ᠪᠦᠦ ᠬᠤᠩ ᠶᠢᠩ ᠳᠡᠳ᠋ ᠰᠢᠶᠠᠨ ᠤ ᠳᠠᠷᠤᠭ᠎ᠠ ᠰᠤᠷᠭᠠᠭᠤᠯᠢ ᠳᠤ ᠣᠷᠣᠵᠤ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/30
   ᠰᠤᠷᠭᠠᠭᠤᠯᠢ ᠶᠢᠨ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠨᠡᠨᠬᠦ ᠪᠠᠳᠤᠯᠠᠵᠦ᠂ ᠰᠠᠶᠢᠨ ᠰᠠᠶᠢᠬᠠᠨ ᠰᠤᠷᠤᠯᠴᠠᠬᠤ ᠣᠷᠴᠢᠨ ᠲᠣᠭᠤᠷᠢᠨ ᠢ ᠡᠭᠦᠳᠬᠦ ᠶᠢᠨ ᠲᠦᠯᠦᠭᠡ᠃ 11 ᠰᠠᠷ᠎ᠠ ᠶᠢᠨ 29 ᠤ ᠡᠳᠦᠷ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠦᠦ ᠬᠤᠩ ᠶᠢᠩ ᠤᠨ ᠳᠠᠭᠠᠭᠤᠯᠤᠭᠰᠠᠨ ᠰᠤᠷᠭᠠᠭᠤᠯᠢ ᠶᠢᠨ ᠬᠦᠷᠢᠶᠡᠨ ᠤ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠴᠠᠭᠠᠨ ᠰᠤᠳᠤᠯᠬᠤ ᠳᠤᠭᠤᠶᠢᠯᠠᠩ ᠬᠤᠶᠠᠳᠤᠭᠠᠷ ᠬᠡᠦᠬᠡᠳ ᠤᠨ ᠴᠡᠴᠡᠷᠯᠢᠭ᠂ ᠨᠠᠨ ᠰᠢᠶᠠᠩ ᠪᠠᠭ᠎ᠠ ᠰᠤᠷᠭᠠᠭᠤᠯᠢ᠂ ᠲᠦᠷᠦᠯᠵᠢ ᠪᠠᠭ᠎ᠠ ᠰᠤᠷᠭᠠᠭᠤᠯᠢ᠂ ᠲᠦᠷᠦᠯᠵᠢ ᠳᠤᠮᠳᠠᠳᠤ ᠰᠤᠷᠭᠠᠭᠤᠯᠢ ᠳᠤ ᠬᠦᠷᠴᠦ ᠲᠤᠰᠬᠠᠢ ᠪᠠᠶᠢᠴᠠᠭᠠᠨ ᠰᠤᠳᠤᠯᠤᠯᠲᠠ ᠬᠢᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠵᠢᠴᠢ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠤᠷ ᠲᠤ ᠰᠤᠷᠭᠠᠭᠤᠯᠢ ᠶᠢᠨ ᠥᠷᠯᠥᠭᠡ ᠶᠢᠨ ᠦᠳᠡ ᠶᠢᠨ ᠪᠠᠶᠢᠴᠠᠭᠠᠯᠲᠠ᠂ ᠰᠤᠷᠤᠭᠴᠢᠳ ᠤᠨ ᠡᠪᠡᠳᠴᠢᠨ ᠠᠴᠠ ᠪᠣᠯᠵᠤ ᠬᠢᠴᠢᠶᠡᠯ ᠰᠠᠭᠠᠲᠠᠭᠰᠠᠨ ᠡᠪᠡᠳᠴᠢᠨ ᠤ ᠰᠢᠯᠲᠠᠭᠠᠨ ᠢ ᠮᠥᠷᠳᠡᠬᠦ᠂ ᠡᠳᠦᠷ ᠲᠤᠳᠤᠮ ᠤᠨ ᠠᠷᠢᠭᠤᠳᠬᠠᠵᠦ ᠰᠠᠯᠬᠢ ᠨᠡᠪᠲᠡᠷᠡᠬᠦ ᠪᠠ ᠡᠷᠡᠭᠦᠯ ᠮᠡᠨᠳᠦ ᠶᠢᠨ ᠬᠥᠮᠦᠵᠢᠯ ᠤᠨ ᠪᠠᠶᠢᠳᠠᠯ ᠢ ᠯᠠᠪᠯᠠᠨ ᠠᠰᠠᠭᠤᠭᠰᠠᠨ ᠪᠥᠭᠡᠳ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠲᠥᠰᠥᠯ᠂ ᠰᠤᠷᠤᠭᠴᠢᠳ ᠤᠨ ᠥᠷᠯᠥᠭᠡ ᠦᠳᠡ ᠶᠢᠨ ᠪᠠᠶᠢᠴᠠᠭᠠᠯᠲᠠ ᠶᠢᠨ ᠪᠦᠷᠢᠳᠬᠡᠯ ᠤᠨ ᠬᠦᠰᠦᠨᠦᠭᠲᠦ᠂ ᠡᠪᠡᠳᠴᠢᠨ ᠠᠴᠠ ᠪᠣᠯᠵᠤ ᠠᠵᠢᠯ ᠠᠴᠠ ᠰᠠᠭᠠᠲᠠᠭᠰᠠᠨ ᠬᠦᠰᠦᠨᠦᠭᠲᠦ ᠵᠡᠷᠭᠡ ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃    ᠪᠠᠶᠢᠴᠠᠭᠠᠨ ᠰᠤᠳᠤᠯᠬᠤ ᠳᠤᠮᠳᠠ᠂ ᠪᠦᠦ ᠬᠤᠩ ᠶᠢᠩ ᠳᠡᠳ᠋ ᠰᠢᠶᠠᠨ ᠤ ᠳᠠᠷᠤᠭ᠎ᠠ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠄ ᠨᠢᠭᠡ ᠳᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠬᠢᠴᠢᠶᠡᠯ ᠤᠨ ᠭᠡᠷ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠲᠣᠭᠲᠠᠭᠰᠠᠨ ᠴᠠᠭ ᠲᠤ ᠠᠷᠢᠭᠤᠳᠬᠠᠨ ᠰᠠᠯᠬᠢ ᠨᠠᠪᠲᠠᠷᠡᠭᠦᠯᠵᠦ᠂ ᠬᠠᠯᠳᠠᠪᠤᠷᠢᠲᠤ ᠡᠪᠡᠳᠴᠢᠨ ᠤ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠬᠤᠶᠠᠷ ᠲᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠎ᠠ᠃ ᠰᠤᠷᠤᠭᠴᠢᠳ ᠤᠨ ᠥᠷᠯᠥᠭᠡ ᠦᠳᠡ ᠶᠢᠨ ᠪᠠᠶᠢᠴᠠᠭᠠᠯᠲᠠ᠂ ᠡᠪᠡᠳᠴᠢᠨ ᠠᠴᠠ ᠪᠣᠯᠵᠤ ᠠᠵᠢᠯ ᠠᠴᠠ ᠰᠠᠭᠠᠲᠠᠭᠰᠠᠨ ᠡᠪᠡᠳᠴᠢᠨ ᠤ ᠰᠢᠯᠲᠠᠭᠠᠨ ᠢ ᠨᠡᠬᠡᠮᠵᠢᠯᠡᠨ ᠪᠠᠶᠢᠴᠠᠭᠠᠬᠤ ᠪᠠ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠶᠢ ᠣᠯᠵᠤ ᠮᠡᠳᠡᠪᠡᠯ᠂ ᠲᠡᠷᠡ ᠳᠠᠷᠤᠢ ᠳᠤᠨᠢ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠮᠡᠳᠡᠭᠦᠯᠬᠦ ᠬᠡᠷᠡᠭᠲᠡᠢ᠃ ᠡᠪᠡᠳᠴᠢᠨ ᠢᠶᠠᠷ ᠴᠢᠯᠦᠭᠡ ᠠᠪᠤᠭᠰᠠᠨ ᠰᠣᠷᠣᠭᠴᠢ ᠶᠢᠨ ᠬᠢᠴᠢᠶᠡᠯ ᠰᠡᠷᠭᠦᠭᠡᠬᠦ ᠠᠴᠠ ᠡᠮᠦᠨ᠎ᠡ ᠠᠩᠭᠢ ᠶᠢᠨ ᠡᠷᠬᠢᠯᠡᠭᠴᠢ ᠭᠡᠷᠡᠴᠢᠯᠡᠬᠦ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠰᠣᠷᠣᠭᠴᠢ ᠶᠢᠨ ᠪᠦᠷᠢᠮᠦᠰᠦᠨ ᠡᠳᠡᠭᠡᠷᠡᠭᠰᠡᠨ ᠤ ᠳᠠᠷᠠᠭ᠎ᠠ ᠰᠠᠶ᠋ᠢ ᠬᠢᠴᠢᠶᠡᠯ ᠢᠶᠠᠨ ᠬᠡᠪ ᠤᠨ ᠶᠣᠰᠣᠭᠠᠷ ᠰᠡᠷᠭᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ ᠤᠬᠠᠭᠤᠯᠭ᠎ᠠ ᠪᠠᠨ ᠴᠢᠩᠭᠠᠳᠬᠠᠨ᠎ᠠ᠃ ᠬᠠᠯᠳᠠᠪᠤᠷᠢᠲᠤ ᠡᠪᠡᠳᠴᠢᠨ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠮᠡᠳᠡᠯᠭᠡ ᠵᠢᠴᠢ ᠬᠤᠯᠪᠣᠭᠳᠠᠯ ᠪᠦ᠋ᠬᠦᠢ ᠸᠠᠺᠼᠢᠨ ᠤ ᠲᠠᠷᠢᠯᠭ᠎ᠠ ᠶᠢ ᠥᠷᠭᠡᠨ ᠢᠶᠠᠷ ᠤᠬᠠᠭᠤᠯᠵᠤ᠂ ᠪᠠᠭᠰᠢ ᠰᠤᠷᠤᠭᠴᠢᠳ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠦᠨ᠂ ᠤᠷᠢᠳᠴᠢᠯᠠᠨ ᠰᠡᠷᠭᠡᠶᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃    ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯ ᠳᠤ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠳᠬᠠᠵᠤ᠂ ᠰᠤᠷᠭᠠᠭᠤᠯᠢ ᠶᠢᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠠᠵᠢᠯ ᠤᠨ ᠬᠠᠷᠢᠭᠤᠴᠠᠯᠭ᠎ᠠ ᠶᠢ ᠰᠢᠪᠠᠳᠠᠨ ᠨᠠᠶᠢᠳᠠᠪᠤᠷᠢᠵᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号