᠭᠢᠷᠠᠭ ᠪᠡᠶ᠎ᠡ ᠴᠣᠭᠴᠠᠰ ᠨᠢ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠣᠷᠭᠢᠯᠤᠮ᠎ᠠ ᠬᠠᠯᠠᠭᠤᠨ ᠰᠡᠳᠬᠢᠯᠭᠡ ᠪᠠ ᠲᠠᠲᠠᠬᠤ ᠬᠦᠴᠦᠨ ᠢ ᠢᠯᠡᠷᠡᠭᠦᠯᠵᠦ ᠪᠠᠶᠳᠠᠭ᠃    ︽ᠤᠳᠠᠭ᠎ᠠ ᠪᠦᠷᠢ ᠶᠢᠨ ᠲᠧᠯᠸᠢᠰ ᠳᠡᠭᠡᠷ᠎ᠡ ᠣᠬᠤᠷ ᠵᠠᠮ ᠤᠨ ᠲᠦᠷᠭᠡᠨ ᠲᠡᠰᠢᠯᠲᠡ ᠶᠢᠨ ᠤᠷᠤᠯᠳᠤᠭᠠᠨ ᠪᠠᠶᠢᠪᠠᠯ᠂ ᠴᠠᠭ ᠲᠠᠢ ᠯᠠ ᠶᠤᠮ ᠪᠣᠯ ᠪᠢ ᠪᠦᠷ ᠦᠵᠡᠨ᠎ᠡ᠂ ᠪᠢ ᠲᠠᠮᠢᠷᠴᠢᠳ ᠠᠴᠠ ᠰᠤᠷᠤᠯᠴᠠᠵᠤ᠂ ᠦᠨᠳᠦᠰᠦᠨ ᠪᠣᠯᠪᠠᠰᠤᠷᠠᠯ ᠢᠶᠠᠨ ᠰᠠᠶᠢᠲᠤᠷ ᠪᠣᠯᠪᠠᠰᠤᠷᠠᠵᠤ᠂ ᠮᠥᠰᠥ ᠲᠡᠰᠢᠬᠦ ᠤᠷ᠎ᠠ ᠮᠡᠷᠭᠡᠵᠢᠯ ᠢ ᠰᠠᠶᠢᠲᠤᠷ ᠰᠤᠷᠴᠤ᠂ ᠬᠤᠵᠢᠮ ᠤᠯᠤᠰ ᠤᠨ ᠲᠡᠰ ᠤᠨ ᠲᠠᠮᠢᠷᠴᠢᠨ ᠪᠣᠯᠬᠤ ᠪᠠᠷ ᠴᠢᠷᠮᠠᠶᠢᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠵᠦ᠂ ᠡᠬᠡ ᠤᠯᠤᠰ ᠲᠠᠭᠠᠨ ᠢᠷᠠᠭᠤ ᠠᠯᠳᠠᠷ ᠣᠯᠭᠤᠨ᠎ᠠ᠃︾ ᠭᠡᠵᠦ ᠲᠦᠷᠭᠡᠨ ᠲᠡᠰᠢᠯᠲᠡ ᠶᠢᠨ ᠠᠩᠭᠢ ᠶᠢᠨ ᠭᠡᠰᠢᠭᠦᠨ ᠵᠤᠤ ᠶᠠᠨ ᠱᠦᠸᠧ ᠬᠡᠯᠡᠪᠡ᠃    ᠲᠦᠷᠭᠡᠨ ᠲᠡᠰᠢᠯᠲᠡ ᠶᠢᠨ ᠠᠩᠭᠢ ᠶᠢᠨ ᠭᠡᠰᠢᠭᠦᠨ ᠶᠣᠣ ᠰᠧ ᠲᠦᠩ ᠡᠨᠡ ᠵᠢᠯ 11 ᠨᠠᠰᠤᠲᠠᠶ᠂ ᠣᠬᠤᠷ ᠵᠠᠮ  ᠤᠨ ᠲᠦᠷᠭᠡᠨ ᠲᠡᠰᠢᠯᠲᠡ ᠶᠢ ᠰᠤᠷᠤᠯᠴᠠᠭᠠᠳ 4 ᠵᠢᠯ ᠪᠣᠯᠵᠤ ᠪᠠᠶᠢᠨ᠎ᠠ᠂ ᠲᠡᠷᠡ ᠶᠡᠷᠦ ᠨᠢ ᠠᠩᠭᠢ ᠶᠢᠨ ᠳᠣᠲᠣᠷ᠎ᠠ ᠬᠠᠮᠤᠭ ᠤᠨ ᠬᠠᠲᠠᠭᠤᠵᠢᠯᠲᠠᠶ ᠪᠣᠯᠪᠠᠰᠤᠷᠠᠯ ᠬᠢᠳᠡᠭ᠂ ᠲᠡᠷᠡ ᠶᠡᠷᠦ ᠨᠢ ᠳᠠᠰᠬᠠᠯᠵᠢᠭᠤᠯᠤᠭᠴᠢ ᠶᠢᠨ ᠬᠥᠳᠡᠯᠭᠡᠭᠡᠨ ᠨᠢᠭᠡᠪᠦᠷᠢ ᠶᠢ ᠨᠠᠷᠢᠨ ᠬᠢᠨᠠᠮᠠᠭᠠᠶ ᠪᠡᠶᠡᠯᠡᠭᠦᠯᠵᠦ᠂ ᠪᠣᠯᠪᠠᠰᠤᠷᠠᠯ ᠤᠨ ᠳᠤᠮᠳᠠ ᠤᠶᠢᠴᠢᠵᠦ ᠡᠪᠡᠳᠦᠭᠰᠡᠨ ᠴᠦ ᠮᠠᠰᠢ ᠲᠦᠷᠭᠡᠨ ᠢᠶᠠᠷ ᠪᠣᠰᠴᠤ ᠮᠥᠰᠥᠨ ᠲᠠᠯᠠᠪᠠᠢ ᠳᠡᠭᠡᠷ᠎ᠡ ᠦᠷᠭᠦᠯᠵᠢᠯᠡᠨ ᠳᠠᠪᠬᠢᠳᠠᠭ᠃    ︽ᠮᠢᠨᠦ ᠪᠣᠳᠣᠬᠤ ᠪᠠᠷ ᠮᠥᠰᠥ ᠴᠠᠰᠤᠨ ᠤ ᠬᠥᠳᠡᠯᠭᠡᠭᠡᠨ ᠨᠢ ᠲᠤᠩ ᠰᠠᠶᠢᠬᠠᠨ᠂ ᠰᠡᠳᠡᠯᠲᠡ ᠲᠠᠢ᠂ ᠪᠠᠰᠠ ᠮᠢᠨᠦ ᠪᠡᠶ᠎ᠡ ᠶᠢ ᠪᠤᠯᠪᠠᠰᠤᠷᠠᠭᠤᠯᠵᠦ᠂ ᠮᠢᠨᠦ ᠵᠣᠷᠢᠭ ᠢ ᠬᠠᠲᠠᠭᠤᠵᠢᠭᠤᠯᠤᠨ᠎ᠠ᠂ ᠬᠡᠳᠦᠶᠢᠪᠡᠷ ᠵᠠᠷᠢᠮ ᠣᠶᠢᠶ᠎ᠠ ᠳᠤ ᠣᠶᠢᠴᠢᠭᠠᠳ ᠲᠤᠩ ᠡᠪᠡᠳᠦᠨ᠎ᠡ᠂ ᠭᠡᠪᠡᠴᠦ ᠪᠢ ᠡᠪᠡᠳᠬᠦ ᠠᠴᠠ ᠠᠶᠤᠬᠤ ᠦᠭᠡᠢ᠂ ᠪᠢ ᠮᠥᠰᠥ ᠲᠡᠰᠢᠬᠦ ᠶᠢ ᠰᠠᠶᠢᠨ ᠰᠤᠷᠤᠨ᠎ᠠ᠂ ᠰᠡᠭᠦᠯᠡᠷ ᠵᠠᠪᠠᠯ ᠨᠢᠭᠡ ᠲᠠᠮᠢᠷᠴᠢᠨ ᠪᠣᠯᠵᠤ᠂ ᠪᠦᠬᠦ ᠤᠯᠤᠰ ᠤᠨ ᠤᠷᠤᠯᠳᠤᠭᠠᠨ ᠳᠤ ᠣᠷᠣᠯᠴᠠᠨ᠎ᠠ᠃︾ ᠭᠡᠵᠦ ᠲᠦᠷᠭᠡᠨ ᠲᠡᠰᠢᠯᠲᠡ ᠶᠢᠨ ᠠᠩᠭᠢ ᠶᠢᠨ ᠭᠡᠰᠢᠭᠦᠨ ᠶᠣᠣ ᠰᠧ ᠲᠦᠩ ᠬᠡᠯᠡᠪᠡ᠃    ᠬᠡᠦᠬᠡᠳ ᠤᠳ ᠠᠴᠠ ᠨᠡᠩ ᠢᠯᠡᠭᠦᠦ ᠴᠢᠷᠮᠠᠶᠢᠳᠠᠭ ᠨᠢ ᠳᠠᠰᠬᠠᠯᠵᠢᠭᠤᠯᠤᠭᠴᠢ ᠪᠤᠯᠤᠨ᠎ᠠ᠂ ᠪᠣᠯᠪᠠᠰᠤᠷᠠᠯ ᠤᠨ ᠲᠠᠯᠠᠪᠠᠢ ᠳᠤ᠂ ᠲᠦᠴᠢᠦᠸᠠᠨ ᠰᠢᠶᠠᠨ ᠤ ᠪᠠᠭᠠᠴᠤᠳ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠲᠦᠷᠭᠡᠨ ᠲᠡᠰᠢᠯᠲᠡ ᠶᠢᠨ ᠠᠩᠭᠢ ᠶᠢᠨ ᠳᠠᠰᠬᠠᠯᠵᠢᠭᠤᠯᠤᠭᠴᠢ ᠵᠧᠩ ᠤᠷᠠᠨ᠎ᠠ ᠲᠠᠮᠢᠷᠴᠢᠳ ᠨᠢᠭᠡᠪᠦᠷᠢ ᠪᠠᠨ ᠨᠠᠷᠢᠨ ᠠᠵᠢᠭᠯᠠᠵᠤ᠂ ᠲᠡᠳᠡ ᠮᠥᠰᠥᠨ ᠬᠢᠲᠤᠭ᠎ᠠ᠂ ᠳᠤᠭᠤᠯᠠᠭ᠎ᠠ ᠪᠠ ᠬᠠᠮᠠᠭᠠᠯᠠᠬᠤ ᠪᠠᠭᠠᠵᠢ ᠡᠮᠦᠰᠬᠦ ᠠᠴᠠ ᠬᠥᠳᠡᠯᠭᠡᠭᠡᠨ ᠨᠢᠭᠡᠪᠦᠷᠢ ᠶᠢ ᠨᠠᠷᠢᠨ ᠬᠢᠨᠠᠮᠠᠭᠠᠢ ᠲᠡᠮᠳᠡᠭᠯᠡᠵᠦ᠂ ᠵᠢᠯᠣᠭᠤᠳᠴᠤ᠂ ᠰᠤᠷᠤᠭᠰᠠᠨ ᠮᠡᠳᠡᠯᠭᠡ ᠪᠠᠨ ᠰᠢᠪᠬᠠᠵᠤ᠂ ᠬᠡᠦᠬᠡᠳ ᠨᠢᠭᠡᠪᠦᠷᠢ ᠶᠢ ᠰᠡᠳᠬᠢᠯ ᠲᠠᠯᠪᠢᠨ ᠵᠢᠯᠣᠭᠤᠳᠴᠤ ᠪᠠᠶᠢᠪᠠ᠃    ︽ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠣᠨ ᠤ ᠤᠯᠠᠷᠢᠯ ᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠲᠤ ᠭᠤᠯᠭᠤᠭᠤᠷ ᠬᠦᠷᠳᠦ ᠶᠢᠨ ᠲᠥᠷᠥᠯ ᠵᠦᠶᠯ ᠢᠶᠠᠷ ᠬᠠᠪᠰᠤᠷᠤᠮᠵᠢ ᠪᠣᠯᠭᠠᠨ ᠪᠣᠯᠪᠠᠰᠤᠷᠠᠵᠤ᠂ ᠬᠠᠪᠤᠷ᠂ ᠨᠠᠮᠤᠷ᠂ ᠡᠪᠦᠯ ᠤᠨ ᠤᠯᠠᠷᠢᠯ ᠳᠤ ᠲᠦᠷᠭᠡᠨ ᠲᠡᠰᠢᠯᠲᠡ ᠶᠢᠨ ᠣᠷᠳᠣᠨ ᠢ ᠠᠰᠢᠭᠯᠠᠨ ᠮᠥᠰᠥ ᠲᠡᠰᠢᠬᠦ ᠪᠣᠯᠪᠠᠰᠤᠷᠠᠯ ᠬᠢᠳᠡᠭ᠃ ᠵᠠᠯᠭᠠᠭᠠᠳ᠂ ᠪᠢ ᠬᠡᠦᠬᠡᠳ ᠨᠢᠭᠡᠪᠦᠷᠢ ᠶᠢᠨ ᠣᠨᠴᠠᠯᠢᠭ ᠲᠤ ᠴᠢᠭᠯᠡᠭᠦᠯᠦᠨ᠂ ᠲᠡᠳᠡᠨ ᠳᠤ ᠪᠣᠯᠪᠠᠰᠤᠷᠠᠯ ᠤᠨ ᠲᠥᠯᠥᠪᠯᠡᠭᠡ ᠲᠣᠭᠲᠠᠭᠠᠨ ᠥᠭᠴᠦ᠂ ᠬᠡᠦᠬᠡᠳ ᠨᠢᠭᠡᠪᠦᠷᠢ ᠶᠢ ᠴᠥᠮ ᠲᠦᠴᠢᠦᠸᠠᠨ ᠠᠴᠠ ᠭᠠᠷᠭᠠᠬᠤ ᠪᠠᠷ ᠴᠢᠷᠮᠠᠶᠢᠨ᠎ᠠ᠃︾ ᠭᠡᠵᠦ ᠲᠦᠴᠢᠦᠸᠠᠨ ᠰᠢᠶᠠᠨ ᠤ ᠪᠠᠭᠠᠴᠤᠳ ᠬᠡᠦᠬᠡᠳ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠲᠦᠷᠭᠡᠨ ᠲᠡᠰᠢᠯᠲᠡ ᠶᠢᠨ ᠠᠩᠭᠢ ᠶᠢᠨ ᠳᠠᠰᠬᠠᠯᠵᠢᠭᠤᠯᠤᠭᠴᠢ ᠵᠧᠩ ᠤᠷᠠᠨ᠎ᠠ ᠬᠡᠯᠡᠪᠡ᠃    ᠲᠦᠩ ᠵᠢᠩ ᠱᠤ᠋ ᠡᠨᠡ ᠵᠢᠯ 4 ᠨᠠᠰᠤᠲᠠᠶ᠂ ᠲᠡᠷᠡ ᠡᠨᠡ ᠵᠢᠯ ᠤᠨ 5 ᠰᠠᠷ᠎ᠠ ᠳᠤ ᠠᠩᠬ᠎ᠠ ᠤᠳᠠᠭ᠎ᠠ ᠲᠦᠷᠭᠡᠨ ᠲᠡᠰᠢᠯᠲᠡ ᠲᠠᠢ ᠣᠶᠢᠷᠠᠳᠴᠤ᠂ ︽ᠮᠥᠰᠥ ᠴᠠᠰᠤᠨ ᠤ ᠬᠠᠴᠢᠨ ᠬᠤᠪᠢ ᠪᠠᠷᠢᠯᠳᠤᠯᠭ᠎ᠠ︾ ᠶᠢᠨ ᠠᠶ ᠱᠠ ᠡᠮᠡᠭᠲᠡᠶ ᠸᠠᠩ ᠪᠣᠯᠬᠤ ᠶᠢᠨ ᠲᠥᠯᠥᠭᠡ᠂ ᠣᠳᠣ ᠲᠡᠷᠡ ᠡᠳᠦᠷ ᠪᠦᠷᠢ ᠡᠵᠢ ᠲᠠᠢ ᠪᠠᠨ ᠲᠦᠷᠭᠡᠨ ᠲᠡᠰᠢᠯᠲᠡ ᠶᠢᠨ ᠣᠷᠳᠣᠨ ᠳᠤ ᠣᠴᠢᠵᠤ ᠪᠣᠯᠪᠠᠰᠤᠷᠠᠨ᠎ᠠ᠃    ︽ᠮᠢᠨᠦ ᠬᠡᠦᠬᠡᠳ ᠮᠥᠰᠥᠨ ᠳᠤ ᠲᠡᠰᠢᠬᠦ ᠮᠠᠰᠢ ᠳᠤᠷᠠᠲᠠᠶ᠂ ᠣᠷᠣᠢ ᠪᠣᠯᠭᠠᠨ ᠴᠠᠭ ᠲᠠᠢ ᠯᠠ ᠪᠣᠯ ᠪᠢ ᠲᠡᠭᠦᠨ ᠢ ᠳᠠᠭᠠᠭᠤᠯᠤᠨ ᠲᠦᠷᠭᠡᠨ ᠲᠡᠰᠢᠯᠲᠡ ᠶᠢᠨ ᠣᠷᠳᠣᠨ ᠳᠤ ᠢᠷᠡᠵᠦ ᠨᠠᠭᠠᠳᠤᠨ᠎ᠠ᠂ ᠡᠨᠡ ᠬᠦ ᠬᠥᠳᠡᠯᠭᠡᠭᠡᠨ ᠨᠢ ᠲᠡᠭᠦᠨ ᠢ ᠪᠠᠶᠠᠷ ᠬᠥᠷ ᠲᠠᠢ ᠪᠣᠯᠭᠠᠬᠤ ᠪᠠᠷ ᠪᠠᠷᠠᠬᠤ ᠦᠭᠡᠢ᠂ ᠪᠠᠰᠠ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠤᠨ᠎ᠠ᠂ ᠭᠡᠷ ᠤᠨ ᠡᠭᠦᠳᠡᠨ ᠳᠡᠭᠡᠷ᠎ᠡ ᠡᠶᠢᠮᠦ ᠰᠠᠶᠢᠨ ᠲᠠᠯᠠᠪᠤᠷ ᠪᠠᠶᠢᠨ᠎ᠠ᠂ ᠦᠨᠡᠬᠡᠷ ᠰᠠᠶᠢᠨ ᠪᠣᠯᠤᠯ᠎ᠠ᠃︾ ᠭᠡᠵᠦ ᠭᠡᠷ ᠤᠨ ᠠᠬᠠᠮᠠᠳ ᠲᠦᠩ ᠶᠢᠩ ᠬᠡᠯᠡᠪᠡ᠃    ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠦᠷᠭᠡᠨ ᠲᠡᠰᠢᠯᠲᠡ ᠶᠢᠨ ᠣᠷᠳᠣᠨ ᠪᠣᠯ ᠪᠦᠬᠦ ᠤᠯᠤᠰ ᠤᠨ ᠬᠤᠶᠠᠳᠤᠭᠠᠷ ᠳᠡᠰ ᠤᠨ ᠲᠦᠷᠭᠡᠨ ᠲᠡᠰᠢᠯᠲᠡ ᠶᠢᠨ ᠣᠷᠳᠣᠨ ᠪᠠᠶᠢᠵᠤ᠂ ᠲᠡᠷᠢᠭᠦᠨ ᠤ ᠲᠠᠯᠠᠪᠤᠷ ᠣᠷᠳᠣᠨ ᠤ ᠲᠣᠬᠢᠷᠠᠭᠤᠯᠤᠯᠲᠠ ᠵᠢᠴᠢ ᠲᠤᠰᠬᠠᠶ ᠮᠡᠷᠭᠡᠵᠢᠯ ᠤᠨ ᠢᠵᠢ ᠪᠦᠷᠢᠳᠦᠭᠦᠯᠬᠦ ᠦᠢᠯᠡᠴᠢᠯᠡᠭᠡ ᠲᠠᠢ ᠶᠤᠮ᠃ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠳᠤ ᠨᠡᠩ ᠣᠯᠠᠨ ᠳᠤᠷ᠎ᠠ ᠪᠠᠭ᠋ᠠᠲᠠᠶ ᠬᠥᠮᠦᠰ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠪᠦᠬᠦ ᠰᠢᠶᠠᠨ ᠤ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠳᠤ ᠳᠤᠷ᠎ᠠ ᠪᠠᠭ᠋ᠠᠲᠠᠶ ᠬᠥᠮᠦᠰ ᠴᠥᠮ ᠰᠦᠢᠳᠬᠡᠯ ᠬᠤᠷᠢᠶᠠᠬᠤ ᠦᠭᠡᠶ ᠪᠠᠷ ᠣᠷᠳᠣᠨ ᠳᠤ ᠬᠦᠷᠴᠦ ᠬᠥᠯᠥᠰᠥ ᠪᠠᠨ ᠠᠰᠬᠠᠷᠠᠭᠤᠯᠤᠨ ᠬᠠᠯᠠᠭᠤᠨ ᠰᠡᠳᠬᠢᠯᠭᠡ ᠪᠠᠨ ᠢᠯᠡᠳᠬᠡᠵᠦ᠂ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠠᠶᠠᠷ ᠪᠠᠶᠠᠰᠤᠯ ᠢ ᠮᠡᠳᠡᠷᠡᠵᠦ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号