ᠦᠨᠡᠨᠴᠢ ᠰᠢᠳᠤᠷᠭᠤ ᠠᠷᠢᠭᠤᠨ ᠴᠢᠬᠡᠴᠢ ᠪᠠᠷ ᠨᠠᠮᠴᠢ ᠴᠢᠨᠠᠷ ᠢ ᠡᠷᠬᠢᠮᠯᠡᠵᠦ᠂ ᠪᠣᠳᠠᠲᠠᠢ ᠠᠵᠢᠯᠯᠠᠵᠤ ᠡᠭᠦᠷᠭᠡᠯᠡᠨ ᠵᠠᠯᠠᠭᠤ ᠨᠠᠰᠤ ᠪᠠᠨ ᠦᠢᠯᠡᠳᠦᠯᠭᠡᠵᠢᠭᠦᠯᠦᠨ᠎ᠡ ︱ ᠵᠡᠭᠦᠨ ᠲᠦᠷᠵᠢ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠮᠥ᠋ᠩ ᠢᠦᠢ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ
ᠨᠡᠶᠢᠲᠡᠯᠡᠭᠰᠡᠨ ᠴᠠᠭ᠄
2023/12/22
  2018 ᠣᠨ ᠳᠤ ᠯᠢ ᠮᠧᠩ ᠢᠦᠢ ᠨᠥᠬᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢ ᠰᠣᠩᠭᠤᠬᠤ ᠰᠢᠯᠭᠠᠯᠲᠠ ᠳᠤ ᠬᠢᠷᠢ ᠲᠡᠩᠴᠡᠵᠦ᠂ ᠦᠨᠳᠦᠰᠦᠨ ᠱᠠᠲᠤᠨ ᠳᠤ ᠬᠦᠷᠴᠦ᠂ ᠬᠥᠳᠡᠭᠡ ᠲᠣᠰᠬᠤᠨ ᠳᠤ ᠣᠷᠣᠵᠤ 5 ᠵᠢᠯ ᠤᠨ ᠲᠤᠷᠰᠢ ᠤᠷᠢᠳ ᠬᠤᠵᠢᠳ ᠳᠦᠷᠵᠢ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ᠂ ᠵᠡᠭᠦᠨ ᠳᠦᠷᠵᠢ ᠪᠠᠯᠭᠠᠰᠤᠨ ᠤ ᠤᠬᠠᠭᠤᠯᠬᠤ ᠠᠵᠢᠯᠯᠠᠭᠴᠢ᠂ ᠵᠣᠬᠢᠶᠠᠨ ᠪᠠᠶᠢᠭᠤᠯᠬᠤ ᠠᠵᠢᠯᠯᠠᠭᠴᠢ᠂ ᠡᠪᠯᠡᠯ ᠤᠨ ᠬᠤᠷᠢᠶᠠᠨ ᠤ ᠱᠦᠵᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ 2023 ᠣᠨ ᠤ 7 ᠰᠠᠷ᠎ᠠ ᠳᠤ ᠵᠡᠭᠦᠨ ᠲᠦᠷᠦᠯᠵᠢ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠢᠨ ᠲᠤᠰᠢᠶᠠᠯ ᠢᠶᠠᠨ ᠭᠦᠢᠴᠡᠳᠬᠡᠵᠦ᠂ ᠲᠡᠷᠡ ︽ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠬᠦ︾ ᠪᠠᠷ ᠬᠢᠴᠢᠶᠡᠰᠦ ᠪᠣᠯᠭᠠᠵᠤ᠂ ᠭᠦᠨᠵᠡᠭᠡᠢ ᠰᠤᠷᠤᠯᠴᠠᠨ ᠦᠨᠡᠨᠴᠢ ᠰᠢᠳᠤᠷᠭᠤ ᠪᠠᠷ ᠠᠵᠢᠯᠯᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠳᠡᠭᠡᠳᠦ ᠱᠠᠲᠤᠨ ᠠᠴᠠ ᠲᠤᠰᠢᠶᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠴᠤᠭ ᠪᠠᠳᠠᠷᠠᠩᠭᠤᠢ ᠵᠠᠯᠠᠭᠤ ᠨᠠᠰᠤ ᠶᠢ ᠤᠯᠤᠰ ᠭᠡᠷ ᠤᠨ ᠬᠠᠶᠢᠷ᠎ᠠ ᠰᠡᠳᠬᠢᠯᠭᠡ ᠲᠠᠢ ᠬᠠᠮᠲᠤᠳᠬᠠᠵᠤ᠂ ᠬᠤᠪᠢ ᠬᠥᠮᠥᠨ ᠤ ᠬᠦᠰᠡᠯ ᠵᠡᠭᠦᠳᠦ ᠪᠣᠯᠣᠨ ᠴᠠᠭ ᠦᠶ᠎ᠡ ᠶᠢᠨ ᠬᠦᠴᠦᠲᠦ ᠤᠷᠤᠰᠬᠠᠯ ᠢ ᠠᠭᠤᠰᠤᠯᠴᠠᠭᠤᠯᠵᠤ᠂ ᠬᠠᠯᠠᠭᠤᠨ ᠰᠡᠳᠬᠢᠯᠭᠡ ᠪᠣᠯᠣᠨ ᠬᠦᠴᠦ ᠬᠥᠯᠥᠰᠦ ᠪᠠᠷ ᠢᠶᠠᠨ ︽ᠵᠠᠯᠠᠭᠤ ᠨᠠᠰᠤᠨ ᠤ ᠬᠥᠭᠵᠢᠮ︾ ᠢ ᠪᠢᠴᠢᠭᠯᠡᠵᠡᠢ᠃    ᠭᠦᠨᠵᠡᠭᠡᠢ ᠰᠤᠷᠤᠯᠴᠠᠵᠤ᠂ ᠤᠯᠤᠰ ᠲᠥᠷᠥ ᠶᠢᠨ ᠪᠣᠯᠪᠠᠰᠤᠷᠠᠯ ᠪᠠ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ ᠂ ᠲᠡᠷᠡ ︽ᠡᠷᠳᠡᠮ ᠴᠢᠳᠠᠪᠤᠷᠢ︾ ᠶᠢ ᠡᠵᠡᠮᠰᠢᠬᠦ᠂ ︽ᠡᠷᠳᠡᠮ ᠴᠢᠳᠠᠪᠤᠷᠢ︾ ᠶᠢ ᠪᠣᠯᠪᠠᠰᠤᠷᠠᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠣᠶᠢᠯᠠᠭᠠᠳᠠᠭ᠃ ᠲᠡᠭᠦᠨ ᠤ ᠦᠵᠡᠬᠦ ᠪᠠᠷ᠂ ᠰᠤᠷᠤᠯᠴᠠᠯᠭ᠎ᠠ ᠪᠣᠯ ᠨᠢᠭᠡ ᠵᠦᠢᠯ ᠤᠨ ᠦᠯᠡᠮᠵᠢ ᠶᠡᠭᠡ ᠠᠴᠢ ᠬᠠᠷᠢᠭᠤᠯᠲᠠ ᠶᠢ ᠤᠯᠠᠷᠢᠭᠤᠯᠤᠨ ᠭᠠᠷᠭᠠᠵᠤ ᠪᠣᠯᠬᠤ ᠦᠨᠳᠦᠰᠦᠨ ᠤᠷ᠎ᠠ ᠴᠢᠳᠠᠪᠤᠷᠢ ᠮᠥᠨ᠃ ︽ᠭᠡᠷ ᠪᠠᠶᠢᠰᠢᠩ ᠪᠠᠷᠢᠶ᠎ᠠ ᠭᠡᠪᠡᠯ ᠤᠷᠢᠳᠠᠪᠠᠷ ᠰᠠᠭᠤᠷᠢ ᠶᠢ ᠨᠢ ᠵᠠᠰᠠᠮᠤᠢ᠃︾ ︽ᠭᠡᠷ ᠪᠠᠶᠢᠰᠢᠩ ᠪᠠᠷᠢᠬᠤᠢ ᠳᠤᠷ ᠰᠠᠭᠤᠷᠢ ᠶᠢ ᠨᠢ ᠤᠷᠢᠳᠠᠪᠠᠷ ᠵᠠᠰᠠᠮᠤᠢ᠃︾ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠨ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠣᠯ ᠰᠠᠭᠤᠷᠢ ᠶᠢ ᠴᠣᠭᠴᠠᠯᠠᠭᠴᠢ ᠮᠥᠨ᠃ ᠪᠠᠶᠢᠭᠤᠯᠤᠭᠴᠢ ᠶᠢᠨ ᠤᠷ᠎ᠠ ᠮᠡᠷᠭᠡᠵᠢᠯ ᠨᠢ ᠰᠠᠭᠤᠷᠢ ᠶᠢᠨ ᠰᠠᠭᠤᠷᠢ ᠶᠢᠨ ᠲᠣᠭᠲᠠᠪᠤᠷᠢᠵᠢᠯᠲᠠ ᠶᠢᠨ ᠬᠡᠮᠵᠢᠶ᠎ᠡ ᠶᠢ ᠲᠣᠭᠲᠠᠭᠠᠵᠤ᠂ ᠨᠢᠭᠡᠨ ︽ᠰᠢᠨ᠎ᠡ ᠭᠠᠷ︾ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠣᠯᠤᠭᠰᠠᠨ ᠤ ᠬᠤᠪᠢ ᠳᠤ᠂ ᠲᠡᠷᠡ ᠭᠤᠣᠯᠳᠠᠭᠤ ᠬᠤᠶᠠᠷ ᠲᠠᠯ᠎ᠠ ᠪᠠᠷ ᠬᠦᠴᠦ ᠣᠷᠣᠭᠤᠯᠤᠭᠰᠠᠨ ᠪᠠᠶᠢᠨ᠎ᠠ᠃ ᠡᠩ ᠲᠡᠷᠢᠭᠦᠨ ᠳᠤ ᠰᠤᠷᠤᠯᠴᠠᠯᠭ᠎ᠠ ᠪᠠᠨ ᠴᠢᠩᠭᠠᠳᠬᠠᠵᠤ᠂ ᠲᠤᠰ ᠪᠡᠶ᠎ᠡ ᠶᠢᠨ ᠬᠡᠪ ᠴᠢᠨᠠᠷ ᠢᠶᠠᠨ ᠲᠡᠰᠦᠷᠡᠯᠳᠠ ᠤᠶᠢᠭᠡᠢ ᠳᠡᠭᠡᠭᠰᠢᠯᠡᠭᠦᠯᠬᠦ ᠬᠡᠷᠡᠭᠲᠡᠢ᠃ ᠲᠡᠷᠡ ᠲᠤᠬᠠᠶᠢᠯᠠᠭᠰᠠᠨ ᠠᠵᠢᠯ ᠤᠨ ᠮᠡᠳᠡᠯᠭᠡ ᠶᠢ ᠨᠠᠷᠢᠨ ᠬᠢᠨᠠᠮᠠᠭᠠᠢ ᠰᠤᠳᠤᠯᠵᠤ᠂ ᠠᠵᠢᠯ ᠤᠨ ᠠᠭᠤᠯᠭ᠎ᠠ ᠶᠢ ᠤᠯᠠᠨ ᠲᠠᠯ᠎ᠠ ᠠᠴᠠ ᠪᠦᠬᠦ ᠲᠠᠯ᠎ᠠ ᠪᠠᠷ ᠣᠶᠢᠯᠠᠭᠠᠵᠤ᠂ ᠰᠤᠷᠤᠯᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠴᠢᠭᠯᠡᠭᠦᠯᠬᠦ ᠴᠢᠨᠠᠷᠲᠠᠢ ᠪᠠᠷ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠴᠢᠩᠭᠠᠳᠬᠠᠵᠠᠢ᠃ ᠳᠠᠷᠠᠭ᠎ᠠ ᠳᠤᠨᠢ ᠤᠯᠤᠰ ᠲᠦᠷᠦ ᠶᠢᠨ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠰᠤᠷᠤᠯᠴᠠᠯᠭ᠎ᠠ ᠪᠠᠷ ᠲᠠᠮᠵᠢᠨ᠂ ᠲᠡᠷᠡ ᠥᠪᠡᠷ ᠤᠨ ᠨᠠᠮ ᠪᠣᠯᠣᠨ ᠠᠷᠠᠳ ᠲᠦᠮᠡᠨ ᠳᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠵᠠᠩ ᠮᠣᠷᠠᠯ ᠢᠶᠠᠨ ᠳᠠᠪᠲᠠᠨ ᠪᠣᠯᠪᠠᠰᠤᠷᠠᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠰᠢᠯᠢᠳᠡᠭ ᠰᠠᠶᠢᠨ ᠠᠵᠢᠯ ᠤᠨ ᠰᠤᠷᠲᠠᠯ ᠪᠣᠯᠣᠨ ᠲᠡᠮᠦᠷ ᠮᠡᠲᠦ ᠰᠠᠬᠢᠯᠭ᠎ᠠ ᠪᠠᠲᠤ ᠪᠠᠷ ᠵᠡᠭᠦᠨ ᠲᠦᠷᠦᠯᠵᠢ ᠪᠠᠯᠭᠠᠰᠤᠨ ᠤ ᠵᠡᠪᠰᠡᠭᠲᠦ ᠬᠦᠴᠦᠨ ᠤ ᠠᠵᠢᠯ ᠢ ᠪᠦᠬᠦ ᠰᠢᠶᠠᠨ ᠤ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠪᠠ᠃     ᠪᠣᠳᠠᠲᠠᠢ ᠶᠢ ᠡᠷᠬᠢᠮᠯᠡᠵᠦ᠂ ᠠᠵᠢᠯ ᠢᠶᠠᠨ ᠴᠢᠨᠠᠷ ᠰᠠᠶᠢᠲᠠᠢ ᠥᠷᠨᠢᠭᠦᠯᠬᠦ ᠶᠢ ᠦᠨᠡᠨᠬᠦ  ᠠᠬᠢᠭᠤᠯᠤᠨ᠎ᠠ    ᠰᠢ ᠶᠢᠨ ᠫᠢᠩ ᠶᠡᠷᠦᠩᠬᠡᠢ ᠱᠦᠵᠢ ᠵᠠᠯᠠᠭᠤᠴᠤᠳ ᠲᠤ᠄ ᠵᠠᠯᠠᠭᠤ ᠨᠠᠰᠤᠨ ᠳᠠᠭᠠᠨ ᠣᠰᠣᠯᠳᠠᠬᠤ ᠦᠭᠡᠢ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ᠂ ᠴᠠᠭ ᠦᠶ᠎ᠡ ᠳᠡᠭᠡᠨ ᠣᠰᠣᠯᠳᠠᠬᠤ ᠦᠭᠡᠢ ᠪᠠᠶᠢᠬᠤ ᠬᠡᠷᠡᠭᠲᠡᠢ ᠭᠡᠵᠦ ᠵᠠᠬᠢᠵᠤ ᠥᠩᠭᠡᠷᠡᠵᠡᠢ᠃ 28 ᠨᠠᠰᠤᠲᠠᠢ ᠯᠢ ᠮᠥ᠋ᠩ ᠢᠦᠢ ᠲᠤᠬᠠᠶᠢᠯᠠᠭᠰᠠᠨ ᠠᠵᠢᠯ ᠤᠨ ᠳᠤᠮᠳᠠ ᠪᠠᠨ ᠨᠠᠷᠢᠨ ᠨᠢᠮᠪᠠᠢ ᠪᠠᠶᠢᠬᠤ ᠶᠢ ᠬᠥᠭᠡᠭᠡᠴᠡᠯᠳᠦᠵᠦ᠂ ᠡᠭᠡᠯ ᠵᠢᠷ ᠤᠨ ᠪᠠᠶᠢᠳᠠᠯ ᠢ ᠬᠠᠶᠢᠬᠤᠷᠬᠤ ᠦᠭᠡᠢ ᠪᠠᠶᠢᠪᠠ︔ ᠪᠤᠰᠤᠳ ᠠᠵᠢᠯ ᠤᠨ ᠬᠦᠷᠢᠶᠡᠨ ᠳᠤ ᠬᠠᠮᠲᠤ ᠠᠵᠢᠯᠯᠠᠭᠰᠠᠳ ᠢᠶᠠᠨ ᠬᠠᠯᠠᠭᠤᠨ ᠢᠶᠠᠷ ᠬᠠᠪᠰᠤᠷᠴᠤ᠂ ᠢᠳᠡᠪᠬᠢᠲᠡᠢ ᠪᠠᠷ ᠢᠳᠬᠠᠨ ᠰᠠᠨᠠᠭᠤᠯᠵᠤ᠂ ᠠᠷᠭ᠎ᠠ ᠤᠬᠠᠭᠠᠨ ᠡᠷᠭᠦᠵᠦ᠂ ᠬᠥᠬᠡᠮᠳᠦᠭ ᠨᠣᠭᠤᠭᠠᠨ ᠪᠠᠭᠠᠴᠤᠳ ᠵᠡᠭᠦᠨ ᠳ᠋ᠦ᠋ᠷᠵᠢ ᠪᠠᠯᠭᠠᠰᠤᠨ ᠤ ᠡᠨᠡᠬᠦ ᠬᠠᠯᠠᠭᠤᠨ ᠬᠥᠷᠥᠰᠥᠨ ᠳᠤ ᠭᠦᠨ ᠦᠨᠳᠦᠰᠦ ᠬᠠᠳᠬᠤᠵᠤ᠂ ᠥᠷᠨᠢᠭᠦᠨ ᠪᠠᠳᠠᠷᠠᠩᠭᠤᠢ ᠦᠰᠦᠨ ᠪᠣᠶᠢᠵᠢᠵᠠᠢ᠃ ᠲᠡᠷᠡ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠢ ᠪᠤᠰᠤᠳ ᠠᠵᠢᠯ ᠲᠠᠢ ᠬᠠᠷᠢᠴᠠᠭᠤᠯᠪᠠᠯ᠂ ᠪᠠᠷᠢᠮᠵᠢᠶᠠᠵᠢᠭᠤᠯᠤᠯᠲᠠ ᠶᠢᠨ ᠬᠡᠮᠵᠢᠶ᠎ᠡ ᠨᠢ ᠨᠡᠩ ᠥᠨᠳᠥᠷ᠂ ᠨᠢᠭᠤᠴᠠ ᠶᠢ ᠬᠠᠮᠠᠭᠠᠯᠠᠬᠤ ᠴᠢᠨᠠᠷ ᠨᠢ ᠨᠡᠩ ᠴᠢᠩᠭ᠎ᠠ ᠪᠠᠶᠢᠵᠤ᠂ ᠲᠡᠷᠡ ᠲᠠᠰᠤᠷᠠᠯᠲᠠ ᠦᠭᠡᠢ ᠰᠡᠳᠬᠢᠨ ᠰᠦᠪᠡᠭᠴᠢᠯᠡᠵᠦ᠂ ︽1130︾ ᠠᠵᠢᠯ ᠤᠨ ᠠᠷᠭ᠎ᠠ ᠶᠢᠨ ᠰᠢᠨ᠎ᠡ ᠶᠢ ᠡᠭᠦᠳᠪᠡ᠂ ᠲᠤᠬᠠᠶᠢᠯᠠᠪᠠᠯ︽ᠪᠠᠷᠢᠮᠵᠢᠶᠠᠵᠢᠭᠤᠯᠤᠯᠲᠠ ᠶᠢᠨ ᠵᠡᠪᠰᠡᠭᠲᠦ ᠬᠦᠴᠦᠨ ᠤ ᠬᠡᠯᠲᠡᠰ ᠢ ᠪᠠᠶᠢᠭᠤᠯᠵᠤ᠂ ᠨᠢᠭᠡᠨ ᠰᠢᠯᠭᠠᠷᠠᠭᠰᠠᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠶᠢ ᠰᠠᠶᠢᠲᠤᠷ ᠪᠠᠶᠢᠭᠤᠯᠵᠤ᠂ ᠡᠷᠦᠬᠡ ᠶᠢᠨ ᠴᠡᠷᠢᠭ ᠤᠨ ᠰᠤᠷᠭᠠᠨ ᠬᠥᠮᠦᠵᠢᠯ᠂ ᠴᠡᠷᠢᠭ ᠤᠨ ᠠᠯᠪᠠᠨ ᠤ ᠳᠠᠩᠰᠠᠯᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠵᠡᠷᠭᠡ ᠭᠤᠷᠪᠠᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠭᠠᠵᠢᠭᠤ ᠰᠤᠷᠲᠠᠯ ᠢ ᠥᠴᠥᠬᠡᠨ ᠴᠦ ᠦᠯᠦ ᠠᠭᠤᠴᠢᠯᠠᠬᠤ︾ ᠶᠢ ᠪᠠᠷᠢᠮᠲᠠᠯᠠᠵᠤ᠂ ᠵᠡᠭᠦᠨ ᠲᠦᠷᠦᠯᠵᠢ ᠪᠠᠯᠭᠠᠰᠤᠨ ᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ ᠲᠡᠷᠡ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂︽ᠤᠰᠤᠨ ᠡᠷᠭᠢ ᠶᠢᠨ ᠵᠢᠵᠢᠭ ᠪᠠᠯᠭᠠᠰᠤ ᠲᠦᠷᠦᠯᠵᠢ︾ᠭᠡᠬᠦ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠲᠤ︽ᠭᠤᠣᠯ ᠰᠡᠳᠦᠪᠲᠦ ᠰᠤᠷᠭᠠᠨ ᠬᠥᠮᠦᠵᠢᠯ ᠤᠨ ᠤᠨᠤᠯ ᠤᠨ ᠪᠢᠴᠢᠯ ᠬᠢᠴᠢᠶᠡᠯ ᠤᠨ ᠲᠠᠩᠬᠢᠮ︾ᠪᠤᠯᠤᠩ ᠢ ᠰᠢᠨ᠎ᠡ ᠪᠠᠷ ᠡᠭᠦᠳᠴᠦ᠂ ᠬᠤᠭᠤᠴᠠᠭ᠎ᠠ ᠪᠦᠷᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠶᠠᠷᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠤᠨᠤᠯ ᠤᠨ ᠰᠤᠷᠤᠯᠴᠠᠯᠭ᠎ᠠ ᠶᠢ︽ᠬᠤᠷᠤᠭᠤᠨ ᠦᠵᠦᠭᠦᠷ︾ ᠠᠴᠠ︽ᠰᠡᠳᠬᠢᠯ ᠤᠨ ᠦᠵᠦᠭᠦᠷ︾ᠬᠦᠷᠲᠡᠯ᠎ᠡ ᠦᠷᠭᠦᠯᠵᠢᠯᠡᠭᠦᠯᠬᠦ ᠶᠢ ᠪᠦᠲᠦᠮᠵᠢᠲᠡᠢ ᠠᠬᠢᠭᠤᠯᠵᠤ᠂ ᠵᠡᠪᠰᠡᠭᠲᠦ ᠬᠦᠴᠦᠨ ᠤ ᠠᠵᠢᠯ ᠤᠨ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠲᠤᠯᠠᠵᠠᠢ᠃    ᠡᠭᠦᠨ ᠢᠶᠠᠷ ᠦᠷ᠎ᠡ ᠪᠦᠲᠦᠮᠵᠢ ᠣᠯᠵᠤ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠬᠦ ᠰᠢᠨ᠎ᠡ ᠳᠦᠷᠢ ᠲᠥᠷᠬᠦ ᠶᠢ ᠪᠤᠢ ᠪᠣᠯᠭᠠᠬᠤ ᠳᠤ᠂ ᠰᠡᠳᠬᠢᠯ ᠵᠢᠷᠦᠬᠡᠨ ᠳᠤ ᠬᠡᠴᠢᠨᠡᠨ ᠤᠯᠠᠨ ᠦᠨᠡᠨ ᠰᠡᠳᠬᠢᠯᠭᠡ ᠰᠢᠩᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠭᠤᠤ ᠶᠡᠭᠡ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠤ᠂ ᠠᠷᠠᠳ ᠤᠯᠠᠨ ᠤ ᠰᠤᠳᠠᠰᠤ ᠶᠢ ᠬᠠᠮᠤᠭ ᠠᠴᠠ ᠢᠯᠡᠭᠦᠦ ᠭᠦᠨᠳᠡᠭᠰᠡᠨ ᠭᠠᠵᠠᠷ ᠲᠤ᠂ ᠲᠡᠷᠡ ᠨᠠᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠣᠯᠣᠨ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠥᠪᠡᠷ ᠤᠨ︽ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ︾ ᠪᠠᠷ ᠢᠶᠠᠨ ᠤᠯᠠᠨ ᠲᠦᠮᠡᠨ ᠤ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠵᠤ ᠠᠪᠤᠪᠠ᠃ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠲᠡᠷᠡ ᠴᠡᠷᠢᠭ ᠠᠴᠠ ᠬᠠᠯᠠᠭᠳᠠᠭᠰᠠᠳ ᠤᠨ 38 ᠬᠥᠮᠥᠨ ᠢ ᠰᠤᠷᠪᠤᠯᠵᠢᠯᠠᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠡᠯ᠎ᠡ ᠲᠦᠷᠦᠯ ᠤᠨ ᠠᠵᠢᠯᠯᠠᠭ᠎ᠠ ᠶᠢ 3 ᠤᠳᠠᠭ᠎ᠠ ᠥᠷᠨᠢᠭᠦᠯᠵᠦ᠂ 182 ᠬᠥᠮᠥᠨ ᠳᠤ ᠠᠰᠢᠭ ᠬᠦᠷᠲᠡᠭᠡᠵᠦ᠂ ᠰᠢᠯᠢᠳᠡᠭ ᠡᠷᠦᠭᠡ ᠶᠢᠨ ᠴᠡᠷᠢᠭ ᠢ ᠳᠠᠭᠠᠭᠤᠯᠤᠨ ᠤᠯᠠᠨ ᠲᠦᠮᠡᠨ ᠳᠤ ᠦᠢᠯᠡᠴᠢᠯᠡᠬᠦ ᠳᠤ ᠣᠷᠣᠯᠴᠠᠵᠤ᠂ 23 ᠬᠦᠴᠢᠷ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠥᠭᠴᠡᠢ᠃ ᠲᠡᠭᠦᠨ ᠤ ᠦᠵᠡᠬᠦ ᠪᠠᠷ᠂ ᠪᠠᠭ᠎ᠠ ᠠᠴᠠ ᠠᠪᠤᠭᠠᠳ ᠲᠦᠯᠡᠰᠢ ᠰᠢᠲᠠᠭᠠᠯᠭ᠎ᠠ ᠳᠠᠪᠤᠰᠤ ᠲᠣᠰᠣ ᠵᠡᠷᠭᠡ ᠠᠮᠢᠳᠤᠷᠠᠯ ᠤᠨ ᠠᠷᠰᠠᠷ ᠶᠠᠪᠤᠳᠠᠯ᠂ ᠶᠡᠭᠡ ᠠᠴᠠ ᠠᠪᠤᠭᠠᠳ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ᠂ ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠨᠢ ᠲᠡᠭᠦᠨ ᠤ ᠬᠠᠮᠲᠤ ᠠᠵᠢᠯᠯᠠᠭᠰᠠᠳ ᠪᠠ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠵᠠᠯᠠᠭᠤᠴᠤᠳ ᠭᠡᠬᠦ ᠦᠭᠡ ᠶᠢ ᠳᠤᠷᠠᠳᠬᠤ ᠳᠤ᠂ ᠡᠭᠡᠯ ᠶᠡᠷᠦᠮᠳᠡᠭ ᠲᠠᠢ ᠬᠠᠷᠢᠯᠴᠠᠨ ᠵᠢᠮᠡᠯᠡᠵᠦ᠂ ᠬᠤᠶᠢᠰᠢᠳᠠ ᠶᠢᠨ ᠠᠵᠢᠯ ᠳᠤᠮᠳᠠ ᠪᠠᠨ ᠯᠢ ᠮᠥ᠋ᠩ ᠢᠦᠢ ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠲᠡᠮᠡᠴᠡᠯ ᠢ ᠵᠠᠯᠠᠭᠤ ᠨᠠᠰᠤᠨ ᠤ ᠬᠠᠮᠤᠭ ᠤᠨ ᠦᠵᠡᠰᠬᠦᠯᠡᠩᠲᠦ ᠰᠠᠶᠢᠬᠠᠨ ᠰᠠᠭᠤᠷᠢ ᠥᠩᠭᠡ ᠪᠣᠯᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠬᠠᠷᠠᠮᠰᠠᠯ ᠦᠭᠡᠢ ᠲᠡᠮᠡᠴᠡᠯ ᠤᠨ ᠤᠯᠠ ᠮᠥᠷ ᠢ ᠦᠯᠡᠳᠡᠭᠡᠬᠦ ᠬᠡᠷᠡᠭᠲᠡᠢ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号