ᠰᠤᠷᠤᠭᠴᠢᠳ ᠢ ᠬᠦᠳᠡᠯᠭᠡᠭᠡᠨ ᠬᠢᠯᠭᠡᠬᠦ ︽ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ︾
ᠨᠡᠶᠢᠲᠡᠯᠡᠭᠰᠡᠨ ᠴᠠᠭ᠄
2023/12/10
   ᠲᠦᠴᠢᠦᠸᠠᠨ ᠰᠢᠶᠠᠨ ᠤ ᠰᠤᠷᠭᠠᠭᠤᠯᠢ ᠶᠢᠨ ᠬᠦᠷᠢᠶᠡᠨ ᠳᠤ ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ ᠪᠤᠯ᠂ ᠪᠦᠷᠢᠨ ᠲᠡᠭᠦᠯᠳᠡᠷ ᠠᠷᠪᠠᠨ ᠮᠢᠨᠦ᠋ᠲ᠂ ᠪᠠᠶᠠᠷ ᠬᠥᠷ ᠲᠠᠢ ᠠᠷᠪᠠᠨ ᠮᠢᠨᠦ᠋ᠲ᠂ ᠰᠤᠯᠠ ᠰᠡᠯᠡᠭᠦᠦ ᠠᠷᠪᠠᠨ ᠮᠢᠨᠦ᠋ᠲ᠂ ᠮᠥᠨ ᠴᠦ ᠬᠡᠦᠬᠡᠳ ᠤᠳ ᠤᠨ ᠬᠠᠮᠤᠭ ᠤᠨ ᠳᠤᠷᠠᠲᠠᠢ ᠠᠷᠪᠠᠨ ᠮᠢᠨᠦ᠋ᠲ ᠪᠤᠯᠤᠨ᠎ᠠ᠃ ᠣᠶᠢᠷ᠎ᠠ ᠶᠢᠨ ᠵᠢᠯ ᠳᠤ᠂ ᠲᠦᠴᠢᠦᠸᠠᠨ ᠰᠢᠶᠠᠨ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ︽ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ︾ ᠢ ᠠᠰᠢᠭᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠶᠢᠨ ᠲᠠᠮᠢᠷ ᠢᠶᠠᠷ ᠬᠥᠮᠥᠨ ᠢ ᠬᠦᠮᠦᠵᠢᠭᠦᠯᠬᠦ ᠠᠷᠭ᠎ᠠ ᠪᠠᠷ ᠳᠠᠮᠵᠢᠭᠤᠯᠤᠨ᠂ ᠲᠠᠪᠤᠨ ᠬᠥᠮᠦᠵᠢᠯ ᠤᠨ ᠠᠭᠤᠰᠤᠯᠴᠠᠯ ᠢ ᠪᠡᠶᠡᠯᠡᠭᠦᠯᠵᠦ᠂ ᠰᠤᠷᠤᠭᠴᠢᠳ ᠤᠨ ᠡᠷᠡᠭᠦᠯ ᠢᠶᠠᠷ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠪᠠ᠃    ᠲᠦᠴᠢᠦᠸᠠᠨ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ᠂ ᠬᠢᠴᠢᠶᠡᠯ ᠪᠠᠭᠤᠬᠤ ᠬᠤᠩᠬ᠎ᠠ ᠳᠤᠤᠭᠠᠷᠤᠮᠠᠭᠴᠠ ᠰᠤᠷᠤᠭᠴᠢᠳ ᠬᠢᠴᠢᠶᠡᠯ ᠤᠨ ᠭᠡᠷ ᠠᠴᠠ ᠪᠠᠨ ᠲᠠᠮᠢᠷ ᠤᠨ ᠲᠠᠯᠠᠪᠠᠢ ᠵᠦᠭ  ᠲᠠᠪᠬᠢᠵᠦ᠂ ᠨᠠᠮ ᠬᠥᠮ ᠲᠠᠮᠢᠷ ᠤᠨ ᠲᠠᠯᠠᠪᠠᠢ ᠳᠣᠣᠷ᠎ᠠ ᠪᠠᠨ ᠬᠦᠷ ᠬᠥᠭᠵᠢᠶᠡᠨ ᠲᠠᠢ ᠪᠣᠯᠵᠤ᠂ ᠬᠥᠯ ᠳᠡᠭᠡᠷ᠎ᠡ ᠨᠢ ᠨᠣᠴᠣᠯᠳᠤᠭᠰᠠᠨ᠂ ᠡᠯᠡᠰᠦᠨ ᠤᠭᠤᠳᠠᠨ ᠰᠢᠳᠡᠭᠰᠡᠨ᠂ ᠬᠠᠳᠠ ᠮᠠᠴᠤᠬᠤ᠂ ᠬᠤᠯᠠ ᠬᠠᠷᠠᠶᠢᠭᠰᠠᠨ᠂ ᠬᠥᠯ ᠪᠥᠮᠪᠦᠭᠡ ᠢᠰᠬᠦᠯᠦᠭᠰᠡᠨ᠂ ᠰᠠᠭᠰᠤᠨ ᠪᠥᠮᠪᠦᠭᠡ ᠠᠭᠠᠳᠤᠵᠦ ᠪᠠᠶᠢᠭ᠎ᠠ ᠬᠦᠷ ᠬᠥᠭᠵᠢᠶᠡᠨ ᠲᠠᠢ ᠪᠠᠶᠢᠳᠠᠯ ᠨᠢ ᠬᠥᠮᠥᠰ ᠢ ᠪᠠᠶᠠᠷᠯᠠᠭᠤᠯᠤᠨ᠎ᠠ᠃    ᠰᠤᠷᠪᠤᠯᠵᠢᠯᠠᠭᠴᠢ ᠰᠤᠷᠭᠠᠭᠤᠯᠢ ᠶᠢᠨ ᠵᠡᠭᠦᠨ ᠲᠠᠯ᠎ᠠ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠬᠠᠳᠠ ᠠᠪᠠᠷᠢᠬᠤ ᠬᠡᠷᠡᠮ ᠳᠤ ᠮᠠᠰᠢ ᠤᠯᠠᠨ ᠰᠤᠷᠤᠭᠴᠢᠳ ᠤᠨ ᠪᠠᠭ᠋ᠠᠷᠬᠠᠯ ᠢ ᠣᠯᠣᠭᠰᠠᠨ ᠢ ᠣᠯᠵᠤ ᠬᠠᠷᠠᠪᠠ᠂ ︽ᠮᠠᠨ ᠤ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠡᠯᠪᠡᠭ ᠪᠠᠶᠠᠯᠢᠭ ᠠᠭᠤᠯᠭ᠎ᠠ ᠲᠠᠢ᠂ ᠬᠡᠳᠦᠶᠢᠪᠡᠷ ᠴᠠᠭ ᠮᠠᠰᠢ ᠣᠬᠤᠷ ᠪᠣᠯᠪᠠᠴᠤ ᠪᠢ ᠲᠤᠩ ᠪᠠᠶᠠᠷᠲᠠᠢ ᠨᠠᠭᠠᠳᠪᠠ᠃ ᠡᠭᠦᠨ ᠤ ᠳᠣᠲᠣᠷ᠎ᠠ᠂ ᠪᠢ ᠬᠠᠳᠠ ᠠᠪᠠᠷᠢᠬᠤ ᠮᠠᠰᠢ ᠳᠤᠷᠠᠲᠠᠢ᠂ ᠡᠨᠡ ᠬᠦ ᠲᠠᠮᠢᠷ ᠤᠨ ᠬᠥᠳᠡᠯᠭᠡᠭᠡᠨ ᠨᠢ ᠮᠢᠨᠤ ᠳᠡᠭᠡᠳᠦ ᠮᠥᠴᠢ ᠶᠢᠨ ᠬᠦᠴᠦᠨ ᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠪᠠᠰᠠ ᠪᠡᠶ᠎ᠡ ᠮᠠᠬᠠᠪᠤᠳ ᠤᠨ ᠵᠣᠬᠢᠴᠠᠩᠭᠤᠢ ᠴᠢᠨᠠᠷ ᠢ ᠳᠡᠭᠡᠭᠰᠢᠯᠡᠭᠦᠯᠵᠦ ᠴᠢᠳᠠᠨ᠎ᠠ᠂ ᠡᠶᠢᠮᠦ ᠠᠴᠠ ᠪᠢ ᠡᠨᠡ ᠬᠦ ᠲᠠᠮᠢᠷ ᠤᠨ ᠬᠥᠳᠡᠯᠭᠡᠭᠡᠨ ᠳᠤ ᠮᠠᠰᠢ ᠳᠤᠷᠠᠲᠠᠢ ᠪᠠᠶᠢᠳᠠᠭ︾ ᠭᠡᠵᠦ ᠰᠣᠷᠣᠭᠴᠢ ᠵᠠᠩ ᠢᠦᠢ ᠴᠢ ᠰᠤᠷᠪᠤᠯᠵᠢᠯᠠᠭᠴᠢ ᠳᠤ ᠪᠠᠶᠠᠷ ᠬᠥᠷ ᠲᠠᠢ ᠪᠠᠷ ᠬᠡᠯᠡᠪᠡ᠃    ᠲᠦᠴᠢᠦᠸᠠᠨ ᠰᠢᠶᠠᠨ ᠤ ᠡᠯ᠎ᠡ ᠰᠤᠷᠭᠠᠭᠤᠯᠢ ᠪᠠᠰᠠ ᠰᠤᠷᠤᠭᠴᠢᠳ ᠤᠨ ᠠᠳᠠᠯᠢ ᠪᠤᠰᠤ ᠳᠤᠷ᠎ᠠ ᠰᠣᠨᠢᠷᠬᠠᠯ ᠵᠢᠴᠢ ᠬᠥᠭᠵᠢᠯᠲᠡ ᠶᠢᠨ ᠣᠨᠴᠠᠯᠢᠭ ᠢ ᠦᠨᠳᠦᠰᠦᠯᠡᠨ᠂ ᠰᠤᠷᠭᠠᠭᠤᠯᠢ ᠶᠢᠨ ᠳᠣᠲᠣᠷ᠎ᠠ ᠪᠠᠨ ᠤᠯᠠᠨ ᠶᠠᠩᠵᠤ ᠶᠢᠨ ᠠᠵᠢᠯᠯᠠᠭᠠᠨ ᠤ ᠣᠷᠣᠨ ᠵᠠᠢ ᠶᠢ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠯᠠᠨ ᠵᠦᠢᠯ ᠤᠨ ᠬᠡᠯᠪᠡᠷᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠢ ᠬᠠᠪᠰᠤᠷᠤᠨ ᠰᠤᠷᠤᠯᠴᠠᠵᠦ ᠠᠮᠠᠷᠠᠬᠤ ᠶᠢ ᠨᠢ ᠤᠶᠠᠯᠳᠤᠭᠤᠯᠵᠠᠢ᠃    ᠲᠦᠴᠢᠦᠸᠠᠨ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠯᠢ ᠶᠧ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠪᠢᠳᠡ ᠬᠢᠴᠢᠶᠡᠯ ᠤᠨ ᠵᠠᠪᠰᠠᠷᠯᠠᠭ᠎ᠠ ᠶᠢᠨ ᠶᠡᠭᠡ ᠪᠠᠶᠠᠷ ᠪᠠᠶᠠᠰᠤᠯ ᠢ ᠡᠷᠬᠢᠮᠯᠡᠨ ᠰᠠᠨᠠᠭᠠᠴᠢᠯᠠᠵᠤ᠂ ᠰᠤᠷᠭᠠᠭᠤᠯᠢ ᠶᠢᠨ ᠬᠦᠳᠡᠯᠭᠡᠭᠡᠨ ᠤ ᠲᠠᠯᠠᠪᠠᠶ ᠶᠢᠨ ᠴᠢᠳᠠᠮᠵᠢ ᠶᠢ ᠭᠦᠢᠴᠡᠳ ᠪᠠᠳᠠᠷᠠᠭᠤᠯᠤᠨ᠂ ᠬᠦᠳᠡᠯᠭᠡᠭᠡᠨ ᠤ ᠲᠠᠯᠠᠪᠠᠶ ᠶᠢ ᠣᠯᠠᠨ ᠲᠠᠯᠠᠪᠤᠷ ᠪᠣᠯᠭᠠᠨ ᠬᠤᠪᠢᠶᠠᠵᠠᠢ᠂ ᠵᠢᠱᠢᠶᠡᠯᠡᠪᠡᠯ᠄ ᠲᠠᠮᠢᠷ ᠤᠨ ᠴᠡᠩᠭᠡᠯ ᠤᠨ ᠬᠦᠷᠢᠶᠡᠯᠡᠩ ᠳᠤ ᠠᠪᠠᠷᠢᠬᠤ᠂ ᠬᠦᠷᠳᠡᠳᠦ ᠲᠡᠩᠴᠡᠭᠦᠷᠢᠲᠦ ᠡᠯᠡᠰᠦᠨ ᠨᠦᠬᠡ᠂ ᠬᠤᠯᠠ ᠬᠠᠷᠠᠶᠢᠯᠲᠠ ᠶᠢᠨ ᠡᠯᠡᠰᠦᠨ ᠨᠦᠬᠡ᠂ ᠰᠠᠭᠰᠤᠨ ᠪᠥᠮᠪᠦᠭᠡ᠂ ᠬᠥᠯ ᠪᠥᠮᠪᠦᠭᠡ᠂ ᠡᠯᠡᠰᠦᠨ ᠤᠭᠤᠷᠳᠠ ᠴᠣᠬᠢᠬᠤ ᠵᠡᠷᠭᠡ ᠠᠵᠢᠯᠯᠠᠭ᠎ᠠ ᠳᠤ ᠬᠢᠴᠢᠶᠡᠯ ᠤᠨ ᠵᠠᠪᠰᠠᠷᠯᠠᠭ᠎ᠠ ᠳᠤ ᠪᠠᠶᠠᠷ ᠪᠠᠶᠠᠰᠤᠯ ᠪᠢᠯᠬᠠᠵᠤ ᠪᠠᠶᠢᠯ᠎ᠠ︾ ᠭᠡᠵᠡᠢ᠃    ︽ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠵᠦ᠂ ᠰᠤᠷᠤᠭᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠢᠴᠢᠶᠡᠯ ᠤᠨ ᠵᠠᠪᠰᠠᠷᠯᠠᠭ᠎ᠠ ᠳᠤ ᠪᠢᠳᠡ ᠰᠤᠷᠤᠭᠴᠢᠳ ᠢ ᠵᠣᠬᠢᠶᠠᠨ ᠪᠠᠶᠢᠭᠤᠯᠵᠤ ᠳᠡᠭᠡᠰᠦ ᠦᠰᠦᠷᠬᠦ ᠤᠷᠤᠯᠳᠤᠭᠠᠨ᠂ ᠳᠡᠭᠡᠰᠦ ᠲᠠᠲᠠᠬᠤ ᠤᠷᠤᠯᠳᠤᠭᠠᠨ᠂ ᠭᠦᠶᠦᠬᠦ ᠤᠷᠤᠯᠳᠤᠭᠠᠨ ᠳᠤ ᠣᠷᠣᠯᠴᠠᠭᠤᠯᠤᠨ᠎ᠠ᠂ ᠡᠨᠡ ᠬᠦ ᠬᠥᠳᠡᠯᠭᠡᠭᠡᠨ ᠤ ᠶᠠᠪᠤᠴᠠ ᠳᠤ᠂ ᠰᠤᠷᠤᠭᠴᠢᠳ ᠤᠨ ᠪᠦᠯᠬᠦᠮᠳᠡᠯ ᠤᠨ ᠤᠬᠠᠮᠰᠠᠷ ᠢ ᠴᠢᠩᠭᠠᠷᠠᠭᠤᠯᠤᠭᠰᠠᠨ ᠮᠥᠷᠲᠡᠭᠡᠨ ᠪᠠᠰᠠ ᠰᠤᠷᠤᠭᠴᠢᠳ ᠤᠨ ᠠᠮᠤᠷ ᠲᠦᠪᠰᠢᠨ ᠢ ᠬᠢᠨᠠᠨ ᠬᠠᠮᠢᠶᠠᠷᠤᠭᠰᠠᠨ ᠪᠠᠶᠢᠨ᠎ᠠ︾ ᠭᠡᠵᠦ ᠲᠦᠴᠢᠦᠸᠠᠨ ᠰᠢᠶᠠᠨ ᠤ ᠨᠠᠨ ᠰᠢᠶᠠᠩ ᠪᠠᠭ᠎ᠠ ᠰᠤᠷᠭᠠᠭᠤᠯᠢ ᠶᠢᠨ ᠪᠠᠭᠰᠢ ᠵᠦ ᠵᠢᠩ ᠴᠢᠤᠸᠠᠨ ᠬᠡᠯᠡᠪᠡ᠃    ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠠᠮᠤᠷ ᠲᠦᠪᠰᠢᠨ ᠤ ᠠᠵᠢᠯᠯᠠᠭ᠎ᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠡᠯ᠎ᠡ ᠰᠤᠷᠭᠠᠭᠤᠯᠢ ᠶᠢᠨ ᠬᠢᠨ ᠪᠠᠭᠰᠢ ᠨᠠᠷ ᠲᠤ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠬᠢᠴᠢᠶᠡᠯ ᠤᠨ ᠵᠠᠪᠰᠠᠷᠯᠠᠭ᠎ᠠ ᠶᠢᠨ ᠵᠢᠵᠢᠭᠦᠷᠯᠡᠬᠦ ᠴᠠᠭ᠂ ᠣᠷᠣᠨ ᠲᠣᠭᠤᠷᠢᠭ ᠬᠤᠪᠢᠶᠠᠪᠠ᠃ ᠡᠭᠦᠨ ᠤ ᠵᠡᠷᠭᠡ ᠳᠤ᠂ ᠡᠯ᠎ᠡ ᠰᠤᠷᠭᠠᠭᠤᠯᠢ ᠨᠤᠭᠤᠳ ︽ᠠᠮᠤᠷ ᠲᠦᠪᠰᠢᠨ ᠤ ᠠᠵᠢᠯᠲᠠᠨ︾ ᠲᠣᠬᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠨᠤᠭ ᠲᠥᠬᠦᠭᠡᠷᠦᠮᠵᠢ ᠪᠠᠨ ᠪᠠᠶᠢᠴᠠᠭᠠᠨ ᠬᠠᠮᠠᠭᠠᠯᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠨ ᠂ ᠬᠠᠭᠤᠴᠢᠨ ᠲᠣᠨᠤᠭ ᠲᠥᠬᠦᠭᠡᠷᠦᠮᠵᠢ ᠪᠠᠨ ᠴᠠᠭ ᠲᠤᠬᠠᠢ ᠳᠤᠨᠢ ᠰᠣᠯᠢᠵᠤ᠂ ᠰᠤᠷᠤᠭᠴᠢᠳ ᠲᠤ ︽ᠪᠠᠶᠠᠷ ᠬᠥᠷ ᠲᠠᠢ ᠬᠢᠴᠢᠶᠡᠯ ᠤᠨ ᠵᠠᠪᠰᠠᠷᠯᠠᠭ᠎ᠠ︾ ᠶᠢ ᠡᠳ᠋ᠯᠡᠭᠦᠯᠬᠦ ᠶᠢᠨ ᠬᠠᠮᠲᠤ ᠠᠮᠤᠷ ᠲᠦᠪᠰᠢᠨ ᠢ ᠪᠠᠲᠤᠯᠠᠭ᠎ᠠ ᠲᠠᠢ ᠪᠣᠯᠭᠠᠨ᠎ᠠ᠃    ᠥᠰᠦᠨ ᠪᠣᠶᠢᠵᠢᠬᠤ ᠶᠠᠪᠤᠴᠠ ᠳᠤ ᠡᠷᠬᠡ ᠴᠢᠯᠦᠭᠡ ᠴᠢᠬᠤᠯᠠᠲᠠᠢ᠂ ᠰᠤᠷᠤᠭᠴᠢᠳ ᠢ ᠬᠢᠴᠢᠶᠡᠯ ᠤᠨ ᠭᠡᠷ ᠠᠴᠠ ᠭᠠᠷᠭᠠᠵᠤ ᠰᠢᠨ᠎ᠡ ᠰᠣᠷᠭᠤᠭ ᠠᠭᠤᠷ ᠠᠮᠢᠰᠬᠤᠯ ᠢ ᠠᠮᠢᠰᠬᠤᠭᠤᠯᠵᠤ᠂ ᠶᠠᠰᠤ ᠰᠢᠷᠪᠦᠰᠦ ᠶᠢ ᠨᠢ ᠬᠥᠳᠡᠯᠭᠡᠭᠦᠯᠬᠦ ᠬᠡᠷᠡᠭᠲᠡᠢ᠂ ᠲᠦᠴᠢᠦᠸᠠᠨ ᠰᠢᠶᠠᠨ ᠤ ᠬᠢᠨ ᠰᠤᠷᠤᠭᠴᠢᠳ ᠢ ᠬᠢᠴᠢᠶᠡᠯ ᠤᠨ ᠭᠡᠷ ᠠᠴᠠ ᠭᠠᠷᠭᠠᠬᠤ ᠶᠢᠨ ᠵᠡᠷᠭᠡ ᠳᠤ ᠪᠠᠰᠠ ᠰᠤᠷᠭᠠᠭᠤᠯᠢ ᠶᠢᠨ ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠬᠤ᠂ ᠰᠤᠷᠤᠭᠴᠢᠳ ᠢ ᠬᠥᠮᠥᠵᠢᠭᠦᠯᠬᠦ ᠬᠥᠮᠦᠵᠢᠯ  ᠢ ᠴᠢᠩᠭᠠᠳᠬᠠᠬᠤ᠂ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠬᠤ᠂ ᠠᠵᠢᠯᠯᠠᠭᠠᠨ ᠤ ᠬᠢᠴᠢᠶᠡᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠡᠦᠬᠡᠳ ᠨᠢᠭᠡᠪᠦᠷᠢ ᠳᠤ ᠬᠢᠴᠢᠶᠡᠯ ᠤᠨ ᠵᠠᠪᠰᠠᠷᠯᠠᠭ᠎ᠠ ᠶᠢᠨ ︽ᠠᠷᠪᠠᠨ ᠬᠤᠪᠢ︾ ᠶᠢᠨ ᠪᠠᠶᠠᠷ ᠪᠠᠶᠠᠰᠤᠯ ᠢ ᠡᠳ᠋ᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号