ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠪᠠᠳᠤᠯᠠᠨ᠎ᠠ ︱ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠣᠨᠴᠠᠭᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2023/11/8
   ᠣᠨᠴᠠᠭᠠᠶ ᠴᠠᠭ ᠠᠭᠤᠷ ᠤᠨ ᠪᠠᠶᠢᠳᠠᠯ ᠳᠣᠣᠷᠠᠬᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠤᠨ ᠲᠣᠭᠲᠠᠭᠤᠨ ᠪᠠᠶᠢᠬᠤ ᠪᠠ ᠪᠠᠭᠰᠢ ᠰᠣᠷᠣᠭᠴᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠠᠵᠢᠯ ᠢ ᠴᠢᠩᠭᠠᠳᠬᠠᠵᠤ᠂ ᠣᠨᠴᠠᠭᠠᠶ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠪᠡ᠃
   ᠨᠢᠭᠡ ᠳᠤ 11 ᠰᠠᠷ᠎ᠠ ᠶᠢᠨ 5 ᠤ ᠡᠳᠦᠷ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠣᠨᠴᠠᠭᠠᠶ ᠴᠠᠭ ᠠᠭᠤᠷ ᠢ ᠠᠷᠭᠠᠴᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠤᠰ ᠤᠳᠠᠭᠠᠨ ᠤ ᠬᠤᠷᠠᠯ ᠢ ᠳᠡᠳ᠋ ᠲᠣᠪᠴᠢᠶᠠᠨ ᠳᠠᠷᠤᠭ᠎ᠠ ᠭᠤᠣ ᠰᠢᠶᠣᠣ ᠳ᠋ᠦᠩ ᠡᠷᠬᠢᠯᠡᠨ ᠬᠤᠷᠠᠯᠳᠤᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠪᠥᠬᠦ ᠰᠢᠶᠠᠨ ᠤ 98 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 100 ᠭᠠᠷᠤᠢ ᠰᠤᠷᠭᠠᠭᠤᠯᠢ ᠴᠡᠴᠡᠷᠯᠢᠭ ᠤᠨ ᠳᠠᠷᠤᠭ᠎ᠠ ᠪᠠ ᠳᠡᠳ᠋ ᠳᠠᠷᠤᠭ᠎ᠠ ᠣᠷᠣᠯᠴᠠᠵᠤ᠂ ᠬᠤᠷᠠᠯ ᠠᠴᠠ ᠣᠳᠣᠬᠠᠨ ᠤ ᠣᠨᠴᠠᠭᠠᠶ ᠴᠠᠭ ᠠᠭᠤᠷ ᠤᠨ ᠰᠡᠷᠡᠮᠵᠢᠯᠡᠭᠦᠯᠦᠯ ᠤᠨ ᠪᠠᠶᠢᠳᠠᠯ ᠳᠣᠣᠷ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠡᠮ ᠰᠣᠭᠤᠭ ᠢ ᠪᠠᠶᠢᠴᠠᠭᠠᠬᠤ ᠂ ᠠᠮᠤᠷ ᠲᠦᠪᠰᠢᠨ ᠤ ᠬᠥᠮᠦᠵᠢᠯ ᠬᠢᠬᠦ᠂ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠢᠶᠠᠷ ᠠᠵᠢᠯᠯᠠᠬᠤ ᠪᠠ ᠵᠢᠵᠢᠭᠦᠷᠯᠡᠨ ᠰᠠᠬᠢᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠭᠤᠣᠯᠳᠠᠯᠭ᠎ᠠ ᠲᠠᠢ ᠪᠠᠷ ᠪᠠᠶᠢᠷᠢᠯᠠᠭᠤᠯᠤᠨ ᠴᠢᠬᠤᠯᠠᠴᠢᠯᠠᠭᠰᠠᠨ ᠪᠥᠭᠡᠳ ᠠᠵᠢᠯ ᠤᠨ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
   ᠬᠤᠶᠠᠷ ᠲᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠣᠶ ᠪᠦᠬᠦᠢ ᠪᠠᠷᠢᠯᠭ᠎ᠠ ᠵᠢᠴᠢ ᠬᠦᠷᠢᠶ᠎ᠡ ᠬᠡᠷᠡᠮ᠂ ᠲᠡᠷᠭᠡᠨ ᠤ ᠰᠠᠷᠠᠪᠴᠢ᠂ ᠴᠠᠬᠢᠯᠭᠠᠨ ᠤ ᠱᠤᠭᠤᠮ ᠵᠡᠷᠭᠡ ᠣᠷᠣᠨ ᠪᠠᠶᠢᠷᠢ ᠪᠠ ᠲᠥᠬᠦᠭᠡᠷᠦᠮᠵᠢ ᠳᠤ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠭᠤᠣᠯᠳᠠᠯᠭ᠎ᠠ ᠲᠠᠢ ᠪᠠᠷ ᠶᠠᠪᠤᠭᠳᠠᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠪᠠᠷᠢᠯᠭ᠎ᠠ ᠶᠢᠨ ᠳᠡᠭᠡᠪᠦᠷ᠂ ᠬᠦᠷᠢᠶ᠎ᠡ ᠬᠡᠷᠡᠮ᠂ ᠫᠧᠩ ᠰᠠᠷᠠᠪᠴᠢ᠂ ᠮᠣᠳᠣ᠂ ᠭᠡᠷ ᠤᠨ ᠭᠠᠳᠠᠨᠠᠬᠢ ᠤᠬᠠᠭᠤᠯᠭ᠎ᠠ ᠶᠢᠨ ᠬᠠᠪᠲᠠᠰᠤᠨ ᠬᠤᠩᠭᠢᠯ ᠪᠠ ᠡᠯᠧᠺᠲᠷᠣᠨ ᠬᠠᠯᠬᠠᠪᠴᠢ ᠵᠡᠷᠭᠡ ᠳᠤ ᠪᠠᠬᠢᠯᠡᠬᠦ ᠠᠷᠭ᠎ᠠ ᠬᠡᠮᠵᠢᠶ᠎ᠡ ᠠᠪᠴᠤ᠂ ᠬᠦᠷᠢᠶ᠎ᠡ ᠬᠡᠷᠡᠮ ᠪᠤᠶᠤ ᠳᠡᠭᠡᠪᠦᠷ ᠨᠤᠷᠠᠬᠤ ᠪᠠ ᠭᠡᠷ ᠤᠨ ᠣᠷᠣᠢ ᠳᠡᠭᠡᠷᠡᠬᠢ ᠡᠯᠳᠡᠪ ᠶᠠᠭᠤᠮ᠎ᠠ ᠤᠨᠠᠵᠤ ᠢᠷᠡᠬᠦ ᠵᠡᠷᠭᠡ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠭᠰᠠᠨ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃
   ᠭᠤᠷᠪᠠ ᠳᠤ ᠪᠠᠭᠰᠢ ᠰᠤᠷᠤᠭᠴᠢᠳ ᠤᠨ ᠶᠠᠪᠤᠵᠤ ᠰᠠᠭᠤᠬᠤ ᠠᠮᠤᠷ ᠲᠦᠪᠰᠢᠨ ᠢ ᠬᠦᠴᠦᠯᠡᠨ ᠴᠢᠩᠭᠠᠳᠬᠠᠨ᠎ᠠ᠃ 11 ᠰᠠᠷ᠎ᠠ ᠶᠢᠨ 5 ᠤ ᠦᠳᠡ ᠶᠢᠨ ᠬᠤᠶᠢᠨ᠎ᠠ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠣᠷᠣᠭᠴᠢ ᠶᠢ ᠤᠷᠢᠳᠴᠢᠯᠠᠨ ᠰᠤᠷᠭᠠᠭᠤᠯᠢ ᠳᠤᠨᠢ ᠪᠤᠴᠠᠭᠠᠬᠤ ᠪᠠᠷ ᠲᠣᠬᠢᠷᠠᠭᠤᠯᠪᠠ᠃ ᠳᠡᠳ᠋ ᠲᠣᠪᠴᠢᠶᠠᠨ ᠳᠠᠷᠤᠭ᠎ᠠ ᠭᠤᠸ ᠰᠢᠶᠣᠣ ᠳ᠋ᠦᠩ ᠪᠡᠶ᠎ᠡ ᠪᠠᠷ ᠢᠶᠠᠨ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠢᠨᠠᠨ ᠡᠵᠡᠮᠳᠡᠬᠦ ᠲᠠᠪᠴᠠᠩ ᠳᠤ ᠰᠣᠷᠣᠭᠴᠢ ᠶᠢ ᠲᠤᠰᠴᠤ ᠬᠦᠷᠭᠡᠬᠦ ᠶᠢ ᠵᠢᠯᠣᠭᠤᠳᠤᠨ ᠲᠣᠬᠢᠷᠠᠭᠤᠯᠤᠭᠰᠠᠨ ᠪᠥᠭᠡᠳ ᠰᠤᠷᠭᠠᠭᠤᠯᠢ ᠶᠢᠨ ᠲᠡᠷᠭᠡ ᠶᠢᠨ ᠡᠵᠡᠩᠨᠡᠯᠲᠡ ᠶᠢᠨ ᠺᠣᠮᠫᠠᠨᠢ ᠶᠢ ᠰᠢᠪᠠᠳᠠᠨ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠴᠢᠨᠠᠷ ᠴᠢᠨᠰᠠᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ 11 ᠰᠠᠷ᠎ᠠ ᠶᠢᠨ 5 ᠤ ᠡᠳᠦᠷ ᠤᠨ 13᠄ 00 ᠠᠴᠠ 15᠄ 05 ᠮᠢᠨᠦ᠋ᠲ ᠪᠤᠯᠳᠠᠯ᠎ᠠ ᠰᠤᠷᠤᠭᠴᠢᠳ ᠢ ᠲᠤᠰᠴᠤ ᠠᠪᠬᠤ ᠡᠭᠦᠷᠭᠡ ᠪᠠᠨ ᠪᠡᠶᠡᠯᠡᠭᠦᠯᠵᠦ᠂ ᠨᠡᠶᠢᠲᠡ 60 ᠰᠤᠷᠭᠠᠭᠤᠯᠢ ᠶᠢᠨ ᠲᠡᠷᠭᠡ ᠪᠣᠯᠣᠨ 60 ᠵᠢᠯᠣᠭᠤᠴᠢ ᠠᠵᠢᠯ ᠳᠤ ᠭᠠᠷᠴᠤ ᠂ 9 ᠰᠤᠷᠭᠠᠭᠤᠯᠢ ᠶᠢᠨ 1901 ᠬᠥᠮᠥᠨ ᠤᠳᠠᠭ᠎ᠠ ᠶᠢᠨ ᠲᠤᠰᠴᠤ ᠬᠦᠷᠭᠡᠬᠦ ᠡᠭᠦᠷᠭᠡ ᠪᠠᠨ ᠤᠷᠤᠭᠰᠢᠲᠠᠢ ᠪᠡᠶᠡᠯᠡᠭᠦᠯᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号