ᠲᠦᠴᠢᠦᠸᠠᠨ ᠰᠢᠶᠠᠨ ᠤ ᠯᠢᠦ ᠬᠣ᠋ ᠳᠤᠮᠳᠠᠳᠤ ᠰᠤᠷᠭᠠᠭᠤᠯᠢ ᠶᠢᠨ ᠱᠠᠲᠤ ᠬᠤᠪᠢᠶᠠᠨ ᠵᠢᠭᠠᠨ ᠰᠤᠷᠭᠠᠬᠤ ᠠᠵᠢᠯᠯᠠᠭ᠎ᠠ ᠶᠢᠨ ᠲᠤᠬᠠᠢ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2023/11/30
   ︽ᠬᠤᠶᠠᠷ ᠢ ᠬᠦᠩᠬᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠮᠠᠨ ᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠬᠦ ᠶᠢᠨ ᠲᠦᠯᠦᠭᠡ᠃ ᠲᠦᠴᠢᠦᠸᠠᠨ ᠰᠢᠶᠠᠨ ᠤ ᠯᠢᠦ ᠬᠣ᠋ ᠳᠤᠮᠳᠠᠳᠤ ᠰᠤᠷᠭᠠᠭᠤᠯᠢ ᠨᠢ ᠰᠤᠷᠭᠠᠭᠤᠯᠢ ᠶᠢᠨ ᠪᠠᠶᠢᠳᠠᠯ᠂ ᠰᠤᠷᠤᠯᠭ᠎ᠠ ᠶᠢᠨ ᠪᠠᠶᠢᠳᠠᠯ ᠢᠶᠠᠨ ᠦᠨᠳᠦᠰᠦᠯᠡᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢ ᠵᠣᠷᠢᠭᠲᠠᠢ ᠪᠠᠷ ᠡᠭᠦᠳᠴᠦ᠂ ᠶᠢᠰᠦᠳᠦᠭᠡᠷ ᠤᠨ ᠤ ᠲᠣᠭᠠᠨ ᠤ ᠤᠬᠠᠭᠠᠨ᠂ ᠠᠩᠭ᠍ᠯᠢ ᠬᠡᠯᠡ ᠶᠢ ᠠᠩᠭᠢ ᠪᠠᠷ ᠬᠢᠴᠢᠶᠡᠯ ᠣᠷᠣᠵᠤ᠂ ᠱᠠᠲᠤ ᠬᠤᠪᠢᠶᠠᠨ ᠵᠢᠭᠠᠨ ᠰᠤᠷᠭᠠᠬᠤ ᠶᠢ ᠬᠡᠷᠡᠭᠵᠢᠭᠦᠯᠦᠨ᠎ᠡ᠃ ᠲᠡᠰ ᠬᠤᠪᠢᠶᠠᠭᠰᠠᠨ ᠵᠢᠭᠠᠨ ᠰᠤᠷᠭᠠᠯᠲᠠ ᠶᠢ ᠪᠦᠲᠦᠮᠵᠢᠲᠡᠢ ᠠᠬᠢᠭᠤᠯᠵᠤ᠂ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠭᠤᠯᠢ ᠠᠴᠠ ᠯᠢ ᠸᠧᠨ ᠮᠢᠩ ᠰᠤᠷᠭᠠᠭᠤᠯᠢ ᠶᠢᠨ ᠵᠠᠬᠢᠷᠤᠯ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠵᠢᠭᠠᠨ ᠰᠤᠷᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠷᠢᠳᠴᠢᠯᠠᠨ ᠪᠡᠯᠡᠳᠬᠡᠵᠦ᠂ ᠨᠠᠷᠢᠨ ᠨᠢᠮᠪᠠᠢ ᠲᠥᠯᠥᠪᠵᠢᠭᠦᠯᠵᠦ᠂ ᠪᠠᠭᠰᠢ ᠨᠠᠷ ᠤᠨ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠬᠠᠮᠢᠶᠠᠷᠤᠯᠲᠠ ᠶᠢᠨ ᠵᠠᠭᠪᠤᠷ ᠢ ᠰᠤᠳᠤᠯᠤᠨ ᠰᠦᠪᠡᠭᠴᠢᠯᠡᠵᠦ᠂ ᠲᠡᠰ ᠬᠤᠪᠢᠶᠠᠭᠰᠠᠨ ᠠᠩᠬᠠᠨ ᠤ ᠵᠣᠷᠢᠯᠲᠠ ᠳᠤ ᠲᠠᠶᠢᠯᠤᠮᠵᠢ ᠬᠢᠵᠡᠢ᠃    ᠤᠤᠯ ᠤᠨ ᠠᠩᠭᠢ ᠶᠢ ᠬᠤᠪᠢᠷᠠᠭᠤᠯᠬᠤ ᠦᠭᠡᠢ ᠤᠷᠢᠲᠠᠯ ᠳᠣᠣᠷ᠎ᠠ᠂ ᠰᠣᠷᠣᠭᠴᠢ ᠶᠢᠨ ᠣᠲᠣ ᠶᠢᠨ ᠪᠠᠶᠢᠭ᠎ᠠ ᠮᠡᠳᠡᠯᠭᠡ ᠶᠢᠨ ᠨᠥᠭᠡᠴᠡ᠂ ᠴᠢᠳᠠᠪᠤᠷᠢ ᠶᠢᠨ ᠬᠢᠷᠢ ᠬᠡᠮᠵᠢᠶ᠎ᠡ ᠪᠠ ᠳᠠᠯᠳᠠ ᠬᠦᠴᠦᠨ ᠤ ᠬᠠᠨᠳᠤᠰᠢ ᠶᠢ ᠦᠨᠳᠦᠰᠦᠯᠡᠨ᠂ 6 ᠠᠩᠭᠢ ᠶᠢ ᠬᠤᠶᠠᠷ ᠨᠢᠭᠡᠴᠢ ᠪᠣᠯᠭᠠᠨ ᠬᠤᠪᠢᠶᠠᠵᠤ᠂ ᠨᠢᠭᠡᠴᠢ ᠨᠢᠭᠡᠪᠦᠷᠢ ᠶᠢ ᠪᠠᠰᠠ A ᠠᠩᠭᠢ᠂ B ᠠᠩᠭᠢ᠂ C ᠠᠩᠭᠢ ᠭᠡᠵᠦ ᠭᠤᠷᠪᠠᠨ ᠲᠠᠰ ᠳᠠᠪᠬᠤᠷᠭ᠎ᠠ ᠶᠢᠨ ᠠᠩᠭᠢ ᠪᠣᠯᠭᠠᠨ ᠬᠤᠪᠢᠶᠠᠨ᠎ᠠ᠃ ᠪᠠᠭᠰᠢ ᠨᠠᠷ ᠠᠳᠠᠯᠢ ᠪᠤᠰᠤ ᠲᠠᠰ ᠳᠠᠪᠬᠤᠷᠭ᠎ᠠ ᠶᠢ ᠦᠨᠳᠦᠰᠦᠯᠡᠨ᠂ ᠭᠤᠷᠪᠠᠨ ᠲᠠᠰ ᠳᠠᠪᠬᠤᠷᠭ᠎ᠠ ᠶᠢᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠪᠠ ᠠᠯᠬᠤᠮ ᠳᠠᠷᠠᠭ᠎ᠠ ᠶᠢ ᠪᠦᠷᠢᠯᠳᠦᠭᠦᠯᠵᠦ᠂ ᠠᠳᠠᠯᠢ ᠪᠤᠰᠤ ᠲᠠᠰ ᠳᠠᠪᠬᠤᠷᠭ᠎ᠠ ᠶᠢᠨ ᠰᠤᠷᠤᠭᠴᠢᠳ ᠲᠤ ᠲᠣᠬᠢᠷᠠᠮᠵᠢᠲᠠᠢ ᠰᠤᠷᠤᠯᠴᠠᠬᠤ ᠲᠣᠬᠢᠶᠠᠯ ᠣᠯᠭᠤᠵᠤ᠂ ᠰᠣᠷᠣᠭᠴᠢ ᠨᠢᠭᠡᠪᠦᠷᠢ ᠳᠤ ᠥᠪᠡᠷ ᠤᠨ ᠪᠡᠶ᠎ᠡ ᠳᠤᠨᠢ ᠲᠣᠬᠢᠷᠠᠬᠤ ᠰᠤᠷᠤᠯᠴᠠᠬᠤ ᠣᠷᠣᠨ ᠪᠠᠶᠢᠷᠢ ᠣᠯᠭᠤᠵᠤ᠂ ᠳᠠᠷᠤᠭᠠᠰᠤ ᠶᠢ ᠬᠥᠩᠭᠡᠷᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠶᠢ ᠦᠨᠡᠨ ᠬᠦ ᠪᠡᠶᠡᠯᠡᠭᠦᠯᠵᠦ᠂ ︽ᠬᠤᠶᠠᠷ ᠢ ᠬᠥᠩᠭᠡᠷᠡᠭᠦᠯᠬᠦ︾ ᠶᠢ ᠦᠨᠡᠨ ᠬᠦ ᠨᠠᠶᠢᠳᠠᠪᠤᠷᠢᠵᠢᠭᠤᠯᠤᠨ᠎ᠠ᠃    ᠬᠡᠷᠡᠭᠵᠢᠭᠦᠯᠦᠭᠰᠡᠨ ᠠᠴᠠ ᠨᠠᠭᠠᠰᠢ᠂ ᠰᠤᠷᠤᠭᠴᠢᠳ ᠪᠠᠭᠰᠢ ᠳᠠᠭᠠᠨ ᠥᠪᠡᠷ ᠤᠨ ᠲᠠᠰ ᠳᠠᠪᠬᠤᠷᠭ᠎ᠠ ᠬᠤᠪᠢᠶᠠᠭᠰᠠᠨ ᠬᠢᠴᠢᠶᠡᠯ ᠲᠥᠷᠥᠯ ᠤᠨ ᠠᠩᠭᠢ ᠶᠢᠨ ᠰᠤᠷᠤᠯᠭ᠎ᠠ ᠶᠢᠨ ᠣᠯᠣᠯᠲᠠ ᠪᠠᠨ ᠵᠠᠯᠭᠠᠭ᠎ᠠ ᠪᠠᠷ ᠶᠠᠷᠢᠵᠤ ᠦᠭᠭᠦᠨ᠎ᠡ᠂ ᠰᠠᠭᠤᠷᠢ ᠪᠠᠷ ᠪᠠᠷᠤᠭᠲᠠᠢ ᠰᠣᠷᠣᠭᠴᠢ ᠤᠤᠯ ᠨᠢ ᠰᠣᠨᠣᠰᠴᠤ ᠲᠥᠬᠦᠭᠡᠷᠡᠬᠦ ᠦᠭᠡᠢ ᠪᠠᠶᠢᠭᠰᠠᠨ᠂ ᠣᠲᠣ ᠪᠠᠭᠰᠢ ᠶᠢᠨ ᠢᠶᠠᠨ ᠶᠠᠷᠢᠭᠰᠠᠨ ᠠᠭᠤᠯᠭ᠎ᠠ ᠶᠢ ᠣᠶᠢᠯᠠᠭᠠᠵᠤ᠂ ᠡᠳᠦᠷ ᠪᠦᠷᠢ ᠵᠢᠭᠠᠬᠠᠨ ᠡᠵᠡᠮᠰᠢᠵᠦ ᠵᠢᠭᠠᠬᠠᠨ ᠳᠠᠪᠰᠢᠵᠤ ᠂ ᠢᠲᠡᠭᠡᠯ ᠵᠣᠷᠢᠭ ᠨᠢ ᠤᠯᠠᠮ ᠠᠴᠠ ᠤᠯᠠᠮ ᠴᠢᠩᠭᠠᠷᠠᠵᠠᠢ︔ ᠰᠠᠭᠤᠷᠢ ᠪᠠᠷ ᠨᠡᠯᠢᠶᠡᠳ ᠰᠠᠶᠢᠨ ᠰᠤᠷᠤᠭᠴᠢᠳ ᠨᠢ ᠨᠡᠩ ᠥᠷᠭᠡᠨ ᠨᠡᠩ ᠭᠦᠨᠵᠡᠭᠡᠢ ᠰᠤᠷᠴᠤ᠂ ᠡᠨᠡ ᠦᠶ᠎ᠡ ᠳᠤ ᠲᠡᠷᠡ ᠶᠠᠭ ᠯᠠ ᠪᠦᠷᠭᠦᠳ ᠵᠢᠭᠦᠷ ᠢᠶᠠᠨ ᠳᠡᠯᠭᠡᠭᠰᠡᠨ ᠮᠡᠲᠦ ᠣᠮᠤᠭ ᠵᠣᠷᠢᠭ ᠲᠡᠭᠦᠯᠳᠡᠷ ᠪᠠᠶᠢᠯ᠎ᠠ᠃ ᠪᠠᠭᠰᠢ ᠨᠠᠷ ᠤᠨ ᠬᠡᠯᠡᠬᠦ ᠪᠠᠷ ᠱᠠᠲᠤ ᠬᠤᠪᠢᠶᠠᠨ ᠠᠩᠭᠢ ᠬᠤᠪᠢᠶᠠᠭᠰᠠᠨ ᠤ ᠳᠠᠷᠠᠭ᠎ᠠ ᠥᠪᠡᠷ ᠤᠨ ᠵᠢᠭᠠᠬᠤ ᠲᠥᠰᠥᠯ ᠤᠨ ᠢᠶᠠᠨ ᠬᠠᠨᠳᠤᠯᠭᠠᠲᠤ ᠴᠢᠨᠠᠷ ᠨᠢ ᠤᠯᠠᠮ ᠴᠢᠩᠭᠠᠷᠠᠵᠤ᠂ ᠬᠢᠴᠢᠶᠡᠯ ᠣᠷᠣᠬᠤ ᠨᠢ ᠴᠦ ᠤᠯᠠᠮ ᠢᠯᠡᠭᠦᠦ ᠴᠤᠤᠷᠢᠶᠠᠲᠤᠭᠰᠠᠨ ᠲᠥᠷᠥᠭᠳᠡᠯ ᠲᠠᠢ ᠪᠣᠯᠵᠤ᠂ ᠬᠦᠴᠢᠷ ᠲᠦᠪᠡᠭ ᠢ ᠨᠡᠩ ᠣᠨᠣᠪᠴᠢᠲᠠᠶ ᠡᠵᠡᠮᠰᠢᠵᠦ᠂ ᠪᠠᠭᠰᠢ ᠰᠤᠷᠤᠭᠴᠢᠳ ᠤᠨ ᠬᠠᠷᠢᠯᠴᠠᠨ ᠦᠢᠯᠡᠳᠦᠯᠴᠡᠬᠦ᠂ ᠰᠤᠷᠤᠭᠴᠢᠳ ᠤᠨ ᠬᠠᠷᠢᠯᠴᠠᠨ ᠦᠢᠯᠡᠳᠦᠯᠴᠡᠬᠦ ᠶᠢ ᠨᠡᠩ ᠰᠠᠶᠢᠨ ᠥᠷᠨᠢᠭᠦᠯᠵᠦ ᠴᠢᠳᠠᠨ᠎ᠠ ᠭᠡᠨ᠎ᠡ᠃    ᠠᠳᠠᠯᠢ ᠪᠤᠰᠤ ᠳᠡᠰ ᠳᠠᠪᠬᠤᠷᠭ᠎ᠠ ᠶᠢᠨ ᠰᠤᠷᠤᠭᠴᠢᠳ ᠲᠤ ᠴᠢᠭᠯᠡᠭᠦᠯᠦᠨ ᠰᠤᠷᠤᠭᠴᠢᠳ ᠤᠨ ᠬᠢᠵᠦ ᠳᠡᠶᠢᠯᠬᠦ ᠰᠤᠷᠤᠯᠭ᠎ᠠ ᠶᠢᠨ ᠡᠭᠦᠷᠭᠡ ᠪᠤᠶᠤ ᠳᠠᠰᠬᠠᠯ ᠢ ᠲᠥᠯᠥᠪᠯᠡᠨ ᠭᠠᠷᠭᠠᠬᠤ ᠶᠢᠨ ᠬᠠᠮᠲᠤ ᠴᠠᠭ ᠲᠤᠬᠠᠢ ᠳᠤᠨᠢ ᠦᠪᠡᠷᠮᠢᠴᠢᠯᠡᠭᠰᠡᠨ ᠶᠠᠪᠤᠴᠠ ᠶᠢᠨ ᠦᠨᠡᠯᠡᠯᠲᠡ ᠥᠭᠬᠦ ᠨᠢ ᠰᠤᠷᠤᠭᠴᠢᠳ ᠤᠨ ᠳᠠᠰᠬᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ ᠰᠤᠷᠤᠭᠴᠢᠳ ᠤᠨ ᠰᠤᠷᠤᠯᠭ᠎ᠠ ᠶᠢᠨ ᠦᠷ᠎ᠡ ᠪᠦᠲᠦᠮᠵᠢ ᠶᠢ ᠪᠠᠲᠤᠯᠠᠬᠤ ᠳᠤ ᠠᠰᠢᠭᠲᠠᠢ ᠶᠤᠮ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号