ᠵᠠᠰᠠᠭ ᠤᠨ ᠣᠷᠳᠦᠨ ᠤ ᠲᠤᠮᠤ ᠬᠡᠷᠡᠭ ᠶᠠᠪᠤᠳᠡᠯ ᠤᠨ ᠲᠡᠮᠲᠡᠭᠯᠡᠯ ︵2023 ᠤᠨ ᠤ 9 ᠰᠠᠷ᠎ᠠ︶
ᠨᠡᠶᠢᠲᠡᠯᠡᠭᠰᠡᠨ ᠴᠠᠭ᠄
2023/12/18
   9 ᠰᠠᠷ᠎ᠠ ᠶᠢᠨ 1  ᠤ ᠡᠳᠦᠷ᠂ ᠲᠦᠴᠢᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠦᠵᠡᠵᠦ ᠪᠣᠯᠪᠠᠰᠤᠷᠠᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ᠃ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    9 ᠰᠠᠷ᠎ᠠ ᠶᠢᠨ 7 ᠤ ᠡᠳᠦᠷ᠂ ᠪᠥᠬᠦ ᠠᠶᠢᠮᠠᠭ ᠤᠨ ᠰᠢᠭᠦᠬᠦ ᠬᠤᠷᠢᠶ᠎ᠠ ᠶᠢᠨ ︽ᠲᠡᠩᠨᠡᠭᠦᠷ ᠬᠤᠨᠳᠠᠭᠠᠲᠤ︾ ᠲᠠᠮᠢᠷ ᠤᠨ ᠴᠤᠭᠯᠠᠭᠠᠨ ᠲᠦᠴᠢᠦᠸᠠᠨ ᠰᠢᠶᠠᠨ ᠳᠤ ᠦᠪᠡᠳᠡᠭᠰᠢ ᠶᠡᠭᠡ ᠪᠠᠷ ᠡᠬᠢᠯᠡᠪᠡ᠃ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠴᠧᠨ ᠰᠢᠨ ᠵᠢᠴᠢ ᠡᠯ᠎ᠡ ᠦᠨᠳᠦᠰᠦᠨ ᠱᠠᠲᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠵᠠᠩ ᠱᠤᠸᠠᠩ ᠴᠧᠩ᠂ ᠸᠠᠩ ᠶᠦᠩ ᠵᠢᠶᠠ ᠵᠡᠷᠭᠡ ᠰᠢᠶᠠᠨ ᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃    9 ᠰᠠᠷ᠎ᠠ ᠶᠢᠨ 8 ᠤ ᠡᠳᠦᠷ᠂ ᠲᠦᠴᠢᠦᠸᠠᠨ ᠰᠢᠶᠠᠨ ᠤ ᠬᠢᠨ ︽ᠪᠡᠶ᠎ᠡ ᠪᠠᠷ ᠢᠶᠠᠨ ᠲᠠᠷᠢᠶᠠᠯᠠᠵᠤ ᠰᠤᠷᠭᠠᠨ ᠬᠥᠮᠦᠵᠢᠯ ᠤᠨ ᠲᠠᠪᠴᠠᠩ ᠳᠤ ᠥᠪᠡᠷ ᠢ ᠪᠠᠨ ᠬᠦᠴᠦᠷᠬᠡᠭᠵᠢᠭᠦᠯᠦᠨ᠎ᠡ︾ ᠭᠡᠬᠦ ᠭᠤᠴᠢ ᠶᠢᠰᠦᠳᠦᠭᠡᠷ ᠪᠠᠭᠰᠢ ᠶᠢᠨ ᠪᠠᠶᠠᠷ ᠢ ᠪᠡᠯᠭᠡᠯᠡᠬᠦ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠰᠢᠭᠦᠬᠦ ᠬᠤᠷᠢᠶ᠎ᠠ ᠪᠠᠶᠢᠴᠠᠭᠠᠬᠤ ᠬᠤᠶᠠᠷ ᠬᠤᠷᠢᠶ᠎ᠠ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠥᠬᠦᠳ᠂ ᠬᠡᠰᠡᠭ ᠪᠠᠭᠰᠢ ᠰᠤᠷᠤᠭᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃    9 ᠰᠠᠷ᠎ᠠ ᠶᠢᠨ 21 ᠤ ᠡᠳᠦᠷ᠂ ᠲᠦᠴᠢᠦᠸᠠᠨ ᠰᠢᠶᠠᠨ ᠳᠤ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠮᠠᠰᠢᠨ ᠬᠥᠮᠥᠨ ᠤ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠯᠢᠦ ᠵᠢᠶᠠᠨ ᠺᠦᠢ᠂ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    9 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ︽ᠲᠦᠴᠢᠦᠸᠠᠨ ᠰᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠥᠯᠦᠪᠵᠢᠭᠦᠯᠭᠡ︾ ︽ᠲᠦᠴᠢᠦᠸᠠᠨ ᠰᠢᠶᠠᠨ ᠤ 2023 ᠣᠨ ᠤ ᠲᠥᠪ ᠤᠨ ᠡᠳ᠋ ᠤᠨ ᠵᠠᠰᠠᠭ ᠠᠴᠠ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠢ ᠳᠡᠮᠵᠢᠬᠦ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠲᠦᠴᠢᠦᠸᠠᠨ ᠰᠢᠶᠠᠨ ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠤ ᠦᠢᠯᠡᠰ ᠤᠨ ᠲᠥᠷᠥᠯ ᠵᠦᠢᠯ ᠢ ᠰᠤᠳᠤᠯᠵᠤ᠂ ᠲᠦᠴᠢᠦᠸᠠᠨ ᠰᠢᠶᠠᠨ ᠤ 2023 ᠣᠨ ᠳᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠵᠢᠯ ᠤᠨ ᠳᠤᠮᠳᠠᠬᠢ ᠲᠣᠬᠢᠷᠠᠭᠤᠯᠤᠯᠲᠠ ᠬᠢᠬᠦ ᠲᠥᠰᠥᠯ᠂ 2023 ᠣᠨ ᠤ ᠬᠢᠩᠭᠠᠨ ᠠᠶᠢᠮᠠᠭ ᠤᠨ ᠨᠢᠭᠡᠳᠦᠭᠡᠷ ᠪᠦᠯᠦᠭ ᠤᠨ ᠵᠣᠯᠭᠠᠭᠤᠯᠬᠤ ᠪᠡᠯᠡ ᠮᠥᠩᠭᠦ ᠶᠢ ᠬᠡᠷᠡᠭᠵᠢᠭᠦᠯᠬᠦ ᠲᠥᠷᠥᠯ ᠵᠦᠢᠯ ᠵᠢᠴᠢ ᠬᠡᠰᠡᠭ ᠲᠥᠷᠥᠯ ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ᠂ 2023 ᠣᠨ ᠳᠤ ᠰᠢᠨ᠎ᠡ ᠬᠡᠯᠪᠡᠷᠢ ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠡᠯᠡ ᠮᠥᠩᠭᠦ ᠶᠢ ᠲᠡᠳᠬᠦᠨ ᠬᠥᠭᠵᠢᠭᠦᠯᠬᠦ ᠶᠢ ᠬᠡᠷᠡᠭᠵᠢᠭᠦᠯᠬᠦ ᠲᠥᠷᠥᠯ ᠵᠦᠢᠯ᠂ ᠲᠦᠴᠢᠦᠸᠠᠨ ᠰᠢᠶᠠᠨ ᠤ 2023 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠭᠠᠮᠰᠢᠭ ᠲᠤ ᠡᠪᠳᠡᠭᠳᠡᠵᠦ ᠰᠡᠯᠪᠢᠨ ᠵᠠᠰᠠᠬᠤ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠤᠴᠢᠷ ᠶᠠᠪᠤᠳᠠᠯ ᠢ ᠥᠷᠨᠢᠭᠦᠯᠪᠡ᠃    9 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠠᠷᠪᠠᠳᠤᠭᠠᠷ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ᠂ ᠲᠦᠴᠢᠦᠸᠠᠨ ᠰᠢᠶᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠬᠦ ᠶᠣᠰᠣᠯᠠᠯ ᠶᠠᠪᠤᠭᠤᠯᠪᠠ᠃ ᠵᠠᠩ ᠱᠤᠸᠠᠩ ᠴᠧᠩ᠂ ᠸᠠᠩ ᠶᠦᠩ ᠵᠢᠶᠠ ᠵᠡᠷᠭᠡ ᠰᠢᠶᠠᠨ ᠤ ᠲᠦᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠣᠯᠣᠨ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ᠂ ᠠᠬᠠᠮᠠᠳ ᠪᠠᠶᠢᠯᠳᠤᠭᠴᠢ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠲᠥᠯᠥᠭᠡᠯᠡᠭᠴᠢ ᠵᠡᠷᠭᠡ ᠨᠡᠶᠢᠳᠡ 200 ᠭᠠᠷᠤᠢ ᠬᠥᠮᠥᠨ ᠴᠡᠴᠡᠭᠲᠦ ᠰᠠᠭᠰᠤ ᠬᠦᠷᠭᠡᠬᠦ ᠶᠣᠰᠣᠯᠠᠯ ᠳᠤ ᠣᠷᠣᠯᠴᠠᠪᠠ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠥ᠋ ᠴᠦᠨ ᠯᠢᠨ ᠶᠣᠰᠣᠯᠠᠯ ᠢ ᠡᠷᠭᠢᠯᠡᠪᠡ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号