ᠲᠠᠢ ᠫᠢᠩ ᠰᠢᠶᠠᠩ᠄ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠬᠠᠤᠯᠢᠵᠢᠯ ᠤᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/11/8
   ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠪᠥᠬᠦ ᠪᠠᠭᠰᠢ ᠰᠤᠷᠤᠭᠴᠢᠳ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠴᠢᠩᠭᠠᠳᠬᠠᠬᠤ ᠶᠢᠨ ᠲᠥᠯᠥᠭᠡ᠂ 11 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠲᠠᠢ ᠫᠢᠩ ᠰᠢᠶᠠᠩ ᠤᠨ ᠠᠮᠤᠷ ᠲᠦᠪᠰᠢᠨ ᠤ ᠠᠯᠪᠠᠨ ᠭᠡᠷ ᠰᠢᠶᠠᠩ ᠤᠨ ᠬᠠᠤᠯᠢ ᠴᠠᠭᠠᠵᠠ ᠶᠢᠨ ᠭᠠᠵᠠᠷ᠂ ᠨᠢᠭᠡᠳᠦᠮᠡᠯ ᠹᠷᠣᠨᠲ ᠤᠨ ᠠᠯᠪᠠᠨ ᠭᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠠᠢ ᠬᠤᠯᠪᠤᠭᠠᠯᠠᠵᠦ᠂ ᠲᠠᠢ ᠫᠢᠩ ᠭᠤᠣᠯ ᠪᠠᠭ᠎ᠠ ᠰᠤᠷᠭᠠᠭᠤᠯᠢ ᠳᠤ ᠬᠦᠷᠴᠦ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠥᠷᠨᠢᠭᠦᠯᠪᠡ᠃    ᠰᠤᠷᠭᠠᠭᠤᠯᠢ ᠶᠢᠨ ᠬᠦᠷᠢᠶᠡᠨ ᠳᠤ ᠣᠷᠣᠬᠤ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ  ᠢ ᠬᠡᠷᠡᠭᠯᠡᠬᠦ ᠲᠠᠯ᠎ᠠ ᠪᠠᠷ ᠬᠢ ᠨᠠᠷᠢᠨ ᠨᠢᠮᠪᠠᠢ ᠠᠩᠬᠠᠷᠤᠯ ᠢ ᠭᠠᠵᠠᠷ ᠪᠣᠯᠭᠠᠨ ᠳᠤ ᠣᠯᠵᠤ ᠬᠠᠷᠠᠳᠠᠭ ᠪᠥᠭᠡᠳ ᠠᠰᠠᠷ ᠪᠦᠷᠢ ᠶᠢᠨ ᠬᠡᠷᠡᠮ ᠳᠡᠭᠡᠷ᠎ᠡ ᠴᠥᠮ ᠰᠤᠷᠤᠭᠴᠢᠳ ᠤᠨ ᠰᠢᠯᠢᠳᠡᠭ ᠤᠷᠠᠨ ᠪᠢᠴᠢᠯᠭᠡ ᠶᠢᠨ ᠪᠦᠲᠦᠭᠡᠯ ᠢ ᠲᠦᠭᠦᠷᠡᠲᠡᠯ᠎ᠡ ᠡᠯᠭᠦᠵᠦ ᠪᠠᠶᠢᠳᠠᠭ᠃ ᠬᠤᠷᠠᠯ ᠤᠨ ᠭᠡᠷ ᠲᠤ ᠢᠷᠡᠬᠦ ᠳᠤ᠂ ᠰᠤᠷᠤᠭᠴᠢᠳ ᠠᠯᠢ ᠬᠡᠳᠦᠶᠢᠨ ᠰᠠᠭᠤᠳᠠᠯ ᠳᠠᠭᠠᠨ ᠰᠠᠭᠤᠵᠤ ᠬᠦᠯᠢᠶᠡᠪᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢᠳ ᠲᠥᠬᠦᠮ ᠲᠠᠨᠢᠯᠴᠠᠭᠤᠯᠭ᠎ᠠ ᠪᠠᠷ ᠡᠬᠢᠯᠡᠯᠲᠡ ᠶᠢᠨ ᠦᠭᠡ ᠪᠣᠯᠭᠠᠵᠤ᠂ ᠥᠨᠥᠳᠥᠷ ᠤᠨ ︽ᠬᠠᠤᠯᠢ ᠪᠠᠷ ᠵᠠᠰᠠᠬᠤ ᠪᠠᠭ᠎ᠠ ᠬᠢᠴᠢᠶᠡᠯ ᠤᠨ ᠲᠠᠩᠬᠢᠮ︾ ᠢ ᠡᠬᠢᠯᠡᠭᠦᠯᠦᠭᠰᠡᠨ ᠪᠠᠶᠢᠨ᠎ᠠ᠃    ᠬᠠᠤᠯᠢ ᠴᠠᠭᠠᠵᠠ ᠶᠢᠨ ᠭᠠᠵᠠᠷ ᠤᠨ ᠺᠠᠳ᠋ᠷᠴᠤᠳ ᠥᠪᠡᠷ ᠤᠨ ᠵᠣᠬᠢᠶᠠᠭᠰᠠᠨ ᠬᠢᠴᠢᠶᠡᠯ ᠲᠠᠢ ᠪᠠᠨ ᠤᠶᠠᠯᠳᠤᠭᠤᠯᠤᠨ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠵᠢᠴᠢ ᠬᠤᠣᠷ ᠬᠥᠨᠥᠭᠡᠯ ᠢ ᠲᠠᠨᠢᠯᠴᠠᠭᠤᠯᠵᠤ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠪᠣᠯ ᠨᠢᠭᠡ ᠵᠦᠢᠯ ᠤᠨ ᠪᠤᠷᠤᠭᠤ ᠠᠵᠢᠯᠯᠠᠭ᠎ᠠ ᠮᠥᠨ ᠭᠡᠳᠡᠭ ᠢ ᠣᠶᠢᠯᠠᠭᠠᠭᠤᠯᠵᠤ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠤᠨ ᠬᠦᠴᠦᠷᠬᠡᠭᠯᠡᠯ ᠶᠠᠪᠤᠭᠤᠯᠤᠭᠴᠢ ᠪᠣᠯᠵᠤ ᠶᠠᠭᠠᠬᠢᠭᠰᠠᠨ ᠴᠤ ᠪᠣᠯᠬᠤ ᠦᠭᠡᠢ ᠭᠡᠵᠡᠢ᠃ ᠡᠭᠦᠨ ᠤ ᠵᠡᠷᠭᠡ ᠳᠤ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠬᠡᠷᠬᠢᠨ ᠰᠡᠷᠭᠡᠶᠢᠯᠡᠬᠦ ᠪᠠ ᠠᠷᠭᠠᠴᠠᠬᠤ ᠶᠢ ᠬᠡᠯᠡᠵᠦ ᠥᠭᠴᠦ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠢ ᠪᠠᠨ ᠬᠠᠮᠠᠭᠠᠯᠠᠵᠤ᠂ ᠬᠠᠤᠯᠢ ᠪᠠᠷ ᠵᠠᠰᠠᠬᠤ ᠤᠬᠠᠮᠰᠠᠷ ᠪᠣᠯᠣᠨ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠦᠨᠡᠨᠬᠦ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠶᠢᠨ ᠡᠰᠡᠷᠭᠦ ︽ ᠪᠤᠯᠬᠤ ᠦᠭᠡᠢ︾ ᠭᠡᠵᠦ ᠬᠡᠯᠡᠬᠦ ᠬᠡᠷᠡᠭᠲᠡᠢ᠃    ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠮᠲᠤ ᠰᠤᠷᠤᠭᠴᠢᠳ ᠲᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠶᠢᠨ ᠴᠢᠬᠤᠯᠠ ᠠᠴᠢ ᠬᠤᠯᠪᠣᠭᠳᠠᠯ ᠪᠠ ᠦᠢᠯᠡᠳᠦᠯ ᠢ ᠲᠠᠶᠢᠯᠪᠤᠷᠢᠯᠠᠵᠤ ᠥᠭᠪᠡ᠃ ᠣᠨᠴᠠᠭᠠᠶᠢᠯᠠᠨ ᠰᠦᠯᠵᠢᠶᠡᠨ ᠤ ᠬᠠᠮᠠᠭᠠᠯᠠᠯᠲᠠ ᠶᠢ ᠳᠤᠷᠠᠳᠬᠤ ᠳᠠᠭᠠᠨ ᠰᠤᠷᠤᠭᠴᠢᠳ ᠤᠨ ᠰᠦᠯᠵᠢᠶ᠎ᠡ ᠶᠢ ᠰᠢᠨᠵᠢᠯᠡᠬᠦ ᠤᠬᠠᠭᠠᠨᠴᠢ᠂ ᠪᠣᠯᠪᠠᠰᠤᠨ᠂ ᠠᠮᠤᠷ ᠲᠦᠪᠰᠢᠨ᠂ ᠵᠦᠢ ᠵᠣᠬᠢᠰᠲᠠᠢ ᠪᠠᠷ ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠬᠥᠮᠥᠵᠢᠭᠦᠯᠵᠦ᠂ ᠰᠦᠯᠵᠢᠶᠡᠨ ᠤ ᠳᠠᠯᠠᠢ ᠲᠠᠩᠭᠢᠰ ᠲᠤ ᠥᠪᠡᠷ ᠤᠨ ᠴᠢᠯᠦᠭᠡᠲᠡᠢ ᠵᠤᠭᠠᠴᠠᠬᠤ᠂ ᠡᠷᠡᠭᠦᠯ ᠢᠶᠠᠷ ᠦᠰᠦᠨ ᠪᠣᠶᠢᠵᠢᠬᠤ ᠭᠡᠵᠦ ᠴᠢᠬᠤᠯᠠᠴᠢᠯᠠᠪᠠ᠃    ᠰᠠᠶᠢᠨ ᠳᠤᠷ᠎ᠠ ᠶᠢᠨ ᠠᠵᠢᠯᠯᠠᠭᠴᠢᠳ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ᠶᠢᠨ ᠬᠡᠰᠡᠭ ᠠᠭᠤᠯᠭ᠎ᠠ ᠶᠢ ᠤᠯᠠᠨ ᠳᠤ ᠲᠠᠨᠢᠯᠴᠠᠭᠤᠯᠤᠭᠰᠠᠨ ᠪᠥᠭᠡᠳ ᠰᠤᠷᠤᠭᠴᠢᠳ ᠤᠨ ᠠᠰᠠᠭᠤᠯᠲᠠ ᠲᠠᠢ ᠰᠠᠨᠠᠯ ᠢᠶᠠᠨ ᠰᠣᠯᠢᠯᠴᠠᠵᠤ᠂ ᠲᠡᠳᠡᠨ ᠤ ᠦᠷᠭᠦᠯᠵᠢᠯᠡᠨ ᠪᠡᠶ᠎ᠡ ᠪᠠᠷ ᠢᠶᠠᠨ ᠬᠡᠪ ᠳᠦᠷᠢᠮ ᠪᠣᠯᠬᠤ ᠶᠢ ᠪᠠᠷᠢᠮᠲᠠᠯᠠᠵᠤ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃    ᠲᠣᠰ ᠤᠳᠠᠭᠠᠨ ᠤ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠳᠤ ︽ᠢᠷᠭᠡᠨ ᠤ ᠬᠠᠤᠯᠢ ᠶᠢᠨ ᠪᠢᠴᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢᠨ ᠤᠬᠠᠭᠤᠯᠭ᠎ᠠ ᠶᠢᠨ ᠤᠩᠰᠢᠬᠤ ᠪᠢᠴᠢᠭ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠵᠢᠴᠢ ᠭᠠᠵᠢᠭᠤ ᠨᠣᠮᠯᠠᠯ ᠢ ᠡᠰᠡᠷᠭᠦᠴᠡᠬᠦ ᠬᠠᠮᠢᠶ᠎ᠠ ᠪᠦᠬᠦᠢ ᠠᠭᠤᠯᠭ᠎ᠠ ᠶᠢᠨ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 500 ᠭᠠᠷᠤᠢ ᠬᠤᠪᠢ ᠲᠠᠷᠬᠠᠭᠠᠪᠠ᠃ ᠪᠥᠬᠦ ᠰᠤᠷᠭᠠᠭᠤᠯᠢ ᠶᠢᠨ 11 ᠠᠩᠭᠢ ᠵᠢᠴᠢ ᠭᠡᠷ ᠳᠣᠲᠣᠷᠠᠬᠢ ᠡᠯᠧᠺᠲᠷᠣᠨ ᠳᠡᠯᠭᠡᠴᠡ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠸᠢᠳᠢᠤ᠋ ᠶᠢ ᠡᠷᠭᠢᠯᠳᠦᠭᠦᠯᠦᠨ ᠨᠠᠪᠲᠠᠷᠡᠭᠦᠯᠵᠦ᠂ ᠰᠤᠷᠭᠠᠭᠤᠯᠢ ᠶᠢᠨ ᠬᠦᠷᠢᠶᠡᠨ ᠳᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠲᠤᠬᠠᠢ ᠶᠢᠨ ᠲᠠᠯᠠᠪᠠᠶ ᠳᠤ ᠪᠠᠶᠢᠭᠰᠠᠨ ᠰᠤᠷᠤᠭᠴᠢᠳ ︽ᠠᠬ᠎ᠠ ᠡᠭᠡᠴᠢ ᠨᠠᠷ ᠤᠨ ᠶᠠᠷᠢᠬᠤ ᠶᠢ ᠰᠣᠨᠣᠰᠤᠭᠠᠳ᠂ ᠬᠠᠤᠯᠢ ᠴᠠᠭᠠᠵᠠ ᠶᠢᠨ ᠴᠢᠬᠤᠯᠠ ᠴᠢᠨᠠᠷ ᠢ ᠨᠡᠩ ᠲᠣᠳᠣᠷᠬᠠᠢ ᠲᠠᠨᠢᠵᠤ᠂ ᠬᠤᠶᠢᠰᠢᠳᠠ ᠶᠢᠨ ᠠᠮᠢᠳᠤᠷᠠᠯ ᠪᠠ ᠰᠤᠷᠤᠯᠴᠠᠯᠭ᠎ᠠ ᠶᠢᠨ ᠳᠤᠮᠳᠠ ᠬᠠᠤᠯᠢ ᠶᠢ ᠮᠡᠳᠡᠬᠦ᠂ ᠬᠠᠤᠯᠢ ᠶᠢ ᠦᠢᠯᠭᠠᠵᠦ᠂ ᠬᠠᠤᠯᠢ ᠶᠢ ᠬᠡᠷᠡᠭᠯᠡᠬᠦ ᠰᠠᠶᠢᠨ ᠢᠷᠭᠡᠨ ᠪᠣᠯᠬᠤ ᠪᠠᠷ ᠴᠢᠷᠮᠠᠶᠢᠨ᠎ᠠ︾ ᠭᠡᠵᠦ ᠢᠯᠡᠷᠬᠡᠶᠢᠯᠡᠵᠡᠢ᠃    ︽ᠮᠠᠨ ᠤ ᠪᠢᠴᠢᠬᠠᠨ ᠨᠦᠭᠦᠳ ᠵᠥᠪ ᠪᠤᠷᠤᠭᠤ ᠶᠢ ᠢᠯᠭᠠᠨ ᠲᠠᠨᠢᠬᠤ ᠴᠢᠳᠠᠪᠤᠷᠢ ᠬᠠᠷᠠᠬᠠᠨ ᠪᠦᠷᠢᠯᠳᠦᠭᠡᠳᠦᠢ ᠪᠠᠶᠢᠨ᠎ᠠ᠂ ᠡᠨᠡ ᠤᠳᠠᠭᠠᠨ ᠤ ︿ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ﹀ ᠠᠵᠢᠯᠯᠠᠭ᠎ᠠ ᠨᠢ ᠣᠯᠠᠨ ᠳᠤ ᠨᠢᠭᠡᠨ ᠤᠳᠠᠭᠠᠨ ᠤ ᠠᠮᠢᠳᠤᠯᠢᠭ ᠰᠣᠨᠢᠷᠬᠠᠯᠲᠠᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠣᠷᠣᠵᠤ᠂ ᠪᠠᠭᠰᠢ ᠨᠠᠷ ᠴᠤ ᠡᠨᠡᠬᠦ ᠲᠣᠬᠢᠶᠠᠯ ᠢ ᠠᠰᠢᠭᠯᠠᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠳᠠᠬᠢᠨ ᠳᠠᠪᠲᠠᠵᠠᠢ᠂ ᠮᠠᠨ ᠤ ᠪᠠᠭᠰᠢ ᠨᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠦᠷᠭᠦᠯᠵᠢᠯᠡᠨ ᠪᠠᠷᠢᠮᠲᠠᠯᠠᠵᠤ᠂ ᠠᠮᠤᠷ ᠲᠦᠪᠰᠢᠨ ᠤ ᠬᠠᠯᠬᠠᠪᠴᠢ ᠶᠢ ᠰᠡᠳᠬᠢᠯ ᠲᠠᠯᠪᠢᠨ ᠪᠣᠰᠬᠠᠵᠤ᠂ ᠨᠠᠰᠤᠨ ᠳᠤ ᠥᠯᠥ ᠬᠦᠷᠦᠭᠰᠡᠳ ᠢ ᠬᠠᠶᠢᠷ᠎ᠠ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ︾ ᠭᠡᠵᠦ ᠲᠠᠢ ᠫᠢᠩ ᠭᠤᠣᠯ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠶᠠᠩ ᠽᠢ ᠴᠧᠩ ᠬᠦᠰᠡᠨ ᠬᠦᠯᠢᠶᠡᠵᠦ ᠬᠡᠯᠡᠪᠡ᠃    ᠵᠠᠯᠠᠭᠤ ᠪᠠᠭᠠᠴᠤᠳ ᠤᠨ ᠱᠠᠲᠤ ᠦᠶ᠎ᠡ ᠪᠣᠯ ᠬᠥᠮᠥᠨ ᠤ ᠠᠮᠢᠳᠤᠷᠠᠯ ᠤᠨ ︽ᠲᠦᠷᠦᠭᠦᠯᠡᠬᠦ ᠬᠤᠭᠤᠴᠠᠭ᠎ᠠ︾ ᠮᠥᠨ ᠪᠣᠯᠬᠤᠷ ᠨᠠᠷᠢᠨ ᠨᠢᠮᠪᠠᠢ ᠬᠥᠲᠥᠯᠥᠨ ᠵᠢᠯᠤᠭᠤᠳᠬᠤ ᠪᠠ ᠬᠥᠮᠥᠵᠢᠭᠦᠯᠬᠦ ᠶᠢ ᠬᠠᠮᠤᠭ ᠠᠴᠠ ᠢᠯᠡᠭᠦᠦ ᠱᠠᠭᠠᠷᠳᠠᠳᠠᠭ᠂ ᠲᠣᠰ ᠤᠳᠠᠭᠠᠨ ᠤ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠪᠠᠷ ᠳᠠᠮᠵᠢᠭᠤᠯᠤᠨ᠂ ᠪᠠᠭᠰᠢ ᠰᠤᠷᠤᠭᠴᠢᠳ ᠤᠨ ᠬᠠᠤᠯᠢ ᠪᠠᠷ ᠵᠠᠰᠠᠬᠤ ᠤᠬᠠᠮᠰᠠᠷ ᠪᠠ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠲᠤᠶᠢᠯ ᠤᠨ ᠶᠡᠭᠡ ᠪᠠᠷ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号