ᠡᠪᠦᠯ ᠤᠨ ᠰᠡᠯᠡᠭᠦᠦ ᠴᠠᠭ ᠲᠤ ᠲᠠᠩᠰᠤᠭ ᠰᠠᠶᠢᠬᠠᠨ ᠤᠷᠠᠨ ᠰᠠᠶᠢᠬᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠠᠷᠠᠳ ᠤᠨ ᠠᠮᠢᠳᠤᠷᠠᠯ ᠢ ᠪᠠᠶᠠᠯᠢᠭᠵᠢᠭᠤᠯᠤᠨ᠎ᠠ
ᠨᠡᠶᠢᠲᠡᠯᠡᠭᠰᠡᠨ ᠴᠠᠭ᠄
2023/11/30
   ︽ᠲᠠᠷᠢᠶᠠᠨ ᠠᠵᠢᠯ ᠤᠨ ᠶᠠᠭᠠᠷᠠᠤ ᠤᠯᠠᠷᠢᠯ ᠥᠩᠭᠡᠷᠡᠯ᠎ᠡ᠂ ᠣᠶᠢᠷ᠎ᠠ ᠳᠤ ᠭᠡᠷ ᠲᠤ ᠴᠦ ᠠᠵᠢᠯ ᠦᠭᠡᠢ ᠪᠣᠯᠵᠠᠢ᠂ ᠤᠳᠤ ᠭᠠᠷᠠᠭ ᠪᠦᠷᠢ ᠲᠣᠰᠬᠤᠨ ᠳᠤ ᠬᠦᠷᠴᠦ ︿ᠰᠣᠶᠣᠯ ᠤᠨ ᠲᠣᠰᠬᠤᠨ ᠤ ᠳᠠᠷᠤᠭ᠎ᠠ﹀ ᠲᠠᠢ ᠬᠠᠮᠲᠤ ᠤᠷᠠᠨ ᠪᠢᠴᠢᠯᠭᠡ᠂ ᠴᠠᠭᠠᠰᠤᠨ ᠬᠠᠶᠢᠴᠢᠯᠠᠮᠠᠯ ᠢ ᠰᠤᠷᠴᠤ᠂ ᠡᠳᠦᠷ ᠪᠦᠷᠢ ᠶᠢᠨ ᠠᠮᠢᠳᠤᠷᠠᠯ ᠮᠠᠰᠢ ᠲᠡᠭᠦᠯᠳᠡᠷ᠂ ᠮᠠᠰᠢ ᠪᠠᠶᠠᠷ ᠪᠠᠶᠠᠰᠬᠤᠯᠠᠩ ᠲᠠᠢ ᠰᠠᠨᠠᠭᠳᠠᠵᠤ ᠪᠠᠶᠢᠨ᠎ᠠ︾ ᠭᠡᠵᠦ ᠲᠦᠴᠢᠦᠸᠠᠨ ᠰᠢᠶᠠᠨ ᠤ ᠶᠦᠩ ᠠᠨ ᠪᠠᠯᠭᠠᠰᠤᠨ ᠤ ᠰᠧ ᠵᠢᠶᠠ ᠽᠢ ᠲᠣᠰᠬᠤᠨ ᠤ ᠠᠷᠠᠳ ᠯᠢ ᠬᠦᠢ ᠹᠠᠩ ᠰᠤᠷᠪᠤᠯᠵᠢᠯᠠᠭᠴᠢ ᠳᠤ ᠤᠳᠤ ᠶᠢᠨ ᠵᠣᠯ ᠵᠢᠷᠭᠠᠯᠲᠤ ᠠᠮᠢᠳᠤᠷᠠᠯ ᠢᠶᠠᠨ ᠶᠠᠷᠢᠬᠤ ᠶᠢᠨ ᠳᠠᠭᠠᠤ ᠰᠧ ᠵᠢᠶᠠ ᠽᠢ ᠲᠣᠰᠬᠤᠨ ᠤ ︽ᠰᠣᠶᠣᠯ ᠤᠨ ᠲᠣᠰᠬᠤᠨ ᠤ ᠳᠠᠷᠤᠭ᠎ᠠ︾ ᠵᠤᠤ ᠿᠢ ᠰᠢᠶᠠ ᠪᠠᠭᠰᠢ ᠶᠢᠨ ᠴᠠᠭᠠᠰᠤᠨ ᠬᠠᠶᠢᠴᠢᠯᠠᠮᠠᠯ ᠤᠨ ᠠᠷᠭ᠎ᠠ ᠪᠠ ᠤᠷ᠎ᠠ ᠮᠡᠷᠭᠡᠵᠢᠯ ᠤᠨ ᠶᠣᠰᠣᠭᠠᠷ᠂ ᠨᠢᠭᠡ ᠤᠯᠠᠭᠠᠨ ᠴᠠᠭᠠᠰᠤ ᠶᠢ ᠬᠡᠳᠦᠬᠡᠨ ᠬᠠᠶᠢᠴᠢᠯᠠᠭᠰᠠᠨ ᠤ ᠳᠠᠷᠠᠭ᠎ᠠ ᠠᠮᠢᠳᠤᠯᠢᠭ ᠵᠢᠷᠤᠭ ᠪᠣᠯᠭᠠᠨ ᠬᠤᠪᠢᠷᠠᠭᠤᠯᠵᠤ᠂ ᠥᠪᠡᠷ ᠤᠨ ᠨᠠᠷᠢᠨ ᠨᠢᠮᠪᠠᠢ ᠬᠠᠶᠢᠴᠢᠯᠠᠵᠤ ᠭᠠᠷᠭᠠᠭᠰᠠᠨ ᠪᠦᠲᠦᠭᠡᠯ ᠢᠶᠠᠨ ᠬᠠᠷᠠᠭᠠᠳ ᠰᠡᠳᠬᠢᠯ ᠬᠠᠨᠤᠮᠵᠢᠲᠠᠢ ᠢᠨᠢᠶᠡᠮᠰᠦᠭᠯᠡᠪᠡ᠃    ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠲᠠᠢ ᠪᠣᠯᠤᠭᠰᠠᠨ ᠠᠴᠠ ᠲᠣᠰᠬᠤᠨ ᠤ ᠠᠷᠠᠳ ᠰᠤᠷᠤᠯᠴᠠᠬᠤ ᠲᠤᠳᠤᠮ ᠢᠶᠠᠨ ᠤᠷᠮ᠎ᠠ ᠵᠣᠷᠢᠭ ᠲᠠᠢ ᠪᠣᠯᠵᠤ᠂ ᠴᠥᠭᠡᠨ ᠪᠤᠰᠤ ᠲᠣᠰᠬᠤᠨ ᠤ ᠠᠷᠠᠳ ᠰᠠᠶᠢᠨ ᠳᠤᠷ᠎ᠠ ᠠᠴᠠ ᠪᠠᠨ ᠬᠦᠷᠦᠯᠴᠡᠨ ᠢᠷᠡᠵᠦ᠂ ᠤᠷᠠᠨ ᠪᠢᠴᠢᠯᠭᠡ ᠶᠢᠨ ᠪᠠᠭᠰᠢ ᠨᠠᠷ ᠪᠢᠷ ᠪᠡᠬᠡᠰ ᠢᠶᠠᠷ ᠤᠷᠠᠨ ᠪᠢᠴᠢᠯᠭᠡ ᠶᠢᠨ ᠪᠦᠲᠦᠭᠡᠯ ᠤᠳ ᠢ ᠵᠣᠬᠢᠶᠠᠨ ᠪᠦᠲᠦᠭᠡᠭᠰᠡᠨ ᠪᠥᠭᠡᠳ ᠪᠦᠬᠦᠨ ᠢ ᠲᠣᠰᠬᠤᠨ ᠤ ᠠᠬᠠᠰ ᠵᠠᠬᠠᠰ ᠨᠤᠲᠤᠭ ᠤᠨ ᠠᠬ᠎ᠠ ᠳᠡᠭᠦᠦ ᠨᠠᠷ ᠲᠤ ᠦᠨ᠎ᠡ ᠲᠥᠯᠥᠪᠦᠷᠢ ᠦᠭᠡᠢ ᠪᠠᠷ ᠬᠦᠷᠭᠡᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠵᠣᠣ ᠿᠢ ᠰᠢᠶᠠ ᠪᠠᠭᠰᠢ ᠰᠧ ᠵᠢᠶᠠ ᠽᠢ ᠲᠣᠰᠬᠤᠨ ᠤ ︽ᠰᠣᠶᠣᠯ ᠤᠨ ᠲᠣᠰᠬᠤᠨ ᠤ ᠳᠠᠷᠤᠭ᠎ᠠ︾ ᠪᠣᠯᠤᠭᠰᠠᠨ ᠤ ᠳᠠᠷᠠᠭ᠎ᠠ᠂ ᠴᠢᠯᠦᠭᠡ ᠵᠠᠪ ᠢᠶᠠᠷ ᠢᠶᠠᠨ ᠲᠣᠰᠬᠤᠨ ᠳᠤ ᠬᠦᠷᠴᠦ ᠴᠠᠭᠠᠰᠤᠨ ᠬᠠᠶᠢᠴᠢᠯᠠᠮᠠᠯ ᠤᠨ ᠬᠢᠴᠢᠶᠡᠯ ᠨᠡᠭᠡᠭᠡᠵᠡᠢ᠂ ᠲᠡᠷᠡ ᠬᠡᠯᠡᠬᠦ ᠳᠡᠭᠡᠨ᠂ ᠣᠯᠠᠨ ᠤ ᠰᠤᠷᠤᠯᠴᠠᠬᠤ ᠢᠳᠡᠪᠬᠢᠵᠢᠯ ᠮᠠᠰᠢ ᠥᠨᠳᠥᠷ ᠪᠠᠶᠢᠵᠤ᠂ ᠲᠣᠰᠬᠤᠨ ᠤ ᠠᠷᠠᠳ ᠲᠤ ᠴᠠᠭᠠᠰᠤᠨ ᠬᠠᠶᠢᠴᠢᠯᠠᠮᠠᠯ ᠢ ᠵᠢᠭᠠᠬᠤ ᠶᠠᠪᠤᠴᠠ ᠳᠤ ᠲᠡᠭᠦᠨ ᠤ ᠵᠣᠬᠢᠶᠠᠨ ᠪᠦᠲᠦᠭᠡᠬᠦ ᠠᠪᠢᠶᠠᠰ ᠪᠢᠯᠢᠭ ᠢ ᠶᠡᠭᠡ ᠪᠠᠷ ᠬᠥᠭᠵᠢᠭᠡᠬᠦ ᠪᠣᠯᠣᠨ᠎ᠠ ᠭᠡᠵᠡᠢ᠃    ᠡᠪᠦᠯ ᠣᠷᠣᠭᠰᠠᠨ ᠠᠴᠠ ᠨᠠᠰᠢ᠂ ᠲᠦᠴᠢᠦᠸᠠᠨ ᠰᠢᠶᠠᠨ ᠤ ᠬᠢᠨ ᠲᠣᠰᠬᠤᠨ ᠤ ᠳᠡᠰ ᠤᠨ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠲᠠᠷᠢᠶᠠᠴᠢᠨ ᠲᠦᠮᠡᠨ ᠢ ᠡᠯ᠎ᠡ ᠲᠣᠰᠬᠤᠨ ᠤ ︽ᠰᠣᠶᠣᠯ ᠤᠨ ᠲᠣᠰᠬᠤᠨ ᠤ ᠳᠠᠷᠤᠭ᠎ᠠ︾ ᠶᠢᠨ ᠳᠠᠭᠠᠭᠤᠯᠭ᠎ᠠ ᠪᠠᠷ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠪᠠᠷ ᠠᠮᠢᠳᠤᠷᠠᠯ ᠢ ᠨᠢ ᠬᠦᠷ ᠬᠥᠭᠵᠢᠶᠡᠨ ᠲᠠᠢ ᠪᠤᠯᠭᠠᠵᠠᠢ᠃     ᠲᠠᠢ ᠫᠢᠩ ᠰᠢᠶᠠᠩ ᠤᠨ ᠦ᠋ ᠰᠢᠩ ᠲᠣᠰᠬᠤᠨ ᠤ ᠠᠷᠠᠳ ᠰᠢᠦᠢ ᠱᠤ᠋ ᠹᠧᠨ᠄ ︽ᠨᠠᠮᠤᠷ ᠤᠨ ᠬᠤᠷᠢᠶᠠᠯᠲᠠ ᠲᠡᠭᠦᠰᠪᠡ᠂ ᠤᠳᠤ ᠠᠭᠤᠷ ᠠᠮᠢᠰᠬᠤᠯ ᠴᠤ ᠮᠠᠰᠢ ᠰᠠᠶᠢᠨ ᠪᠠᠶᠢᠨ᠎ᠠ᠂ ᠲᠣᠰᠬᠤᠨ ᠤ ᠳᠠᠷᠤᠭ᠎ᠠ ᠶᠢᠨ ᠳᠠᠭᠠᠭᠤᠯᠭ᠎ᠠ ᠪᠠᠷ ᠂ ᠲᠣᠰᠬᠤᠨ ᠤ ᠠᠷᠠᠳ ᠤᠬᠠᠮᠰᠠᠷ ᠠᠴᠠ ᠪᠠᠨ ᠬᠤᠪᠴᠠᠰᠤ ᠪᠠᠨ ᠡᠮᠦᠰᠴᠦ ᠲᠠᠯᠠᠪᠠᠢ ᠳᠤ ᠢᠷᠡᠵᠦ ᠶᠠᠩᠭᠠᠷ ᠪᠥᠵᠢᠭᠯᠡᠵᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠡᠶ᠎ᠡ ᠵᠣᠬᠢᠴᠠᠯ ᠢ ᠵᠤᠵᠠᠭᠠᠳᠬᠠᠵᠤ᠂ ᠲᠣᠰᠬᠤᠨ ᠤ ᠠᠷᠠᠳ ᠤᠨ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠭᠰᠠᠨ ᠢᠶᠠᠷ ᠪᠠᠷᠠᠬᠤ ᠦᠭᠡᠢ᠂ ᠮᠠᠨ ᠤ ᠦ᠋ ᠰᠢᠩ ᠲᠣᠰᠬᠤᠨ ᠤ ᠰᠣᠶᠣᠯ ᠤᠨ ᠠᠮᠢᠳᠤᠷᠠᠯ ᠳᠤ ᠮᠠᠰᠢ ᠤᠯᠠᠨ ᠴᠤᠭ ᠵᠢᠪᠬᠤᠭ᠎ᠠ ᠶᠢ ᠨᠡᠮᠡᠷᠢᠯᠡᠪᠡ︾ ᠭᠡᠵᠦ ᠬᠡᠯᠡᠨ᠎ᠡ᠃    ᠡᠪᠦᠯ ᠣᠷᠣᠭᠰᠠᠨ ᠠᠴᠠ ᠨᠠᠰᠢ᠂ ᠦ᠋ ᠰᠢᠩ ᠲᠣᠰᠬᠤᠨ ᠤ ᠬᠢᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠲᠠᠮᠢᠷ ᠤᠨ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠲᠠᠷᠢᠶᠠᠴᠢᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠳᠠᠰᠤᠷᠠᠯᠳᠠ ᠦᠭᠡᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠥᠳᠡᠭᠡ ᠲᠣᠰᠬᠤᠨ ᠤ ᠤᠶᠤᠨ ᠤ ᠰᠣᠶᠣᠯ ᠤᠨ ᠠᠮᠢᠳᠤᠷᠠᠯ ᠤᠨ ᠬᠦᠷ ᠬᠥᠭᠵᠢᠶᠡᠨ ᠢ ᠮᠡᠳᠡᠷᠡᠭᠦᠯᠵᠡᠢ᠃    ︽ ᠶᠢᠨ ᠪᠠᠭᠰᠢ ᠠ᠂ ᠲᠠᠨ ᠤ ᠳᠡᠭᠡᠷ᠎ᠡ ᠤᠳᠠᠭ᠎ᠠ ᠨᠠᠳᠠ ᠳᠤ ᠪᠡᠯᠡᠭᠯᠡᠭᠰᠡᠨ ᠤᠷᠠᠨ ᠪᠢᠴᠢᠯᠭᠡ ᠶᠢᠨ ᠰᠤᠷᠭᠠᠯ ᠢ ᠬᠡᠪᠯᠡᠭᠡᠳ ᠵᠣᠴᠢᠨ ᠤ ᠥᠷᠥᠭᠡᠨ ᠳᠤ ᠡᠯᠭᠦᠯ᠎ᠡ᠂ ᠭᠡᠷ ᠲᠤ ᠰᠣᠶᠣᠯ ᠤᠨ ᠠᠭᠤᠷ ᠠᠮᠢᠰᠬᠤᠯ ᠶᠡᠭᠡ ᠪᠣᠯᠤᠭᠰᠠᠨ ᠰᠢᠭ ᠰᠠᠨᠠᠭᠳᠠᠵᠤ ᠪᠠᠶᠢᠨ᠎ᠠ᠂ ᠥᠨᠥᠳᠥᠷ ᠪᠠᠰᠠ ᠲᠠᠨ ᠠᠴᠠ ᠤᠷᠠᠨ ᠪᠢᠴᠢᠯᠭᠡ ᠢ ᠰᠤᠷᠴᠤ ᠪᠣᠯᠪᠠᠰᠤᠷᠠᠨ᠎ᠠ︾ ᠭᠡᠵᠦ ᠲᠣᠰᠬᠤᠨ ᠤ ᠠᠷᠠᠳ ᠵᠤᠤ ᠶᠦᠩ ᠵᠧᠩ ︽ᠰᠣᠶᠣᠯ ᠤᠨ ᠲᠣᠰᠬᠤᠨ ᠤ ᠳᠠᠷᠤᠭ᠎ᠠ︾ ᠶᠢᠨ ᠯᠢᠶᠠᠨ ᠳ᠋ᠧᠦ ᠳᠤ ᠥᠪᠡᠷ ᠤᠨ ᠪᠠᠶᠠᠷ ᠪᠠᠭ᠋ᠠᠳᠤᠯ ᠢᠶᠠᠨ ᠬᠤᠪᠢᠶᠠᠯᠴᠠᠵᠤ ᠪᠠᠶᠢᠯ᠎ᠠ᠃    ᠣᠳᠣᠬᠠᠨ ᠳᠤ᠂ ︽ᠰᠣᠶᠣᠯ ᠤᠨ ᠲᠣᠰᠬᠤᠨ ᠤ ᠳᠠᠷᠤᠭ᠎ᠠ︾ ᠶᠢᠨ ᠳᠠᠭᠠᠭᠤᠯᠭ᠎ᠠ ᠪᠠᠷ᠂ ᠦ᠋ ᠰᠢᠩ ᠲᠣᠰᠬᠤᠨ ᠤ ᠰᠣᠶᠣᠯ ᠤᠨ ᠠᠭᠤᠷ ᠠᠮᠢᠰᠬᠤᠯ ᠡᠳᠦᠷ ᠢᠷᠡᠬᠦᠶ᠎ᠡ ᠵᠤᠵᠠᠭᠠᠳᠴᠤ᠂ ᠴᠥᠭᠡᠨ ᠪᠤᠰᠤ ᠲᠣᠰᠬᠤᠨ ᠤ ᠠᠷᠠᠳ ︽ᠰᠣᠶᠣᠯ ᠰᠤᠷᠤᠯᠴᠠᠬᠤ︾ ᠠᠴᠠ ︽ᠰᠣᠶᠣᠯ ᠢ ᠬᠡᠷᠡᠭᠯᠡᠬᠦ︾ ᠪᠣᠯᠵᠤ᠂ ︽ᠦᠵᠡᠭᠴᠢ ᠪᠠᠶᠢᠭᠰᠠᠨ︾ ᠠᠴᠠ ︽ᠭᠤᠣᠯ ᠲᠣᠭᠯᠠᠭᠴᠢ ᠪᠣᠯᠬᠤ︾ ᠪᠣᠯᠵᠠᠢ᠃    ᠲᠦᠴᠢᠦᠸᠠᠨ ᠰᠢᠶᠠᠨ ᠤ ᠤᠳᠬ᠎ᠠ ᠤᠷᠠᠯᠢᠭ ᠤᠨ ᠬᠠᠮᠲᠤᠷᠠᠭᠰᠠᠨ ᠳᠤᠭᠤᠶᠢᠯᠠᠩ ᠤᠨ ᠬᠠᠮᠲᠤᠷᠠᠭᠰᠠᠨ ᠬᠡᠯᠲᠡᠰ ᠤᠨ ᠬᠠᠷᠢᠭᠤᠴᠠᠯᠭᠠᠲᠠᠨ ᠯᠢ ᠲᠢᠶᠠᠨ ᠶᠧ᠄ ︽︿ᠰᠣᠶᠣᠯ ᠤᠨ ᠲᠣᠰᠬᠤᠨ ᠤ ᠳᠠᠷᠤᠭ᠎ᠠ﹀ ᠨᠢ ᠲᠣᠰᠬᠤᠨ ᠤ ᠠᠷᠠᠳ ᠤᠨ ᠡᠪᠦᠯ ᠤᠨ ᠰᠡᠯᠡᠭᠦᠦ ᠴᠠᠭ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠬᠥᠳᠡᠭᠡ ᠲᠣᠰᠬᠤᠨ ᠤ ᠵᠠᠩ ᠰᠤᠷᠲᠠᠯ ᠪᠣᠯᠪᠠᠰᠤᠨ ᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ᠂ ᠠᠯᠬᠤᠮ ᠠᠯᠬᠤᠮ ᠢᠶᠠᠷ ᠬᠥᠳᠡᠭᠡ ᠲᠣᠰᠬᠤᠨ ᠤ ᠤᠳᠬ᠎ᠠ ᠤᠷᠠᠯᠢᠭ ᠢ ᠴᠡᠴᠡᠭᠯᠡᠭᠦᠯᠦᠨ ᠬᠥᠭᠵᠢᠭᠦᠯᠬᠦ᠂ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠠᠮᠴᠢ ᠪᠣᠯᠤᠭᠰᠠᠨ ᠪᠠᠶᠢᠨ᠎ᠠ︾ ᠭᠡᠵᠦ ᠬᠡᠯᠡᠪᠡ᠃    ᠣᠲᠣ ᠪᠣᠯᠲᠠᠯ᠎ᠠ᠂ ᠲᠦᠴᠢᠦᠸᠠᠨ ᠰᠢᠶᠠᠨ ᠡᠯ᠎ᠡ ᠲᠥᠷᠥᠯ ᠤᠨ ᠤᠳᠬ᠎ᠠ ᠤᠷᠠᠯᠢᠭ ᠤᠨ ᠠᠵᠢᠯᠯᠠᠭ᠎ᠠ ᠶᠢ ᠨᠡᠶᠢᠲᠡ 40 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠯᠴᠠᠭᠰᠠᠨ ᠬᠥᠮᠥᠨ ᠤ ᠲᠤᠭ᠎ᠠ 3000 ᠭᠠᠷᠤᠢ ᠪᠣᠯᠵᠠᠢ᠃ ᠵᠠᠯᠭᠠᠭᠠᠳ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠬᠢᠨ ᠡᠯ᠎ᠡ ᠰᠢᠶᠠᠩ ᠪᠠᠯᠭᠠᠰᠤ ᠲᠠᠢ ᠬᠤᠯᠪᠤᠭᠠᠯᠠᠨ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠳᠬ᠎ᠠ ᠤᠷᠠᠯᠢᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ︽ᠰᠣᠶᠣᠯ ᠤᠨ ᠲᠣᠰᠬᠤᠨ ᠤ ᠳᠠᠷᠤᠭ᠎ᠠ︾ ᠪᠣᠯᠣᠨ ᠤᠯᠠᠨ ᠲᠦᠮᠡᠨ ᠤ ᠬᠤᠭᠤᠷᠣᠨᠳᠣᠬᠢ ᠨᠠᠭᠠᠯᠳᠤᠩᠬᠠᠢ ᠴᠢᠨᠠᠷ ᠢ ᠨᠡᠮᠡᠭᠳᠡᠭᠦᠯᠵᠦ᠂ ᠬᠥᠳᠡᠭᠡ ᠲᠣᠰᠬᠤᠨ ᠤ ᠰᠣᠶᠣᠯ ᠤᠨ ᠠᠭᠤᠷ ᠠᠮᠢᠰᠬᠤᠯ ᠢ ᠲᠠᠰᠤᠷᠠᠯᠲᠠ ᠦᠭᠡᠢ ᠵᠤᠵᠠᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠦᠷᠭᠦᠯᠵᠢᠯᠡᠨ ᠪᠠᠶᠠᠯᠢᠭᠵᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号