ᠦ᠋ ᠹᠧᠢ ᠹᠧᠢ᠄ ᠦᠨᠡᠨᠬᠦ ᠠᠳᠬᠤᠨ ᠪᠣᠳᠠᠲᠠᠢ ᠠᠵᠢᠯᠯᠠᠵᠤ᠂ ᠣᠯᠠᠨ ᠲᠦᠮᠡᠨ ᠤ ᠰᠡᠳᠬᠢᠯ ᠳᠤ ᠬᠠᠳᠠᠩᠰᠢᠬᠤ
ᠨᠡᠶᠢᠲᠡᠯᠡᠭᠰᠡᠨ ᠴᠠᠭ᠄
2023/12/22
  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠬᠥᠮᠥᠨ ᠳᠤ ᠪᠤᠢ᠂ ᠵᠠᠩᠭᠢᠯᠠᠭ᠎ᠠ ᠨᠢ ᠠᠵᠢᠯᠯᠠᠬᠤ ᠳᠤ ᠪᠤᠢ᠃ ᠦ᠋ ᠹᠧᠢ ᠹᠧᠢ ᠪᠣᠯ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠢᠭᠡᠨ ᠠᠷᠠᠳ ᠤᠨ ᠴᠠᠭᠳᠠᠭ᠎ᠠ ᠪᠣᠯᠣᠨ᠎ᠠ᠂ 2021 ᠣᠨ ᠳᠤ ᠲᠦᠴᠢᠦᠸᠠᠨ ᠰᠢᠶᠠᠨ ᠤ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠳᠤ ᠲᠣᠮᠢᠯᠠᠭᠳᠠᠨ ᠰᠠᠭᠤᠵᠤ ᠲᠣᠰᠬᠤᠨ ᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠪᠡ᠃ ᠨᠢᠭᠡᠨ ᠠᠷᠠᠳ ᠤᠨ ᠴᠠᠭᠳᠠᠭ᠎ᠠ ᠠᠶᠠᠯᠠᠨ ᠪᠠᠶᠢᠯᠳᠤᠵᠤ ᠪᠠᠶᠢᠭᠰᠠᠨ ᠠᠴᠠ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠶᠢᠨ ᠤ ᠲᠠᠯᠠᠪᠤᠷ ᠬᠦᠷᠲᠡᠯ᠎ᠡ᠂ ᠦ᠋ ᠹᠧᠢ ᠹᠧᠢ ︽ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢ ᠠᠷᠠᠳ ᠲᠦᠮᠡᠨ ᠤ ᠲᠥᠯᠥᠭᠡ ᠪᠠᠶᠢᠭᠤᠯᠬᠤ︾ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠴᠠᠭᠳᠠᠭ᠎ᠠ ᠶᠢᠨ ᠦᠨᠡᠨᠴᠢ ᠰᠢᠳᠤᠷᠭᠤ ᠬᠠᠷᠢᠭᠤᠴᠠᠯᠭ᠎ᠠ ᠶᠢ ᠢᠯᠡᠷᠡᠭᠦᠯᠪᠡ᠃
    ᠵᠢᠯ ᠤᠨ ᠡᠴᠦᠰ ᠪᠣᠯᠬᠤ ᠳᠤ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠤ ᠵᠡᠭᠡᠯᠢ ᠭᠤᠳᠤᠮᠵᠢ ᠪᠠᠷ ᠦ᠋ ᠹᠧᠢ ᠹᠧᠢ ᠶᠢᠨ ᠶᠠᠭᠠᠷᠠᠯᠲᠠᠢ ᠪᠠᠷ᠎ᠠ ᠶᠢ ᠦᠷᠭᠦᠯᠵᠢ ᠣᠯᠵᠤ ᠬᠠᠷᠠᠳᠠᠭ᠃ ᠰᠢᠨ᠎ᠡ ᠮᠠᠶ᠋ᠢᠭ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠬᠤᠣᠷᠲᠤ ᠡᠳ᠋ ᠢ ᠴᠠᠭᠠᠵᠠᠯᠠᠵᠤ ᠵᠣᠭᠤᠰ ᠨᠠᠭᠠᠳᠬᠤ ᠶᠢ ᠴᠠᠭᠠᠵᠠᠯᠠᠬᠤ ᠵᠡᠷᠭᠡ ᠤᠬᠠᠭᠤᠯᠭ᠎ᠠ ᠶᠢᠨ ᠠᠵᠢᠯ ᠢ ᠯᠠᠪᠳᠠᠭᠤᠨ ᠪᠦᠲᠦᠮᠵᠢᠲᠡᠢ ᠥᠷᠨᠢᠭᠦᠯᠬᠦ ᠶᠢᠨ ᠲᠥᠯᠥᠭᠡ᠂ ᠲᠡᠳᠡ ᠠᠬᠠᠮᠠᠳ ᠨᠠᠮ ᠤᠨ ᠭᠡᠰᠢᠭᠦᠨ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠪᠠᠶᠠᠵᠢᠯ ᠤᠨ ᠴᠢᠳᠠᠪᠤᠷᠢᠲᠠᠨ ᠤ ᠭᠡᠷ ᠲᠤ ᠬᠦᠷᠴᠦ ᠰᠤᠷᠪᠤᠯᠵᠢᠯᠠᠨ ᠶᠠᠷᠢᠯᠴᠠᠵᠤ᠂ ᠲᠣᠰᠬᠤᠨ ᠤ ᠠᠷᠠᠳ ᠤᠨ ᠬᠠᠷᠢᠴᠠᠭ᠎ᠠ ᠶᠢ ᠣᠶᠢᠷᠠᠲᠤᠭᠤᠯᠬᠤ ᠶᠢᠨ ᠬᠠᠮᠲᠤ ᠨᠡᠩ ᠴᠤ ᠲᠣᠰᠬᠤᠨ ᠤ ᠠᠷᠠᠳ ᠤᠨ ︽ᠵᠣᠭᠤᠰᠤᠨ ᠪᠣᠭᠴᠣ︾  ᠶᠢ ᠬᠠᠮᠠᠭᠠᠯᠠᠵᠤ᠂ ᠲᠡᠳᠡᠨ ᠤ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠵᠦ᠂ ᠠᠶᠢᠯ ᠲᠣᠰᠬᠤᠨ ᠤ ᠬᠠᠤᠯᠢᠵᠢᠯ ᠤᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃    ︽ᠦ᠋ ᠱᠦᠵᠢ ᠡᠨᠡ ᠬᠤᠶᠠᠷ ᠵᠢᠯ ᠮᠠᠨ ᠤ ᠾᠧ ᠹᠠ ᠲᠣᠰᠬᠤᠨ ᠤ ᠠᠵᠢᠯ ᠢ ᠬᠠᠷᠢᠭᠤᠴᠠᠭᠰᠠᠨ ᠨᠢ ᠪᠢᠳᠡᠨ ᠢ ᠮᠠᠰᠢ ᠬᠠᠯᠠᠮᠵᠢᠯᠠᠵᠤ ᠪᠠᠶᠢᠨ᠎ᠠ᠂ ᠨᠠᠮᠤᠷ ᠤᠨ ᠬᠤᠷᠢᠶᠠᠯᠲᠠ ᠶᠢᠨ ᠳᠠᠷᠠᠭ᠎ᠠ ᠭᠠᠷ ᠪᠦᠷ ᠵᠣᠭᠤᠰ ᠲᠠᠢ ᠪᠣᠯᠤᠭᠰᠠᠨ ᠪᠣᠯᠬᠤᠷ᠂ ᠪᠢᠳᠡᠨ ᠢ ᠴᠠᠬᠢᠯᠭᠠᠨ ᠬᠤᠯᠪᠣᠭᠠᠨ ᠤ ᠮᠡᠬᠡᠯᠡᠯ᠂ ᠬᠥᠷᠰᠢ ᠵᠡᠷᠭᠡᠯᠡᠳᠡᠭᠡ ᠶᠢᠨ ᠬᠤᠭᠤᠷᠣᠨᠳᠤ ᠵᠢᠭᠤᠷᠠᠯᠳᠤᠭᠠᠨ ᠭᠠᠷᠬᠤ ᠶᠢ ᠴᠠᠭ ᠢᠮᠠᠭᠲᠠ ᠰᠡᠷᠭᠡᠶᠢᠯᠡᠬᠦ ᠬᠡᠷᠡᠭᠲᠡᠢ᠂ ᠲᠡᠳᠡᠨ ᠤ ᠠᠵᠢᠯᠲᠠᠳ ᠴᠥᠮ ᠭᠦᠢᠴᠡᠳ ᠰᠠᠶᠢᠨ ᠬᠢᠵᠦ ᠴᠢᠳᠠᠪᠠ︾ ᠭᠡᠵᠦ ᠱᠦᠢ ᠴᠢᠤᠸᠠᠨ ᠪᠠᠯᠭᠠᠰᠤ ᠶᠢᠨ ᠾᠧ ᠹᠠ ᠲᠣᠰᠬᠤᠨ ᠤ ᠠᠷᠠᠳ ᠰᠢᠦᠢ ᠱᠤ᠋ ᠹᠧᠨ ᠬᠡᠯᠡᠪᠡ᠃
   ︽ᠦ᠋ ᠱᠦᠵᠢ ᠠᠳᠡ ᠢᠷᠡᠭᠡᠳ ᠡᠳᠦᠢ ᠤᠳᠠᠲᠠᠯ᠎ᠠ ᠦᠷᠭᠦᠯᠵᠢ ᠮᠠᠨ ᠤ ᠭᠡᠷ ᠲᠤ ᠢᠷᠡᠵᠦ ᠬᠠᠤᠯᠢ ᠴᠠᠭᠠᠵᠠ  ᠶᠢᠨ ᠮᠡᠳᠡᠯᠭᠡ᠂ ᠠᠮᠤᠷ ᠲᠦᠪᠰᠢᠨ ᠤ ᠮᠡᠳᠡᠯᠭᠡ᠂ ᠭᠠᠯ ᠢ ᠰᠡᠷᠭᠡᠶᠢᠯᠡᠬᠦ ᠮᠡᠳᠡᠯᠭᠡ   ᠶᠢ ᠤᠬᠠᠭᠤᠯᠵᠤ᠂ ᠣᠯᠠᠨ ᠤ ᠰᠣᠨᠣᠷ ᠰᠡᠷᠡᠮᠵᠢ   ᠶᠢ ᠳᠡᠭᠡᠭᠰᠢᠯᠡᠭᠦᠯᠬᠦ ᠬᠡᠷᠡᠭᠲᠡᠢ᠂ ᠢᠯᠠᠩᠭᠤᠶ᠎ᠠ ᠮᠠᠨ ᠤ ᠨᠠᠰᠤᠲᠠᠶᠢᠴᠤᠳ ᠠᠮᠠᠷᠬᠠᠨ ᠮᠡᠬᠡᠯᠡᠭᠳᠡᠳᠡᠭ ᠪᠣᠯᠬᠤᠷ ᠦ᠋ ᠱᠦᠵᠢ ᠦᠷᠭᠦᠯᠵᠢ ᠬᠠᠮᠲᠤ ᠠᠵᠢᠯᠯᠠᠭᠴᠢ ᠳᠠᠭᠠᠨ ᠡᠳᠡᠭᠡᠷ ᠮᠡᠳᠡᠯᠭᠡ ᠶᠢ ᠤᠬᠠᠭᠤᠯᠵᠤ᠂ ᠣᠯᠠᠨ ᠤ ᠰᠣᠨᠣᠷ ᠰᠡᠷᠡᠮᠵᠢ ᠶᠢ ᠳᠡᠭᠡᠭᠰᠢᠯᠡᠭᠦᠯᠳᠡᠭ︾ ᠭᠡᠵᠤ ᠲᠣᠰᠬᠤᠨ ᠤ ᠠᠷᠠᠳ ᠹᠠᠨ ᠴᠦᠨ ᠯᠢᠶᠠᠩ ᠤᠬᠠᠭᠤᠯᠭ᠎ᠠ ᠶᠢᠨ ᠭᠠᠷ ᠳᠡᠪᠲᠡᠷ ᠢᠶᠠᠨ ᠦᠵᠡᠬᠦ ᠶᠢᠨ ᠳᠠᠭᠠᠤ ᠰᠤᠷᠪᠤᠯᠵᠢᠯᠠᠭᠴᠢᠳ ᠲᠠᠢ ᠶᠠᠷᠢᠯᠴᠠᠵᠤ ᠪᠠᠶᠢᠯ᠎ᠠ᠃    ᠦ᠋ ᠹᠧᠢ ᠹᠧᠢ ᠬᠢᠬᠠᠨ ᠮᠡᠬᠡᠯᠡᠬᠦ ᠶᠢ ᠰᠡᠷᠭᠡᠶᠢᠯᠡᠬᠦ᠂ ᠬᠢᠬᠠᠨ ᠮᠡᠬᠡᠯᠡᠬᠦ ᠶᠢ ᠡᠰᠡᠷᠭᠦᠴᠡᠬᠦ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠢᠶᠠᠷ ᠪᠠᠷᠠᠬᠤ ᠦᠭᠡᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠢᠮᠠᠭᠲᠠ ︽ᠠᠷᠠᠳ ᠲᠦᠮᠡᠨ ᠳᠤ ᠦᠢᠯᠡᠴᠢᠯᠡᠬᠦ︾ ᠦᠨᠡᠨᠴᠢ ᠰᠡᠳᠬᠢᠯ ᠢ ᠢᠳᠡᠪᠬᠢᠲᠡᠢ ᠪᠠᠳᠠᠷᠠᠭᠤᠯᠵᠤ᠂ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠳᠤᠮᠳᠠ ᠰᠠᠨᠠᠭᠠᠴᠢᠯᠠᠭ᠎ᠠ   ᠠᠴᠠ ᠪᠠᠨ ᠵᠢᠭᠰᠠᠭᠠᠨ ᠪᠠᠶᠢᠴᠠᠭᠠᠵᠤ᠂ ᠰᠠᠨᠠᠭᠠᠴᠢᠯᠠᠭ᠎ᠠ   ᠠᠴᠠ ᠪᠠᠨ ᠰᠡᠷᠭᠡᠶᠢᠯᠡᠵᠦ᠂ ︽ᠪᠠᠭ᠎ᠠ ᠶᠠᠪᠤᠳᠠᠯ ᠢ ᠲᠣᠰᠬᠤᠨ ᠳᠤ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠳᠤ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃    ︽ᠡᠨᠡ ᠬᠤᠶᠠᠷ ᠵᠢᠯ᠂ ᠦ᠋ ᠱᠦᠵᠢ ᠶᠢᠨ ᠣᠷᠣᠯᠴᠠᠭᠰᠠᠨ ᠢᠶᠠᠷ᠂ ᠮᠠᠨ ᠤ ᠭᠠᠴᠠᠭᠠᠨ ᠤ ᠵᠥᠷᠢᠴᠡᠯ ᠵᠢᠭᠤᠷᠠᠯᠳᠤᠭᠠᠨ   ᠢ ᠰᠢᠢᠳᠪᠦᠷᠢᠯᠡᠭᠡᠳ ᠠᠮᠵᠢᠯᠲᠠ ᠣᠯᠣᠭᠰᠠᠨ ᠨᠣᠷᠮ᠎ᠠ 98% ᠳᠤ ᠬᠦᠷᠴᠡᠢ᠂ ᠤᠴᠢᠷ ᠨᠢ ᠲᠠᠳᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ   ᠢ ᠨᠠᠩ ᠰᠠᠶᠢᠨ ᠣᠶᠢᠯᠠᠭᠠᠵᠤ᠂ ᠨᠠᠩ ᠵᠢᠷᠤᠮᠵᠢᠭᠤᠨ ᠡᠶᠡᠳᠡᠭᠦᠯᠬᠦ ᠵᠢᠷᠤᠮ ᠲᠠᠢ ᠪᠠᠶᠢᠳᠠᠭ ᠪᠣᠯᠬᠤᠷ ᠰᠢᠢᠳᠪᠦᠷᠢᠯᠡᠬᠦ ᠦᠶ᠎ᠡ ᠳᠤ ᠣᠯᠠᠨ ᠲᠦᠮᠡᠨ ᠤ ᠵᠥᠷᠢᠴᠡᠯ ᠠᠰᠠᠭᠤᠳᠠᠯ ᠤᠨ ᠦᠨᠳᠦᠰᠦ ᠰᠤᠷᠪᠤᠯᠵᠢ   ᠶᠢ ᠮᠠᠰᠢ ᠲᠦᠷᠭᠡᠨ   ᠢᠶᠠᠷ ᠣᠯᠵᠤ ᠪᠣᠯᠣᠨ᠎ᠠ᠂ ᠡᠨᠡ ᠨᠢ ᠮᠠᠨ ᠤ ᠭᠠᠴᠠᠭᠠᠨ ᠤ ︿ᠬᠤᠶᠠᠷ ᠵᠥᠪᠯᠡᠯ﹀᠂ ᠰᠦᠯᠵᠢᠶᠡᠨ ᠤ ᠠᠵᠢᠯᠲᠠᠨ ᠤ ᠠᠵᠢᠯ ᠤᠨ ᠳᠠᠷᠤᠭᠠᠰᠤ   ᠶᠢ ᠬᠥᠩᠭᠡᠯᠡᠭᠰᠡᠨ   ᠢᠶᠠᠷ ᠪᠠᠷᠠᠬᠤ ᠦᠭᠡᠢ ᠪᠠᠰᠠ ᠪᠥᠬᠦ ᠭᠠᠴᠠᠭᠠᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ   ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ︾ ᠭᠡᠵᠦ ᠱᠦᠢ ᠴᠢᠤᠸᠠᠨ ᠪᠠᠯᠭᠠᠰᠤ ᠶᠢᠨ ᠾᠧ ᠹᠠ ᠲᠣᠰᠬᠤᠨ ᠤ ᠨᠠᠮ ᠤᠨ ᠡᠭᠦᠷ ᠤᠨ ᠱᠦᠵᠢ ᠵᠧᠦ ᠰᠢᠶᠣᠣ ᠴᠢᠩ ᠬᠡᠯᠡᠪᠡ᠃    ᠲᠣᠰᠬᠤᠨ ᠳᠤ ᠰᠠᠭᠤᠭᠰᠠᠨ ᠬᠤᠶᠠᠷ ᠵᠢᠯ ᠭᠠᠷᠤᠢ ᠶᠢᠨ ᠬᠤᠭᠤᠴᠠᠭᠠᠨ ᠳᠤ᠂ ᠦ᠋ ᠹᠧᠢ ᠹᠧᠢ ᠢᠮᠠᠭᠲᠠ ᠠᠷᠠᠳ ᠤᠯᠠᠨ ᠤ ᠠᠮᠢᠳᠤᠷᠠᠯ ᠰᠠᠶᠢᠨ᠂ ᠣᠷᠣᠯᠭ᠎ᠠ ᠳᠡᠭᠡᠭᠰᠢᠯᠡᠪᠡᠯ ᠰᠠᠶ᠋ᠢ ᠢᠲᠡᠭᠡᠭᠦᠯᠬᠦ ᠬᠦᠴᠦᠨ ᠲᠠᠢ ᠪᠣᠯᠣᠨ᠎ᠠ ᠭᠡᠵᠦ ᠦᠵᠡᠵᠦ ᠪᠠᠶᠢᠪᠠ᠃ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠳᠤ ᠬᠦᠷᠴᠦ ᠢᠷᠡᠭᠰᠡᠨ ᠢᠶᠠᠨ ᠡᠷᠭᠢᠴᠡᠭᠦᠯᠬᠦ ᠳᠤ ᠦ᠋ ᠹᠧᠢ ᠹᠧᠢ ᠲᠤᠶᠢᠯ ᠢᠶᠠᠷ ᠰᠡᠳᠬᠢᠯ ᠬᠥᠳᠡᠯᠪᠡ᠃ ᠲᠡᠷᠡ᠄ ︽2021 ᠣᠨ ᠤ 9 ᠰᠠᠷ᠎ᠠ ᠳᠤ᠂ ᠵᠣᠬᠢᠶᠠᠨ ᠪᠠᠶᠢᠭᠤᠯᠤᠯᠲᠠ ᠠᠴᠠ ᠰᠣᠩᠭᠤᠭᠳᠠᠨ ᠲᠣᠮᠢᠯᠠᠭᠳᠠᠵᠤ᠂ ᠪᠢ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠳᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠵᠤ᠂ ᠾᠧ ᠹᠠ ᠲᠣᠰᠬᠤᠨ ᠳᠤ ᠬᠦᠷᠴᠦ ᠢᠷᠡᠬᠦ ᠳᠤ ᠳᠠᠷᠤᠭᠠᠰᠤ ᠲᠠᠢ ᠰᠠᠨᠠᠭᠳᠠᠵᠤ᠂ ᠲᠣᠰᠬᠤᠨ ᠢ ᠬᠡᠷᠬᠢᠨ ᠬᠦᠴᠦᠷᠬᠡᠭᠵᠢᠭᠦᠯᠬᠦ᠂ ᠲᠣᠰᠬᠤᠨ ᠤ ᠠᠷᠠᠳ ᠢ ᠬᠡᠷᠬᠢᠨ ᠪᠠᠶᠠᠵᠢᠭᠤᠯᠬᠤ ᠪᠣᠯ ᠮᠢᠨᠤ ᠲᠣᠰᠬᠤᠨ ᠳᠤ ᠰᠠᠭᠤᠵᠤ ᠪᠠᠶᠢᠭᠰᠠᠨ ᠬᠤᠭᠤᠴᠠᠭᠠᠨ ᠳᠤ ᠪᠣᠳᠣᠯᠬᠢᠯᠠᠭᠰᠠᠭᠠᠷ ᠢᠷᠡᠭᠰᠡᠨ ᠠᠰᠠᠭᠤᠳᠠᠯ ᠪᠣᠯᠣᠨ᠎ᠠ᠂ ᠬᠤᠵᠢᠮ ᠨᠢ ᠲᠠᠰᠤᠷᠠᠯᠲᠠ ᠦᠭᠡᠢ ᠦᠢᠯᠡᠳᠦᠯᠭᠡᠵᠢᠭᠦᠯᠬᠦ ᠪᠠᠷ ᠳᠠᠮᠵᠢᠨ᠂ ᠲᠣᠰᠬᠤᠨ ᠲᠠᠢ ᠣᠯᠣᠯᠴᠠᠵᠤ᠂ ᠠᠵᠢᠯᠯᠠᠬᠤ ᠠᠩᠭᠢ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠬᠦ᠂ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠲᠥᠯᠥᠭᠡ ᠤᠴᠢᠷ ᠶᠠᠪᠤᠳᠠᠯ ᠪᠦᠲᠦᠭᠡᠬᠦ ᠳᠤ ᠦᠢᠯᠡᠴᠢᠯᠡᠬᠦ ᠵᠡᠷᠭᠡ ᠠᠴᠠ ᠠᠵᠢᠯ ᠢᠶᠠᠨ ᠲᠠᠰᠤᠷᠠᠯᠲᠠ ᠦᠭᠡᠢ ᠥᠷᠨᠢᠭᠦᠯᠵᠡᠢ︾ ᠭᠡᠵᠦ ᠬᠡᠯᠡᠪᠡ᠃
   2023 ᠣᠨ ᠤ ᠡᠬᠢ ᠪᠠᠷ᠂ ᠦ᠋ ᠹᠧᠢ ᠹᠧᠢ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠬᠠᠮᠲᠤᠷᠠᠭᠰᠠᠨ ᠲᠣᠰᠬᠤᠨ ᠤ ︽ᠬᠤᠶᠠᠷ ᠵᠥᠪᠯᠡᠯ︾ ᠢ ᠳᠠᠭᠠᠭᠤᠯᠤᠨ ᠪᠦᠬᠦ ᠲᠣᠰᠬᠤᠨ ᠳᠤ ᠰᠢᠰᠲ᠋ᠧᠮ ᠲᠠᠢ ᠪᠠᠶᠢᠴᠠᠭᠠᠯᠲᠠ ᠬᠢᠵᠦ᠂ ᠾᠧ ᠹᠠ ᠲᠣᠰᠬᠤᠨ ᠤ 72 ᠡᠷᠦᠬᠡ ᠶᠢᠨ ᠲᠠᠷᠢᠮᠠᠯ ᠤᠨ ᠡᠷᠦᠬᠡ ᠶᠢᠨ 41 ᠲᠣᠮᠣ ᠫᠧᠩ ᠢ ᠰᠢᠨᠡᠳᠬᠡᠨ ᠥᠭᠡᠷᠡᠴᠢᠯᠡᠵᠦ᠂ ᠬᠦᠯᠡᠮᠵᠢ ᠶᠢᠨ ᠬᠦᠯᠡᠮᠵᠢ᠂ ᠬᠦᠯᠡᠮᠵᠢ ᠶᠢᠨ ᠪᠦᠷᠬᠦᠪᠴᠢ᠂ ᠬᠥᠨᠵᠢᠯᠡ ᠣᠷᠢᠶᠠᠬᠤ ᠮᠠᠰᠢᠨ ᠵᠡᠷᠭᠡ ᠢᠵᠢ ᠪᠦᠷᠢᠨ ᠲᠥᠬᠦᠭᠡᠷᠦᠮᠵᠢ ᠶᠢ ᠰᠣᠯᠢᠬᠤ ᠶᠢᠨ ᠬᠠᠮᠲᠤ ᠬᠢᠩᠭᠠᠨ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠲᠤᠳᠬᠠᠨ ᠥᠷᠭᠡᠳᠬᠡᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ︽ᠵᠢᠷᠭᠤᠭᠠᠨ ᠵᠦᠢᠯ ᠤᠨ ᠠᠷᠭ᠎ᠠ ᠬᠡᠮᠵᠢᠶ᠎ᠡ︾ ᠶᠢ ᠬᠡᠷᠡᠭᠵᠢᠭᠦᠯᠵᠦ᠂ ᠬᠦᠯᠡᠮᠵᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠦᠯᠡᠮᠵᠢ ᠶᠢᠨ ᠲᠣᠣᠷᠯᠢᠭ ᠬᠡᠮᠬᠡ ᠶᠢᠨ ᠲᠠᠷᠢᠮᠠᠯ ᠢ ᠳᠡᠯᠭᠡᠷᠡᠭᠦᠯᠵᠦ᠂ ᠲᠣᠰᠬᠤᠨ ᠤ ᠠᠷᠠᠳ ᠲᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠣᠯᠵᠤ ᠥᠭᠴᠡᠢ᠃ ᠲᠣᠣᠷᠯᠢᠭ ᠬᠡᠮᠬᠡ ᠲᠠᠢ ᠭᠤᠸᠠ ᠪᠣᠯᠪᠠᠰᠤᠷᠠᠭᠰᠠᠨ ᠤ ᠳᠠᠷᠠᠭ᠎ᠠ᠂ ᠬᠠᠪᠰᠤᠷᠤᠨ ᠲᠡᠳᠬᠦᠬᠦ ᠨᠢᠭᠡᠴᠡ ᠲᠠᠢ ᠢᠳᠡᠪᠬᠢᠲᠡᠢ ᠨᠡᠪᠲᠡᠷᠡᠯᠴᠡᠵᠦ᠂ ᠾᠧ ᠹᠠ ᠲᠣᠰᠬᠤᠨ ᠤ 17 ᠡᠷᠦᠬᠡ ᠲᠠᠷᠢᠮᠠᠯ ᠤᠨ ᠡᠷᠦᠬᠡ ᠶᠢ ᠬᠡᠷᠡᠭᠯᠡᠭᠡᠨ ᠤ ᠬᠠᠪᠰᠤᠷᠤᠨ ᠲᠡᠳᠬᠦᠬᠦ ᠠᠷᠭ᠎ᠠ ᠵᠠᠮ ᠢᠶᠠᠷ ᠳᠠᠮᠵᠢᠭᠤᠯᠤᠨ᠂ ᠬᠥᠮᠥᠨ ᠳᠤᠮᠳᠠᠴᠢ ᠶᠢᠨ ᠣᠷᠣᠯᠭ᠎ᠠ ᠶᠢ 3000 ᠲᠥᠭᠦᠷᠢᠭ ᠣᠷᠴᠢᠮ ᠨᠡᠮᠡᠭᠳᠡᠭᠦᠯᠦᠨ᠎ᠡ᠃ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠤ ᠲᠠᠷᠢᠮᠠᠯ ᠤᠨ ᠡᠷᠦᠬᠡ ᠾᠧᠦ ᠬᠤᠩ ᠵᠠᠩ᠄ ︽ᠵᠤᠨ ᠤ ᠤᠯᠠᠷᠢᠯ ᠳᠤ ᠲᠣᠣᠷᠯᠢᠭ ᠬᠡᠮᠬᠡ ᠲᠠᠢ ᠭᠤᠸᠠ ᠳᠠᠷᠢᠵᠠᠢ᠂ ᠭᠤᠸᠠ ᠠᠮᠲᠠᠲᠠᠢ᠂ ᠪᠡᠶ᠎ᠡ ᠨᠢ ᠴᠦ ᠭᠦᠢᠴᠡᠨ᠎ᠡ᠂ ᠦ᠋ ᠱᠦᠵᠢ ᠪᠢᠳᠡᠨ ᠳᠤ ᠬᠠᠪᠰᠤᠷᠤᠨ ᠪᠣᠷᠣᠯᠠᠭᠤᠯᠵᠤ ᠥᠭᠴᠡᠢ᠂ ᠡᠨᠡ ᠡᠪᠦᠯ ᠪᠠᠰᠠ ᠭᠦᠵᠡᠯᠵᠡᠭᠡᠨ᠎ᠡ ᠳᠠᠷᠢᠵᠠᠢ᠂ ᠦ᠋ ᠱᠦᠵᠢ ᠪᠠᠰᠠ ᠢᠷᠡᠵᠦ ᠪᠢᠳᠡᠨ ᠳᠤ ᠤᠬᠠᠭᠤᠯᠭ᠎ᠠ ᠬᠢᠵᠦ᠂ ᠭᠦᠵᠡᠯᠵᠡᠭᠡᠨ᠎ᠡ ᠬᠤᠳᠠᠯᠳᠤᠬᠤ ᠳᠤ ᠬᠠᠪᠰᠤᠷᠤᠨ᠎ᠠ᠂ ᠤᠳᠤ ᠡᠳᠦᠷ ᠪᠣᠯᠭᠠᠨ ᠢᠷᠡᠵᠦ ᠲᠡᠭᠦᠳᠡᠭ ᠬᠥᠮᠥᠨ ᠴᠦ ᠮᠠᠰᠢ ᠤᠯᠠᠨ᠂ ᠡᠨᠡ ᠵᠢᠯ ᠤᠨ ᠠᠰᠢᠭ ᠣᠷᠣᠯᠭ᠎ᠠ ᠥᠩᠭᠡᠷᠡᠭᠰᠡᠨ ᠵᠢᠯ ᠤᠳ ᠠᠴᠠ ᠬᠤᠯᠠ ᠰᠠᠶᠢᠨ ᠪᠠᠶᠢᠨ᠎ᠠ︾ ᠭᠡᠵᠦ ᠬᠡᠯᠡᠵᠡᠢ᠃    ᠭᠠᠴᠠᠭᠠᠨ ᠤ ᠠᠷᠠᠳ ᠤᠨ ᠪᠠᠶᠠᠵᠢᠭᠰᠠᠨ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠭᠦᠷ ᠢ ᠦᠵᠡᠨ᠎ᠡ᠃ ᠦ᠋ ᠹᠧᠢ ᠹᠧᠢ ᠶᠢᠨ ᠦᠵᠡᠬᠦ ᠪᠠᠷ᠂ ᠭᠠᠭᠴᠠᠬᠦ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠦᠴᠦᠨ᠂ ᠨᠢᠭᠲᠠᠷᠠᠭᠤᠯᠬᠤ ᠬᠦᠴᠦᠨ᠂ ᠤᠷᠢᠶᠠᠯᠠᠬᠤ ᠬᠦᠴᠦᠨ ᠢ ᠳᠡᠭᠡᠭᠰᠢᠯᠡᠭᠦᠯᠪᠡᠯ ᠰᠠᠢᠢ ᠤᠯᠠᠨ ᠲᠦᠮᠡᠨ ᠳᠤ ︽ᠲᠦᠰᠢᠭ ᠲᠤᠯᠭᠠᠭᠤᠷᠢ︾ ᠲᠠᠢ ᠪᠣᠯᠵᠤ ᠴᠢᠳᠠᠨ᠎ᠠ᠃    ᠡᠨᠡ ᠬᠤᠶᠠᠷ ᠵᠢᠯ ᠤᠨ ᠠᠵᠢᠯ ᠤᠨ ᠥᠩᠭᠡᠷᠡᠯᠲᠡ ᠪᠠᠨ ᠡᠷᠭᠢᠴᠡᠭᠦᠯᠬᠦ ᠳᠡᠭᠡᠨ᠂ ᠦ᠋ ᠹᠧᠢ ᠹᠧᠢ᠄ ︽ᠲᠣᠰᠬᠤᠨ ᠳᠤ ᠰᠠᠭᠤᠬᠤ ᠬᠤᠭᠤᠴᠠᠭᠠᠨ ᠳᠤ᠂ ᠪᠢ ᠠᠵᠢᠯᠯᠠᠬᠤ ᠠᠩᠭᠢ ᠲᠠᠢ ᠪᠠᠨ ᠬᠠᠮᠲᠤ ᠲᠣᠮᠢᠯᠠᠨ ᠰᠠᠭᠤᠯᠭᠠᠭᠰᠠᠨ ᠨᠢᠭᠡᠴᠡ ᠠᠴᠠ ᠢᠳᠡᠪᠬᠢᠲᠡᠢ ᠵᠢᠭᠠᠪᠤᠷᠢ ᠠᠪᠴᠤ ᠬᠠᠷᠢᠭᠤ ᠮᠡᠳᠡᠭᠦᠯᠦᠯᠲᠡ ᠬᠢᠵᠦ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠳᠤᠷᠢᠳᠤᠯᠭ᠎ᠠ ᠶᠢᠨ ᠬᠦᠴᠦᠲᠡᠢ ᠳᠡᠮᠵᠢᠯᠭᠡ ᠶᠢ ᠣᠯᠵᠤ᠂ ᠾᠧ ᠹᠠ ᠲᠣᠰᠬᠤᠨ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠦᠷᠦᠭᠡ ᠶᠢ ᠲᠡᠰ ᠳᠡᠪᠰᠢᠭᠦᠯᠦᠨ ᠥᠭᠡᠷᠡᠴᠢᠯᠡᠵᠦ᠂ ᠨᠡᠶᠢᠲᠡ 120 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠲᠣᠰᠬᠤᠨ ᠤ ᠳᠦᠷᠰᠦ ᠪᠠᠶᠢᠳᠠᠯ ᠢ ᠲᠤᠶᠢᠯ ᠤᠨ ᠶᠡᠭᠡ ᠪᠠᠷ ᠳᠡᠭᠡᠭᠰᠢᠯᠡᠭᠦᠯᠵᠡᠢ᠃ ᠳᠠᠷᠠᠭᠠᠴᠢ ᠶᠢᠨ ᠠᠯᠬᠤᠮ ᠳᠤ ᠪᠢᠳᠡ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠣᠰᠬᠤᠨ ᠤ ᠠᠷᠠᠳ ᠤᠨ ᠶᠠᠪᠤᠳᠠᠯ   ᠢ ᠥᠪᠡᠷ ᠤᠨ ᠶᠠᠪᠤᠳᠠᠯ ᠪᠣᠯᠭᠠᠨ᠂ ᠬᠠᠪᠰᠤᠷᠤᠨ ᠲᠡᠳᠬᠦᠬᠦ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠠᠵᠤ ᠦᠢᠯᠡᠰ ᠤᠨ ᠬᠥᠭᠵᠢᠯ ᠪᠠᠳᠠᠷᠠᠯ᠂ ᠲᠣᠰᠬᠤᠨ ᠤ ᠣᠷᠣᠨ ᠰᠠᠭᠤᠴᠠ   ᠶᠢᠨ ᠡᠶ᠎ᠡ ᠨᠠᠶᠢᠷᠠᠮᠳᠠᠭᠤ ᠪᠠᠶᠢᠬᠤ   ᠶᠢ ᠠᠬᠢᠭᠤᠯᠤᠨ᠎ᠠ︾ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号