︽ᠲᠦᠴᠢᠦᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/12/18
ᠨᠢᠭᠡᠳᠦᠭᠡᠷ ᠪᠦᠯᠦᠭ    ᠶᠡᠷᠦᠩᠬᠡᠢ ᠳᠦᠷᠢᠮ ᠨᠢᠭᠡᠳᠦᠭᠡᠷ ᠵᠦᠢᠯ    ᠲᠦᠴᠢᠦᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠲᠥᠷᠥᠯ ᠵᠦᠢᠯ ᠲᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠲᠥᠷᠥᠯ ᠵᠦᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠪᠠᠲᠤᠯᠠᠵᠤ᠂ ᠲᠥᠷᠥᠯ ᠵᠦᠢᠯ ᠤᠨ ᠵᠢᠱᠢᠭᠰᠡᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ﹀ ᠪᠣᠯᠣᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠢ ᠦᠨᠳᠦᠰᠦᠯᠡᠪᠡᠯ ︵ᠥᠪᠥᠷ ᠬᠤᠳᠠᠯᠳᠤᠭ᠎ᠠ ᠭᠦᠢᠯᠭᠡᠭᠡᠨ ᠥᠰᠥᠭ ﹇2023﹈ 804 ᠳ᠋ᠦᠭᠡᠷ ᠲᠣᠭᠠᠲᠤ︶᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ 2024 ᠣᠨ ᠤ ᠰᠢᠶᠠᠨ ᠤ ᠬᠤᠲᠠ ᠶᠢᠨ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠢ﹀ ᠶᠢ ᠤᠯᠠᠮᠵᠢᠯᠠᠨ ᠶᠠᠪᠤᠭᠤᠯᠬᠤ ᠲᠤᠬᠠᠢ︾ ︵ᠰᠢᠩ ᠱᠠᠩ ᠥᠰᠥᠭ ﹇2023﹈ 98 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮᠵᠢᠯᠠᠨ ᠶᠠᠪᠤᠭᠤᠯᠵᠤ᠂ ᠲᠦᠴᠢᠦᠸᠠᠨ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ ᠬᠤᠶᠠᠳᠤᠭᠠᠷ ᠵᠦᠢᠯ    ᠲᠦᠴᠢᠦᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠲᠥᠷᠥᠯ ᠵᠦᠢᠯ ᠭᠡᠳᠡᠭ ᠨᠢ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠮᠡᠳᠡᠭᠳᠡᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ   ᠠᠴᠠ ᠬᠢᠨᠠᠨ ᠬᠠᠷᠭᠤᠭᠤᠯᠵᠤ ᠪᠠᠲᠤᠯᠠᠨ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ   ᠠᠴᠠ ᠬᠢᠨᠠᠨ ᠲᠣᠭᠲᠠᠭᠠᠬᠤ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠷ ᠵᠥᠪᠰᠢᠶᠡᠷᠡᠭᠦᠯᠦᠭᠡᠳ᠂ ᠰᠢᠶᠠᠨ ᠤ ᠪᠠᠶᠢᠭ᠎ᠠ ᠭᠠᠵᠠᠷ ᠤᠨ ᠠᠵᠤ ᠠᠬᠤᠶᠢᠯᠠᠯ ᠢᠶᠠᠷ ᠲᠥᠷᠥᠯ ᠵᠦᠢᠯ ᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠣᠯ ᠴᠣᠭᠴᠠ ᠪᠣᠯᠭᠠᠵᠤ᠂ ᠲᠥᠪ ᠤᠨ ᠲᠤᠰᠬᠠᠢ ᠵᠦᠢᠯ ᠤᠨ ᠪᠡᠯᠡ ᠮᠥᠩᠭᠦ ᠪᠠᠷ ᠬᠥᠲᠥᠯᠥᠨ ᠵᠢᠯᠤᠭᠤᠳᠴᠤ ᠪᠠᠶᠢᠭᠠᠳ ᠪᠦᠲᠦᠭᠡᠨ ᠪᠠᠶᠢᠭᠤᠯᠤᠭᠰᠠᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠤᠰᠬᠠᠢ ᠵᠦᠢᠯ ᠤᠨ ᠲᠥᠷᠥᠯ ᠵᠦᠢᠯ ᠪᠣᠯᠣᠨ᠎ᠠ᠃ ᠭᠤᠷᠪᠠᠳᠤᠭᠠᠷ ᠵᠦᠢᠯ     ᠲᠦᠴᠢᠦᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠲᠦᠴᠢᠦᠸᠠᠨ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠲᠦᠴᠢᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠪᠠᠷ ᠬᠠᠮᠢᠶᠠᠷᠤᠨ᠎ᠠ ᠳᠥᠷᠪᠡᠳᠦᠭᠡᠷ ᠵᠦᠢᠯ     ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠵᠢᠯ ᠢᠶᠠᠨ ᠥᠷᠨᠢᠭᠦᠯᠵᠦ᠂ ᠲᠥᠷᠥᠯ ᠵᠦᠢᠯ ᠢ ᠪᠣᠳᠠᠲᠠᠢ ᠬᠡᠷᠡᠭᠵᠢᠭᠦᠯᠬᠦ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ᠂ ᠠᠵᠢᠯ ᠤᠨ ᠲᠥᠯᠦᠪᠵᠢᠭᠦᠯᠭᠡ᠂ ᠲᠥᠷᠥᠯ ᠵᠦᠢᠯ ᠢ ᠲᠣᠭᠲᠠᠭᠠᠬᠤ᠂ ᠪᠡᠯᠡ ᠮᠥᠩᠭᠦ ᠶᠢ ᠬᠡᠷᠡᠭᠯᠡᠬᠦ᠂ ᠲᠥᠷᠥᠯ ᠵᠦᠢᠯ ᠢ ᠬᠡᠷᠡᠭᠵᠢᠭᠦᠯᠬᠦ᠂ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ᠂ ᠲᠥᠷᠥᠯ ᠵᠦᠢᠯ ᠢ ᠰᠢᠯᠭᠠᠨ ᠠᠪᠬᠤ ᠵᠡᠷᠭᠡ ᠡᠯ᠎ᠡ ᠵᠦᠢᠯ ᠤᠨ ᠠᠵᠢᠯ ᠢ ᠬᠠᠷᠢᠭᠤᠴᠠᠨ᠎ᠠ᠃ ᠬᠤᠶᠠᠳᠤᠭᠠᠷ ᠪᠦᠯᠦᠭ    ᠢᠯᠡ ᠪᠠᠷ ᠨᠡᠶᠢᠲᠡᠯᠡᠬᠦ ᠲᠠᠪᠤᠳᠤᠭᠠᠷ ᠵᠦᠢᠯ    ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠶᠣᠰᠣᠭᠠᠷ᠂ ᠲᠥᠷᠥᠯ ᠵᠦᠢᠯ ᠪᠠ ᠪᠡᠯᠡ ᠮᠥᠩᠭᠦ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢ ᠪᠦᠷᠢᠨᠰᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ   ᠠᠴᠠ ᠪᠠᠨ ᠬᠦᠯᠢᠶᠡᠨ᠎ᠡ᠃ ᠰᠢᠶᠠᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠳᠤ ᠲᠤᠰᠬᠠᠢ ᠪᠤᠯᠤᠩ ᠭᠠᠷᠭᠠᠵᠤ᠂ ᠲᠥᠷᠥᠯ ᠵᠦᠢᠯ ᠤᠨ ᠰᠣᠩᠭᠤᠯᠲᠠ᠂ ᠲᠥᠷᠥᠯ ᠵᠦᠢᠯ ᠤᠨ ᠠᠬᠢᠴᠠ᠂ ᠪᠡᠯᠡ ᠮᠥᠩᠭᠦ ᠥᠭᠬᠦ᠂ ᠬᠠᠮᠢᠶᠠᠷᠤᠯᠲᠠ ᠶᠢᠨ ᠳᠦᠷᠢᠮ᠂ ᠡᠳᠦᠷ ᠲᠤᠲᠤᠮ ᠤᠨ ᠬᠢᠨᠠᠯᠲᠠ ᠵᠢᠯᠣᠭᠤᠳᠤᠯᠭ᠎ᠠ ᠵᠡᠷᠭᠡ ᠠᠭᠤᠯᠭ᠎ᠠ ᠶᠢ ᠢᠯᠡ ᠨᠡᠶᠢᠲᠡᠯᠡᠨ᠎ᠡ᠃ ᠭᠤᠷᠪᠠᠳᠤᠭᠠᠷ ᠪᠦᠯᠦᠭ    ᠵᠦᠢᠯᠡᠰ ᠤᠨ ᠬᠠᠮᠢᠶᠠᠷᠤᠯᠲᠠ ᠵᠢᠷᠭᠤᠳᠤᠭᠠᠷ ᠵᠦᠢᠯ    ᠲᠥᠷᠥᠯ ᠵᠦᠢᠯ ᠢ ᠬᠥᠮᠥᠷᠭᠡ ᠳᠤ ᠣᠷᠣᠭᠤᠯᠤᠨ᠎ᠠ᠃ ︽ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠪᠣᠯᠪᠠᠰᠤᠷᠠᠩᠭᠤᠢ ᠪᠣᠯᠭᠠᠵᠤ᠂ ᠨᠢᠭᠡ ᠪᠦᠯᠦᠭ ᠢ ᠳᠡᠮᠵᠢᠬᠦ︾ ᠵᠠᠷᠴᠢᠮ ᠶᠣᠰᠣᠭᠠᠷ᠂ 2023 ᠣᠨ ᠤ 12 ᠳ᠋ᠤᠭᠠᠷ ᠰᠠᠷ᠎ᠠ ᠶᠢᠨ 19 ᠤ ᠡᠳᠦᠷ ᠤᠨ ᠰᠡᠭᠦᠯᠴᠢ ᠠᠴᠠ ᠡᠮᠦᠨ᠎ᠡ᠂ ᠳᠠᠷᠠᠭ᠎ᠠ ᠵᠢᠯ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠭᠤᠣᠯᠳᠠᠯᠭ᠎ᠠ ᠲᠠᠢ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠠᠷᠠᠯᠵᠢᠶ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠳᠤ ᠪᠢᠴᠢᠵᠦ ᠣᠷᠣᠭᠤᠯᠤᠨ᠎ᠠ᠃ ᠲᠥᠷᠥᠯ ᠵᠦᠢᠯ ᠤᠨ ᠬᠥᠮᠥᠷᠭᠡ ᠳᠤ ᠣᠷᠤᠭ᠎ᠠ ᠦᠭᠡᠢ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠳᠡᠮᠵᠢᠬᠦ ᠦᠭᠡᠢ᠃ ᠨᠢᠭᠡᠨᠲᠡ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠨᠢ ᠬᠡᠷᠪᠡ ᠬᠦᠨᠳᠦ ᠶᠡᠭᠡ ᠬᠠᠤᠯᠢ   ᠠᠴᠠ ᠵᠥᠷᠢᠴᠡᠭᠰᠡᠨ ᠪᠠᠶᠢᠳᠠᠯ ᠭᠠᠷᠪᠠᠯ᠂ ᠴᠠᠭ ᠲᠤᠬᠠᠢ ᠳᠤᠨᠢ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠨᠢᠭᠡᠴᠡ ᠳᠤ ᠮᠡᠳᠡᠭᠦᠯᠬᠦ ᠶᠢᠨ ᠬᠠᠮᠲᠤ᠂ ᠲᠣᠰ ᠭᠤᠣᠯ ᠴᠣᠭᠴᠠ ᠶᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠠᠷᠠᠯᠵᠢᠶ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠠᠴᠠ ᠬᠠᠰᠤᠵᠤ ᠭᠠᠷᠭᠠᠬᠤ ᠪᠠᠷ ᠭᠤᠶᠤᠴᠢᠯᠠᠬᠤ ᠬᠡᠷᠡᠭᠲᠡᠢ᠃ ᠳᠣᠯᠣᠳᠤᠭᠠᠷ ᠵᠦᠢᠯ    ᠲᠥᠷᠥᠯ ᠵᠦᠢᠯ ᠢ ᠲᠣᠭᠲᠠᠭᠠᠨ᠎ᠠ᠃ ᠲᠥᠷᠥᠯ ᠵᠦᠢᠯ ᠤᠨ ᠭᠤᠣᠯ ᠴᠣᠭᠴᠠ ᠶᠢ ᠬᠢᠨᠠᠨ ᠬᠠᠷᠭᠤᠭᠤᠯᠬᠤ ᠶᠠᠪᠤᠴᠠ ᠳᠤ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠭᠡᠷ᠎ᠡ ᠭᠦᠢᠴᠡᠳᠬᠡᠬᠦ ᠴᠢᠳᠠᠪᠤᠷᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠬᠡᠷᠡᠭᠵᠢᠭᠦᠯᠬᠦ ᠭᠤᠣᠯ ᠴᠣᠭᠴᠠ ᠶᠢᠨ ᠦᠷᠭᠦᠯᠵᠢᠯᠡᠨ ᠡᠵᠡᠩᠨᠡᠬᠦ ᠴᠢᠳᠠᠪᠤᠷᠢ ᠶᠢ ᠴᠢᠬᠤᠯᠠᠴᠢᠯᠠᠨ᠂ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠶᠢ ᠴᠢᠬᠤᠯᠠ ᠪᠦᠬᠦᠢ ᠴᠤᠪᠤᠷᠠᠯ ᠪᠣᠯᠭᠠᠵᠤ᠂ ︽ᠪᠠᠶᠢᠴᠠᠭᠠᠪᠠᠰᠤ ᠵᠣᠬᠢᠬᠤ ᠶᠢ ᠵᠠᠪᠠᠯ ᠪᠠᠶᠢᠴᠠᠭᠠᠬᠤ︾ ᠶᠢ ᠬᠡᠷᠡᠭᠵᠢᠭᠦᠯᠦᠨ᠂ ᠪᠠᠶᠢᠴᠠᠭᠠᠨ ᠯᠠᠪᠯᠠᠬᠤ ᠳᠤᠮᠳᠠ ᠲᠥᠷᠥᠯ ᠵᠦᠢᠯ ᠤᠨ ᠭᠤᠣᠯ ᠴᠣᠭᠴᠠ ᠨᠢ ᠨᠢᠭᠡᠨᠲᠡ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ ᠲᠤ ᠵᠢᠭᠰᠠᠭᠠᠭᠳᠠᠭᠰᠠᠨ ᠢ ᠣᠯᠵᠤ ᠮᠡᠳᠡᠪᠡᠯ᠂ ᠬᠠᠮᠢᠶ᠎ᠠ ᠪᠦᠬᠦᠢ ᠲᠥᠷᠥᠯ ᠵᠦᠢᠯ ᠢ ᠳᠡᠮᠵᠢᠬᠦ ᠦᠭᠡᠢ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠬᠡᠷᠪᠡ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠪᠡᠯᠡ ᠮᠥᠩᠭᠦ ᠶᠢ ᠤᠬᠠᠭᠠᠯᠠᠨ ᠠᠪᠬᠤ ᠵᠡᠷᠭᠡ ᠬᠠᠤᠯᠢ ᠲᠣᠭᠲᠠᠭᠠᠯ   ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠭᠠᠷᠪᠠᠯ᠂ ᠲᠣᠰ ᠬᠡᠷᠡᠭᠵᠢᠭᠦᠯᠬᠦ ᠭᠤᠣᠯ ᠴᠣᠭᠴᠠ ᠶᠢᠨ ᠲᠥᠷᠥᠯ ᠵᠦᠢᠯ ᠢ ᠳᠠᠭᠠᠭᠠᠨ ᠭᠦᠢᠴᠡᠳᠬᠡᠬᠦ ᠬᠢᠷᠢ ᠬᠡᠮ ᠢ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠨᠠᠢᠮᠠᠳᠤᠭᠠᠷ ᠵᠦᠢᠯ  ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠲᠣᠭᠲᠠᠭᠠᠵᠤ᠂ ᠲᠦᠷᠦᠯ ᠵᠦᠢᠯ ᠤᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠬᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠥᠷᠥᠯ ᠵᠦᠢᠯ ᠢ ᠠᠬᠢᠭᠤᠯᠬᠤ ᠬᠤᠷᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠲᠥᠷᠥᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠵᠢᠴᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃ ᠶᠢᠰᠦᠳᠦᠭᠡᠷ ᠵᠦᠢᠯ    ᠲᠣᠭᠲᠠᠮᠠᠯ ᠬᠤᠭᠤᠴᠠᠭ᠎ᠠ ᠲᠠᠢ ᠪᠠᠷ ︽ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠬᠤ + ᠮᠠᠲ᠋ᠧᠷᠢᠶᠠᠯ ᠢ ᠬᠢᠨᠠᠨ ᠬᠠᠷᠭᠤᠭᠤᠯᠬᠤ︾ ᠠᠷᠭ᠎ᠠ ᠮᠠᠶ᠋ᠢᠭ ᠢ ᠠᠪᠴᠤ ᠪᠠᠶᠢᠭᠠᠳ ᠲᠥᠷᠥᠯ ᠵᠦᠢᠯ ᠤᠨ ᠬᠠᠮᠢᠶᠠᠷᠤᠯᠲᠠ ᠶᠢ ᠥᠷᠨᠢᠭᠦᠯᠦᠨ᠎ᠡ᠃ ᠲᠥᠷᠥᠯ ᠵᠦᠢᠯ ᠢ ᠥᠷᠨᠢᠭᠦᠯᠬᠦ ᠶᠠᠪᠤᠴᠠ ᠳᠤ ᠠᠬᠢᠴᠠ ᠨᠢ ᠬᠦᠨᠳᠦ ᠨᠣᠴᠢᠲᠠᠢ ᠬᠤᠴᠣᠷᠴᠤ᠂ ᠠᠰᠠᠭᠤᠳᠠᠯ ᠲᠣᠪᠣᠶᠢᠮ᠎ᠠ ᠪᠠᠶᠢᠬᠤ ᠶᠢ ᠣᠯᠵᠤ ᠮᠡᠳᠡᠪᠡᠯ᠂ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠬᠢᠨᠠᠨ ᠪᠤᠳᠤᠬᠤ᠂ ᠬᠢᠨᠠᠨ ᠬᠠᠮᠢᠶᠠᠷᠴᠤ ᠯᠠᠪᠯᠠᠭ᠎ᠠ ᠥᠭᠬᠦ ᠵᠡᠷᠭᠡ ᠪᠡᠶ᠎ᠡ ᠪᠠᠨ ᠳᠠᠭᠠᠭᠠᠭᠰᠠᠨ ᠭᠤᠷᠪᠠᠳᠠᠭᠢ ᠡᠲᠡᠭᠡᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠲᠥᠷᠥᠯ ᠵᠦᠢᠯ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃   ᠳᠥᠷᠪᠡᠳᠦᠭᠡᠷ ᠪᠦᠯᠦᠭ    ᠵᠦᠢᠯᠡᠰ ᠢ ᠰᠢᠯᠭᠠᠨ ᠠᠪᠬᠤ ᠠᠷᠪᠠᠳᠤᠭᠠᠷ ᠵᠦᠢᠯ    ᠲᠦᠴᠢᠦᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠭᠤᠣᠯᠳᠠᠯᠭ᠎ᠠ  ᠲᠠᠢ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠤᠶᠤ ᠨᠠᠶᠢᠳᠠᠵᠤ ᠪᠠᠶᠢᠭᠠᠳ ᠲᠥᠷᠥᠯ ᠵᠦᠢᠯ ᠢ ᠰᠢᠯᠭᠠᠨ ᠠᠪᠬᠤ ᠠᠵᠢᠯ ᠢ ᠥᠷᠨᠢᠭᠦᠯᠵᠦ᠂ ᠰᠢᠯᠭᠠᠨ ᠠᠪᠬᠤ ᠮᠡᠳᠡᠭᠦᠯᠦᠯᠲᠡ ᠶᠢ ᠪᠣᠶ ᠪᠣᠯᠭᠠᠵᠤ᠂ ᠪᠥᠬᠦ ᠲᠥᠷᠥᠯ ᠵᠦᠢᠯ ᠢ ᠰᠢᠯᠭᠠᠨ ᠠᠪᠬᠤ ᠶᠢ ᠪᠡᠶᠡᠯᠡᠭᠦᠯᠦᠭᠰᠡᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ ᠠᠶᠢᠮᠠᠭ ᠬᠤᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠬᠢᠨ ᠬᠢᠨᠠᠭᠤᠯᠬᠤ ᠪᠠᠷ ᠭᠤᠶᠤᠴᠢᠯᠠᠨ᠎ᠠ᠂ ᠪᠠᠰᠠ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠱᠠᠲᠤ ᠬᠤᠪᠢᠶᠠᠨ ᠰᠢᠯᠭᠠᠨ ᠠᠪᠬᠤ ᠪᠠ ᠳᠠᠬᠢᠨ ᠬᠢᠨᠠᠭᠤᠯᠵᠤ ᠪᠣᠯᠣᠨ᠎ᠠ᠂ ᠪᠣᠳᠠᠲᠠᠢ ᠪᠠᠶᠢᠳᠠᠯ ᠢ ᠠᠶᠢᠮᠠᠭ ᠬᠤᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠢ ᠦᠨᠳᠦᠰᠦᠯᠡᠨ ᠬᠡᠷᠡᠭᠵᠢᠭᠦᠯᠦᠨ᠎ᠡ᠃ ᠠᠷᠪᠠᠨ ᠨᠢᠭᠡᠳᠦᠭᠡᠷ ᠵᠦᠢᠯ   ᠲᠥᠷᠥᠯ ᠵᠦᠢᠯ ᠢ ᠰᠢᠯᠭᠠᠨ ᠠᠪᠤᠭᠰᠠᠨ ᠮᠡᠳᠡᠭᠦᠯᠦᠯᠲᠡ ᠲᠤ ᠠᠵᠢᠯ ᠤᠨ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠦᠨᠡᠨ ᠮᠥᠨ ᠢᠶᠠᠷ ᠨᠢ ᠲᠤᠰᠬᠠᠬᠤ ᠬᠡᠷᠡᠭᠲᠡᠢ᠂ ᠡᠭᠦᠨ ᠲᠤ ᠲᠥᠷᠥᠯ ᠵᠦᠢᠯ ᠤᠨ ᠦᠨᠳᠦᠰᠦᠨ ᠪᠠᠶᠢᠳᠠᠯ᠂ ᠲᠥᠷᠥᠯ ᠵᠦᠢᠯ ᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠲᠥᠪ ᠤᠨ ᠠ᠋⌳ ᠟ᠣᠨ ᠵᠠᠰᠠᠭ ᠟ᠣᠨ ᠪᠡᠯᠡ ᠮᠥᠩᠭᠦ ᠪᠠᠷ ᠳᠡᠮᠵᠢᠬᠦ ᠠᠷᠭ᠎ᠠ  ᠮᠠᠶ᠋ᠢᠭ᠂ ᠪᠡᠯᠡ ᠮᠥᠩᠭᠦ ᠥᠭᠬᠦ ᠴᠤᠪᠤᠷᠠᠯ᠂ ᠠ⌳ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ᠂ ᠲᠥᠷᠥᠯ ᠵᠦᠢᠯ ᠤᠨ ᠬᠠᠮᠢᠶᠠᠷᠤᠯᠲᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠪᠠᠭᠲᠠᠭᠠᠬᠤ ᠪᠣᠯᠪᠠᠴᠤ ᠬᠢᠵᠠᠭᠠᠷᠯᠠᠬᠤ ᠦᠭᠡᠢ ᠪᠥᠭᠡᠳ ᠬᠠᠯᠠᠨ ᠰᠠᠶᠢᠵᠢᠷᠠᠭᠤᠯᠬᠤ ᠱᠠᠭᠠᠷᠳᠠᠯᠭ᠎ᠠ ᠪᠣᠯᠣᠨ ᠠᠵᠢᠯ ᠤᠨ ᠰᠠᠨᠠᠭᠤᠯᠭ᠎ᠠ ᠵᠡᠷᠭᠡ ᠠᠭᠤᠯᠭ᠎ᠠ ᠶᠢ ᠳᠤᠷᠠᠳᠬᠤ ᠬᠡᠷᠡᠭᠲᠡᠢ᠃ ᠮᠡᠳᠡᠭᠦᠯᠦᠯᠲᠡ ᠳᠠᠬᠢ ᠲᠥᠷᠥᠯ ᠵᠦᠢᠯ ᠤᠨ ᠪᠡᠯᠡ ᠮᠥᠩᠭᠦ᠂ ᠬᠡᠷᠡᠭᠵᠢᠭᠦᠯᠬᠦ ᠭᠤᠣᠯ ᠴᠣᠭᠴᠠ᠂ ᠪᠦᠲᠦᠭᠡᠨ ᠪᠠᠶᠢᠭᠤᠯᠤᠯᠲᠠ ᠪᠤᠶᠤ ᠨᠥᠬᠦᠪᠦᠷᠢ ᠶᠢᠨ ᠠᠭᠤᠯᠭ᠎ᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠡᠷᠬᠡᠪᠰᠢ ᠨᠢᠭᠡ ᠨᠢᠭᠡ ᠪᠠᠷ ᠬᠠᠷᠠᠭᠠᠯᠵᠠᠭᠰᠠᠨ ᠪᠠᠶᠢᠬᠤ ᠬᠡᠷᠡᠭᠲᠡᠢ ᠲᠠᠪᠤᠳᠤᠭᠠᠷ ᠪᠦᠯᠦᠭ    ᠵᠦᠢᠯᠡᠰ ᠲᠤ ᠬᠢᠨᠠᠯᠲᠠ ᠲᠠᠯᠪᠢᠬᠤ ᠠᠷᠪᠠᠨ ᠬᠤᠶᠠᠳᠤᠭᠠᠷ ᠵᠦᠢᠯ    ᠲᠥᠷᠥᠯ ᠵᠦᠢᠯ ᠤᠨ ᠨᠢᠭᠡᠴᠡ ᠳᠤ ᠳᠣᠣᠷᠠᠬᠢ ᠮᠡᠲᠦ ᠦᠶᠯᠡ ᠠᠵᠢᠯᠯᠠᠭ᠎ᠠ ᠶᠢᠨ ᠨᠢᠭᠡ  ᠨᠢ ᠪᠠᠶᠢᠪᠠᠯ᠂ ᠰᠢᠶᠠᠨ ᠤ ᠲᠤᠰᠬᠠᠢ ᠵᠦᠢᠯ ᠤᠨ ᠤᠳᠤᠷᠢᠳᠬᠤ ᠳᠤᠭᠤᠶᠢᠯᠠᠩ   ᠠᠴᠠ ᠲᠡᠭᠦᠨ ᠢ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ ᠴᠠᠭ ᠲᠤᠬᠠᠢ ᠳᠤᠨᠢ ᠬᠢᠩᠭᠠᠨ ᠠᠶᠢᠮᠠᠭ᠂ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠪᠡᠯᠡ ᠮᠥᠩᠭᠦ ᠶᠢ ᠬᠠᠷᠭᠤᠭᠤᠯᠤᠨ ᠬᠠᠰᠤᠬᠤ᠂ ᠪᠤᠴᠠᠭᠠᠨ ᠠᠪᠬᠤ ᠪᠤᠶᠤ ᠰᠠᠯᠭᠠᠨ ᠥᠭᠬᠦ ᠶᠢ ᠵᠣᠭᠰᠣᠭᠠᠵᠤ᠂ ᠮᠡᠳᠡᠭᠦᠯᠬᠦ ᠬᠢᠷᠢ ᠬᠡᠮ ᠢ ᠨᠢ ᠲᠦᠷ ᠵᠣᠭᠰᠣᠭᠠᠵᠤ᠂ ᠲᠥᠷᠥᠯ ᠵᠦᠢᠯ ᠤᠨ ᠨᠢᠭᠡᠴᠡ ᠶᠢ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ ︵ᠬᠠᠷ᠎ᠠ ᠲᠠᠩᠰᠠ︶ ᠲᠤ ᠣᠷᠣᠭᠤᠯᠤᠨ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ︽ᠢᠲᠡᠭᠡᠮᠵᠢᠲᠦ ᠥᠪᠥᠷ ᠮᠣᠩᠭᠤᠯ︾ ᠤᠨ ᠰᠦᠯᠵᠢᠶᠡᠨ ᠥᠷᠲᠡᠭᠡ ᠳᠤ ᠢᠯᠡ ᠪᠣᠯᠭᠠᠬᠤ ᠶᠢᠨ ᠬᠠᠮᠲᠤ᠂ ᠦᠶᠯᠡ ᠪᠠᠶᠢᠳᠠᠯ ᠤᠨ ᠬᠦᠨᠳᠦ ᠬᠥᠩᠭᠡᠨ ᠢ ᠦᠨᠳᠦᠰᠦᠯᠡᠨ ᠬᠤᠯᠪᠣᠭᠳᠠᠯ ᠪᠦᠬᠦᠢ ᠪᠠᠶᠢᠭᠤᠯᠭ᠎ᠠ ᠳᠤ ᠳᠡᠪᠰᠢᠭᠦᠯᠬᠦ ᠪᠤᠶᠤ ᠰᠢᠯᠵᠢᠭᠦᠯᠦᠨ ᠲᠤᠰᠢᠶᠠᠵᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠵᠠᠰᠠᠭ ᠵᠠᠬᠢᠷᠭᠠᠨ ᠤ ᠪᠤᠶᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ ᠪᠣᠯᠣᠨ᠎ᠠ᠃  ︵ᠨᠢᠭᠡ︶ ᠬᠤᠳᠠᠯ ᠬᠠᠭᠤᠷᠮᠠᠭ ᠪᠠᠶᠢᠳᠠᠯ ᠬᠠᠩᠭᠠᠵᠤ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠮᠡᠬᠡᠯᠡᠨ ᠠᠪᠤᠭᠰᠠᠨ; ︵ᠬᠤᠶᠠᠷ︶ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠰᠢᠯᠵᠢᠭᠦᠯᠦᠭᠰᠡᠨ᠂ ᠡᠵᠡᠯᠡᠭᠰᠡᠨ ᠪᠤᠶᠤ ᠨᠡᠭᠦᠯᠭᠡᠨ ᠬᠡᠷᠡᠭᠯᠡᠭᠰᠡᠨ; ︵ᠭᠤᠷᠪᠠ︶  ᠪᠦᠲᠦᠭᠡᠨ ᠪᠠᠶᠢᠭᠤᠯᠤᠯᠲᠠ ᠶᠢᠨ ᠭᠤᠣᠯ ᠠᠭᠤᠯᠭ᠎ᠠ ᠪᠠ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ; ︵ᠳᠥᠷᠪᠡ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠪᠠᠷᠢᠮᠵᠢᠶ᠎ᠠ ᠪᠣᠯᠣᠨ ᠠᠭᠤᠯᠭ᠎ᠠ ᠲᠤ ᠨᠡᠯᠢᠶᠡᠳ ᠶᠡᠭᠡ ᠬᠤᠪᠢᠷᠠᠯᠲᠠ ᠭᠠᠷᠤᠭᠰᠠᠨ ᠪᠠᠶᠢᠲᠠᠯ᠎ᠠ ᠴᠠᠭ ᠲᠤᠬᠠᠢ ᠲᠤᠨᠢ ᠮᠡᠳᠡᠭᠦᠯᠦᠭᠰᠡᠨ ᠦᠭᠡᠢ ;᡾ ︵ᠲᠠᠪᠤ︶ ᠵᠦᠢ ᠶᠣᠰᠣᠨ ᠤ ᠰᠢᠯᠲᠠᠭᠠᠨ ᠦᠭᠡᠢ ᠪᠠᠷ ᠴᠠᠭ ᠲᠤᠬᠠᠢ ᠲᠤᠨᠢ ᠪᠦᠲᠦᠭᠡᠨ ᠪᠠᠶᠢᠭᠤᠯᠵᠤ ᠬᠡᠷᠡᠭᠵᠢᠭᠦᠯᠦᠭᠰᠡᠨ ᠦᠭᠡᠢ ;᡾ ︵ᠵᠢᠷᠭᠤᠭ᠎ᠠ︶ ᠬᠠᠤᠯᠢ ᠶᠣᠰᠣᠭᠠᠷ ᠶᠠᠪᠤᠭᠤᠯᠵᠤ ᠪᠠᠶᠢᠭ᠎ᠠ ᠦᠨᠡᠯᠡᠨ ᠵᠢᠱᠢᠵᠦ ᠬᠢᠨᠠᠨ ᠵᠢᠯᠤᠭᠤᠳᠬᠤ ᠪᠤᠶᠤ ᠬᠢᠨᠠᠯᠲᠠ ᠲᠠᠯᠪᠢᠵᠤ ᠪᠠᠶᠢᠴᠠᠭᠠᠬᠤ ᠶᠢ ᠲᠡᠪᠴᠢᠭᠰᠡᠨ; ︵ᠳᠣᠯᠤᠭ᠎ᠠ︶ ᠱᠠᠭᠠᠷᠳᠠᠯᠭ᠎ᠠ ᠶᠣᠰᠣᠭᠠᠷ ᠰᠦᠯᠵᠢᠶᠡᠨ ᠳᠠᠬᠢ ᠲᠠᠪᠴᠠᠩ ᠢᠶᠠᠷ ᠳᠡᠮᠵᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠦᠨ ᠬᠦᠷᠭᠡᠭᠰᠡᠨ ᠦᠭᠡᠢ︔ ︵ᠨᠠᠢᠮᠠ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠥᠢᠯᠡ ᠠᠵᠢᠯᠯᠠᠭ᠎ᠠ᠃ ᠠᠷᠪᠠᠨ ᠭᠤᠷᠪᠠᠳᠤᠭᠠᠷ ᠵᠦᠢᠯ    ᠨᠢᠭᠡᠨᠲᠡ ᠬᠥᠮᠥᠷᠭᠡ ᠳᠤ ᠣᠷᠣᠭᠤᠯᠤᠭᠰᠠᠨ ᠵᠦᠢᠯᠡᠰ ᠲᠤ ᠵᠠᠷᠴᠢᠮ ᠳᠡᠭᠡᠷ᠎ᠡ ᠪᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃ ᠦᠨᠡᠬᠡᠷ ᠬᠤᠯᠪᠣᠭᠳᠠᠯ ᠪᠦᠬᠦᠢ ᠪᠤᠰᠤᠳᠴᠢ ᠪᠠᠶᠢᠳᠠᠯ ᠳᠤ ᠨᠡᠯᠢᠶᠡᠳ ᠶᠡᠭᠡ ᠬᠤᠪᠢᠷᠠᠯᠲᠠ ᠭᠠᠷᠤᠭᠰᠠᠨ   ᠠᠴᠠ ᠪᠣᠯᠵᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠪᠠᠯ᠂ ᠰᠢᠶᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠨᠠᠷᠢᠨ ᠬᠢᠨᠠᠮᠠᠭᠠᠢ ᠨᠤᠲᠠᠯᠠᠭᠤᠯᠤᠭᠰᠠᠨ ᠤ ᠳᠠᠷᠠᠭ᠎ᠠ᠂ ᠰᠢᠶᠠᠨ ᠤ ᠠᠷᠠᠳ ᠤᠨ ᠵᠠᠰᠠᠭ ᠤᠨ ᠣᠷᠳᠣᠨ   ᠠᠴᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ 2025 ᠣᠨ ᠪᠣᠯᠲᠠᠯᠠᠬᠢ ᠶᠡᠷᠦᠩᠬᠡᠢ ᠬᠠᠷᠠᠯᠲᠠ ᠶᠢ ᠤᠤᠯ ᠤᠨ ᠠᠵᠢᠯ ᠤᠨ ᠲᠥᠰᠥᠯ ᠳᠤ ᠲᠣᠭᠲᠠᠭᠠᠭᠰᠠᠨ ᠶᠡᠷᠦᠩᠬᠡᠢ ᠬᠠᠷᠠᠯᠲᠠ   ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠠᠷᠪᠠᠨ ᠳᠥᠷᠪᠡᠳᠦᠭᠡᠷ ᠵᠦᠢᠯ    ᠨᠢᠭᠡᠨᠲᠡ ᠮᠡᠳᠡᠭᠦᠯᠬᠦ ᠶᠢ ᠪᠡᠶᠡᠯᠡᠭᠦᠯᠦᠭᠰᠡᠨ ᠪᠥᠭᠡᠳ ᠵᠥᠪᠰᠢᠶᠡᠷᠡᠯ ᠣᠯᠣᠭᠰᠠᠨ ᠬᠤᠪᠢᠶᠠᠷᠢ ᠲᠥᠷᠥᠯ ᠵᠦᠢᠯ ᠤᠨ ᠨᠠᠷᠢᠨ ᠬᠠᠭᠤᠳᠠᠰᠤ ᠶᠢ ᠪᠣᠯ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠪᠣᠯᠣᠨ ᠤᠤᠯ ᠤᠨ ᠪᠠᠶᠢᠭᠰᠠᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠬᠢᠭᠡᠳ ᠦᠷ᠎ᠡ ᠪᠦᠲᠦᠮᠵᠢ ᠶᠢ ᠥᠯᠥ ᠬᠤᠪᠢᠷᠠᠭᠤᠯᠬᠤ ᠪᠠᠶᠢᠳᠠᠯ ᠳᠣᠣᠷ᠎ᠠ᠂ ᠪᠢᠴᠢᠯ ᠲᠣᠬᠢᠷᠠᠭᠤᠯᠤᠯᠲᠠ ᠬᠢᠬᠦ ᠴᠢᠬᠤᠯᠠᠲᠠᠢ ᠲᠥᠷᠥᠯ ᠵᠦᠢᠯ ᠢ ᠰᠢᠶᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠠᠷᠪᠠᠨ ᠲᠠᠪᠤᠳᠤᠭᠠᠷ ᠵᠦᠢᠯ    ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠵᠦᠢᠯᠡᠰ ᠤᠨ ᠲᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ᠂ ᠵᠦᠢᠯᠡᠰ ᠢ ᠲᠣᠭᠲᠠᠭᠠᠬᠤ᠂ ᠪᠦᠲᠦᠭᠡᠨ ᠪᠠᠶᠢᠭᠤᠯᠬᠤ᠂ ᠠᠮᠵᠢᠯᠲᠠ ᠪᠦᠲᠦᠮᠵᠢ ᠶᠢ ᠦᠨᠡᠯᠡᠬᠦ᠂ ᠰᠢᠯᠭᠠᠨ ᠠᠪᠬᠤ ᠵᠡᠷᠭᠡ ᠡᠯ᠎ᠡ ᠵᠠᠩᠭᠢᠯᠠᠭ᠎ᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠨ ᠲᠢᠭᠯᠡᠵᠦ᠂ ᠲᠠᠩᠰᠠ ᠡᠪᠬᠡᠮᠡᠯ ᠳᠤ ᠣᠷᠣᠭᠤᠯᠵᠤ᠂ ᠮᠠᠲ᠋ᠧᠷᠢᠶᠠᠯ ᠨᠢ ᠨᠠᠷᠢᠨ ᠪᠣᠳᠠᠲᠠᠢ᠂ ᠭᠠᠷ ᠭᠦᠢᠴᠡᠳᠬᠡᠯ ᠨᠢ ᠪᠦᠷᠢᠨ ᠭᠦᠢᠴᠡᠳ᠂ ᠵᠢᠷᠤᠮ ᠨᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ ᠠᠷᠪᠠᠨ ᠵᠢᠷᠭᠤᠳᠤᠭᠠᠷ ᠵᠦᠢᠯ    ᠲᠣᠰ ᠠᠷᠭ᠎ᠠ ᠶᠢᠨ ᠶᠣᠰᠣᠭᠠᠷ ᠬᠡᠷᠡᠭᠵᠢᠭᠦᠯᠦᠭᠰᠡᠨ ᠦᠭᠡᠢ ᠠᠴᠠ ᠪᠣᠯᠵᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥᠯ ᠵᠦᠢᠯ ᠳᠤ ᠠᠬᠢᠴᠠ ᠤᠳᠠᠭᠠᠰᠢᠷᠠᠭᠰᠠᠨ ᠵᠡᠷᠭᠡ ᠡᠩ ᠤᠨ ᠠᠰᠠᠭᠤᠳᠠᠯ ᠭᠠᠷᠤᠭᠰᠠᠨ ᠪᠠᠶᠢᠪᠠᠯ᠂ ᠰᠢᠶᠠᠨ ᠤ ᠲᠤᠰᠬᠠᠢ ᠵᠦᠢᠯ ᠤᠨ ᠤᠳᠤᠷᠢᠳᠬᠤ ᠳᠤᠭᠤᠶᠢᠯᠠᠩ ᠠᠴᠠ ᠵᠠᠷᠯᠢᠭ ᠪᠠᠭᠤᠯᠭᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠵᠠᠷᠯᠠᠨ ᠮᠡᠳᠡᠭᠳᠡᠨ᠎ᠡ᠃ ᠵᠢᠷᠭᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ ᠠᠷᠪᠠᠨ ᠳᠣᠯᠣᠳᠤᠭᠠᠷ ᠵᠦᠢᠯ   ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠲᠤᠰᠬᠠᠢ ᠠᠵᠢᠯ ᠤᠨ ᠲᠥᠰᠥᠯ ᠪᠤᠶᠤ ᠬᠠᠮᠢᠶᠠᠷᠤᠯᠲᠠ ᠶᠢᠨ ᠠᠷᠭ᠎ᠠ ᠳᠤ᠂ ᠲᠣᠰ ᠠᠷᠭ᠎ᠠ ᠳᠤ ᠬᠤᠯᠪᠣᠭᠳᠠᠭᠰᠠᠨ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠰᠢᠶᠠᠨ ᠤ ᠵᠠᠰᠠᠭ ᠤᠨ ᠣᠷᠳᠣᠨ ᠪᠠᠶᠢᠳᠠᠯ ᠢ ᠦᠵᠡᠵᠦ ᠪᠠᠶᠢᠭᠠᠳ ᠵᠣᠬᠢᠴᠠᠩᠭᠤᠢ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠲᠡᠷᠡ ᠲᠣᠭᠲᠠᠭᠠᠯ ᠢ ᠵᠢᠷᠤᠮᠯᠠᠨ᠎ᠠ᠃ ᠠᠷᠪᠠᠨ ᠨᠠᠢᠮᠠᠳᠤᠭᠠᠷ ᠵᠦᠢᠯ     ᠲᠣᠰ ᠠᠷᠭ᠎ᠠ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠦᠴᠦᠨ ᠲᠠᠢ ᠪᠣᠯᠣᠨ᠎ᠠ᠂ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠲᠣᠰ ᠬᠤᠭᠤᠴᠠᠭᠠᠨ ᠳᠤ ᠰᠢᠨ᠎ᠡ ᠪᠠᠷ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠬᠠᠮᠢᠶᠠᠷᠤᠯᠲᠠ ᠶᠢᠨ ᠠᠷᠭ᠎ᠠ ᠳᠤ ᠰᠢᠨ᠎ᠡ ᠪᠠᠷ ᠵᠠᠰᠠᠪᠤᠷᠢ ᠣᠷᠣᠭᠤᠯᠪᠠᠯ᠂ ᠲᠣᠰ ᠠᠷᠭ᠎ᠠ ᠠᠶᠠᠨᠳᠠᠭᠠᠨ ᠬᠦᠴᠦᠨ ᠦᠭᠡᠢ ᠪᠣᠯᠣᠨ᠎ᠠ᠃    ᠲᠣᠰ ᠳᠦᠷᠢᠮ ᠤᠨ ᠨᠠᠷᠢᠨ ᠳᠦᠷᠢᠮ ᠢ ᠲᠦᠴᠢᠦᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ   ᠠᠴᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ ᠲᠠᠶᠢᠯᠪᠤᠷᠢᠯᠠᠨ᠎ᠠ᠃                      ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       2023 ᠣᠨ ᠤ 12 ᠰᠠᠷ᠎ᠠ ᠶᠢᠨ 8 ᠤ ᠡᠳᠦᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号